ᠲᠠᠯ᠎ᠠ ᠨᠤᠳᠤᠭ ᠤᠨ ᠤᠶᠠᠩᠭ᠎ᠠ ᠲᠠᠭᠤᠤ ᠭᠦᠢᠯᠢᠨ ᠤ ᠠᠭᠤᠯᠠ ᠤᠰᠤᠨ ᠳᠤ ᠴᠤᠤᠷᠢᠶᠠᠳᠠᠯ᠎ᠠ
ᠨᠡᠶᠢᠲᠡᠯᠡᠭᠰᠡᠨ ᠴᠠᠭ᠄
2023/10/28
      10 ᠰᠠᠷ᠎ᠠ ᠶᠢᠨ28 ᠤ ᠡᠳᠦᠷ᠂ ︽ᠰᠦᠷᠯᠢᠭ ᠰᠠᠶᠢᠬᠠᠨ ᠭᠤᠸᠠᠩᠰᠢ᠂ ᠲᠡᠯᠡᠬᠡᠢ ᠳ᠋ᠠᠬᠢᠨ ᠢ ᠬᠠᠩᠭᠢᠨᠠᠭᠤᠯᠤᠶ᠎ᠠ ︾ ᠭᠡᠬᠦ ᠤᠯᠠᠨ ᠤᠯᠤᠰ ᠤᠨ ᠨᠠᠶᠢᠷᠠᠯ ᠲᠠᠭᠤᠤ ᠶᠢᠨ ᠨᠠᠶᠢᠷ ᠭᠦᠢᠯᠢᠨ ᠬᠤᠳᠠ ᠳᠤ ᠦᠪᠡᠳᠡᠭᠰᠢ ᠶᠡᠭᠡ ᠪᠠᠷ ᠶᠠᠪᠤᠭᠳᠠᠪᠠ ᠃ ᠮᠠᠨ ᠤ ᠬᠤᠰᠢᠭᠤᠨ ᠠᠴᠠ ᠤᠷᠤᠯᠴᠠᠭᠰᠠᠨ ︽ᠲᠠᠶᠠᠩ︾ ᠨᠠᠶᠢᠷᠠᠯ ᠲᠠᠭᠤᠤ ᠶᠢᠨ ᠪᠦᠯᠬᠦᠮ ᠨᠢ ᠬᠦᠭᠵᠢᠮ ᠤᠨ ᠬᠠᠪᠰᠤᠷᠤᠯᠭ᠎ᠠ ᠦᠭᠡᠢ ᠨᠠᠶᠢᠷᠠᠯ ᠲᠠᠭᠤᠤ ︽ᠦᠵᠡᠰᠭᠦᠯᠡᠩᠳᠦ ᠰᠠᠶᠢᠬᠠᠨ ᠮᠢᠨᠤ ᠨᠤᠳᠤᠭ︾᠂ ︽  ᠨᠠᠢᠮᠠᠨ ᠰᠢᠷᠭ᠎ᠠ  ᠶᠢᠨ ᠮᠠᠭᠳᠠᠭᠠᠯ︾ ᠢᠶᠠᠷ ᠢᠶᠠᠨ ᠲᠤᠰ ᠣᠳᠠᠭᠠᠨ ᠤ ᠤᠷᠤᠯᠳᠤᠭᠠᠨ ᠳᠤ ᠦᠨᠳᠦᠷ ᠤᠨᠤᠭ᠎ᠠ ᠪᠠᠷ ᠲᠡᠷᠢᠭᠦᠯᠡᠵᠦ᠂ ᠪᠦᠯᠬᠦᠮ ᠤᠨ ᠬᠦᠭᠵᠢᠮ ᠤᠨ ᠵᠢᠯᠤᠭᠤᠳᠤᠭᠴᠢ ᠡᠦ ᠴᠢᠩ ᠮᠢᠩ ︽ᠰᠢᠯᠢᠳᠡᠭ ᠵᠢᠯᠤᠭᠤᠳᠤᠭᠴᠢ ᠶᠢᠨ ᠱᠠᠩᠨᠠᠯ︾ ᠢ ᠬᠦᠷᠳᠡᠪᠡ᠃
微信图片_20231031092429.jpg     
      ᠪᠤᠭᠤᠳᠦ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠭᠤᠤ ᠤᠷᠠᠯᠢᠭ ᠲᠤ ᠪᠠᠭ᠋ᠠᠳᠠᠢ ᠠᠵᠢᠯ ᠠᠴᠠ ᠪᠠᠨ ᠠᠮᠠᠷᠠᠭᠰᠠᠨ ᠠᠵᠢᠯᠳᠠᠨ ᠢᠶᠠᠷ ᠪᠦᠷᠢᠯᠳᠦᠭᠰᠡᠨ ᠲᠤᠰ ᠨᠠᠶᠢᠷᠠᠯ ᠲᠠᠭᠤᠤ ᠶᠢᠨ ᠪᠦᠯᠬᠦᠮ ᠨᠢ ᠡᠨᠡ ᠵᠢᠯ  ᠤᠨ4 ᠰᠠᠷ᠎ᠠ ᠳᠤ ᠦᠪᠦᠷ ᠮᠤᠩᠭᠤᠯ ᠤᠨ ᠦᠨᠳᠦᠰᠦᠳᠡᠨ ᠤ ᠵᠦᠴᠦᠭᠡ ᠶᠢᠨ ᠬᠦᠷᠢᠶᠡᠯᠡᠩ ᠤᠨ ᠤᠯᠤᠰ ᠤᠨ ᠨᠢᠭᠡᠳᠦᠭᠡᠷ ᠲᠡᠰ ᠤᠨ ᠲᠤᠭᠯᠠᠭᠴᠢ ᠡᠦ ᠴᠢᠩ ᠮᠢᠩ ᠪᠠᠭᠰᠢ ᠶᠢᠨ ᠲᠠᠭᠠᠭᠤᠯᠭ᠎ᠠ ᠪᠠᠷ ᠪᠠᠶᠢᠭᠤᠯᠤᠭᠳᠠᠵᠦ᠂ ᠤᠳᠤᠬᠠᠨ  ᠳᠤ ᠨᠡᠶᠢᠳᠡ55 ᠬᠡᠰᠢᠬᠦᠨ ᠲᠠᠢ᠃ ᠪᠠᠶᠢᠭᠤᠯᠤᠭᠳᠠᠭᠰᠠᠨ ᠠᠴᠠ ᠪᠠᠨ ᠨᠠᠰᠢ ᠤᠷᠢᠳ ᠬᠤᠵᠢᠳ ︽ᠪᠤᠭᠤᠳᠦ ᠬᠤᠳᠠ  ᠶᠢᠨ ᠡᠮᠡᠭᠳᠡᠶᠢᠴᠤᠳ ᠤᠨ ᠲᠠᠭᠤᠨ︾ ᠰᠢᠷᠢᠰ ᠠᠵᠢᠯᠯᠠᠭ᠎ᠠ᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠳᠤᠭᠠᠷ ᠬᠤᠭᠤᠴᠠᠭᠠᠨ ᠤ ᠰᠤᠶᠤᠯ ᠵᠢᠭᠤᠯᠴᠢᠯᠠᠯ ᠤᠨ ᠨᠠᠶᠢᠷ ᠵᠢᠴᠢ ᠭᠤᠴᠢᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠤᠨ ᠡᠬᠢᠯᠡᠯᠳᠡ ᠶᠢᠨ ᠦᠳᠡᠰᠢᠯᠡᠭᠡ︾ ᠵᠡᠷᠭᠡ ᠤᠯᠠᠨ ᠲᠠᠯᠠᠪᠤᠷ ᠬᠦᠳᠡᠯᠭᠡᠭᠡᠨ ᠳᠤ ᠤᠷᠤᠯᠴᠠᠭᠰᠠᠨ ᠪᠦᠭᠡᠳ ︽ᠠᠩᠬᠠᠳᠤᠭᠠᠷ ᠬᠤᠭᠤᠴᠠᠭᠠᠨ ᠤ ᠲᠤᠮᠳᠠᠳᠦ ᠤᠯᠤᠰ ᠤᠨ ᠪᠤᠭᠤᠳᠦ ᠶᠢᠨ ᠬᠠᠳᠣᠨ ᠭᠤᠤᠯ  ᠤᠨ ᠨᠠᠶᠢᠷᠠᠯ ᠲᠠᠭᠤᠤ ᠶᠢᠨ ᠨᠠᠶᠢᠷ︾ ᠲᠤ ᠢᠳᠡᠷ ᠦᠳᠡᠯᠦᠭᠡ ᠨᠠᠰᠤᠨ ᠤ ᠲᠤᠭᠤᠶᠢᠯᠠᠩ ᠤᠨ ᠮᠦᠩᠭᠦᠨ ᠮᠧᠳᠠᠯ ᠬᠦᠷᠳᠡᠭᠰᠡᠨ ᠪᠠᠶᠢᠨ᠎ᠠ᠃
微信图片_20231031092435.jpg     
      ᠲᠠᠯ᠎ᠠ ᠨᠤᠳᠤᠭ ᠤᠨ ᠬᠦᠪᠡᠭᠦᠳ ᠦᠬᠢᠳ ᠤᠨ ᠰᠡᠳᠭᠢᠯ ᠠᠴᠠ ᠤᠶᠠᠩᠭᠠᠷᠠᠭᠰᠠᠨ ᠡᠨᠡᠬᠦ ᠰᠠᠶᠢᠬᠠᠨ ᠲᠠᠭᠤᠤ  ᠨᠢ ᠦᠵᠡᠭᠴᠢ ᠬᠢᠨᠠᠭᠴᠢ ᠶᠢᠨ ᠦᠨᠳᠦᠷ ᠦᠨᠡᠯᠡᠯᠭᠡ ᠶᠢ ᠤᠯᠤᠭᠰᠠᠨ ᠢᠶᠠᠷ ᠪᠠᠷᠠᠬᠤ ᠦᠭᠡᠢ ᠨᠡᠩ ᠤᠯᠠᠨ ᠬᠦᠮᠦᠰ ᠲᠤ ᠤᠮᠠᠷᠠᠳᠦ ᠬᠢᠯᠢ ᠶᠢᠨ ᠰᠤᠶᠤᠯ ᠢ ᠤᠶᠢᠯᠠᠭᠠᠭᠤᠯᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠠᠨ ᠰᠤᠷᠳᠠᠯᠴᠢᠯᠠᠨ ᠤᠬᠠᠭᠤᠯᠤᠭᠰᠠᠨ ᠪᠠᠶᠢᠨ᠎ᠠ᠃
微信图片_20231031092441.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号