ᠲᠠᠷᠬᠠᠨ ᠮᠤᠤᠤᠮᠢᠩᠭᠠᠨ ᠬᠤᠯᠪᠤᠭᠠᠳᠦ ᠬᠤᠰᠢᠭᠤᠨ ᠤ ᠲᠦᠮᠡᠨ ᠮᠤ᠋ ᠬᠤᠨᠴᠢᠷ ᠲᠠᠬᠢᠨᠳᠠ ᠡᠯᠪᠡᠭ ᠬᠤᠷᠢᠶᠠᠯᠳᠠ ᠤᠯᠪᠠ
ᠨᠡᠶᠢᠲᠡᠯᠡᠭᠰᠡᠨ ᠴᠠᠭ᠄
2023/10/30
      ᠬᠤᠨᠴᠢᠷ ᠢ ᠪᠠᠰᠠ ︽ᠵᠢᠵᠢᠭ ᠤᠷᠬᠤᠳᠠᠢ︾ ᠭᠡᠳᠡᠭ᠂ ᠡᠪᠡᠳᠴᠢᠨ ᠢ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ ᠮᠠᠰᠢ ᠰᠠᠶᠢᠨ ᠦᠢᠯᠡᠳᠦᠯ ᠲᠠᠢ᠂ ᠨᠢᠭᠡᠨᠳᠡ2000 ᠭᠠᠷᠤᠢ ᠵᠢᠯ ᠤᠨ ᠡᠮ ᠳᠤ ᠬᠡᠷᠡᠭᠯᠡᠭᠰᠡᠨ ᠲᠡᠥᠬᠡ  ᠲᠠᠢ ᠪᠠᠶᠢᠵᠦ᠂ ᠪᠡᠶ᠎ᠡ ᠮᠠᠬᠠᠪᠤᠳ ᠤᠨ ᠡᠭᠡᠯᠢᠯᠡᠭᠡ ᠶᠢᠨ ᠴᠢᠳᠠᠪᠤᠷᠢ ᠶᠢ ᠨᠠᠮᠡᠭᠳᠡᠭᠦᠯᠬᠦ᠂ ᠡᠯᠢᠭᠡ ᠶᠢ ᠬᠠᠮᠠᠭᠠᠯᠠᠬᠤ᠂ ᠦᠳᠡᠯᠬᠦ ᠶᠢ ᠡᠰᠡᠷᠭᠦᠴᠡᠬᠦ ᠵᠡᠷᠭᠡ ᠦᠢᠯᠡᠳᠦᠯ ᠲᠠᠢ ᠶᠤᠮ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠦᠷᠦᠰᠦ ᠰᠢᠷᠦᠢ ᠠᠭᠤᠷ ᠠᠮᠢᠰᠭᠤᠯ ᠨᠢ ᠬᠤᠨᠴᠢᠷ ᠲᠠᠷᠢᠬᠤ ᠳᠤ ᠮᠠᠰᠢ ᠲᠤᠬᠢᠷᠠᠮᠵᠢᠳᠠᠢ ᠪᠠᠶᠢᠵᠦ᠂ ᠲᠠᠷᠢᠭᠰᠠᠨ ᠬᠤᠨᠴᠢᠷ ᠨᠢ ᠴᠤ ᠴᠢᠨᠠᠷ ᠰᠠᠶᠢᠨ ᠬᠢᠳᠠᠳ ᠡᠮ ᠤᠨ ᠮᠠᠲ᠋ᠧᠷᠢᠶᠠᠯ ᠪᠤᠯᠤᠭᠰᠠᠨ ᠪᠠᠶᠢᠨ᠎ᠠ᠃
微信图片_20231031101951.png
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠪᠡᠷᠬᠦᠷᠢᠶ᠎ᠡ ᠪᠠᠯᠭᠠᠰᠤᠨ ᠤ ᠬᠤᠩ ᠱᠠᠨ ᠽᠢ ᠲᠤᠰᠬᠤᠨ ᠳᠤ᠂ ᠬᠠᠳᠤᠵᠦ ᠬᠤᠷᠢᠶᠠᠬᠤ ᠮᠠᠰᠢᠨ ᠬᠤᠨᠴᠢᠷ ᠤᠨ ᠲᠠᠷᠢᠶᠠᠨ ᠳᠤ ᠨᠠᠭᠠᠰᠢ ᠴᠠᠭᠠᠰᠢ ᠰᠦᠯᠵᠢᠯᠳᠦᠨ ᠬᠤᠨᠴᠢᠷ ᠬᠤᠷᠢᠶᠠᠵᠦ᠂ ᠡᠨᠡ ᠵᠢᠯ ᠬᠡᠳᠦᠶᠢᠪᠡᠷ ᠶᠡᠭᠡ ᠭᠠᠩ ᠲᠠᠢ ᠵᠢᠯ ᠪᠤᠯᠪᠠᠴᠦ᠂ ᠬᠤᠨᠴᠢᠷ ᠡᠯᠪᠡᠭ ᠬᠤᠷᠢᠶᠠᠯᠳᠠ ᠤᠯᠵᠦ᠂ ᠪᠢᠳᠡ ᠨᠠᠮ ᠤᠨ ᠡᠭᠦᠷ ᠤᠨ ᠲᠠᠭᠠᠭᠤᠯᠤᠨ ᠡᠷᠬᠢᠯᠡᠭᠰᠡᠨ ᠬᠤᠷᠰᠢᠶᠠᠵᠢᠯ ᠤᠨ ᠲᠠᠭᠠᠭᠤᠯᠭ᠎ᠠ ᠪᠠᠷ255 ᠮᠤ᠋ ᠬᠤᠨᠴᠢᠷ ᠲᠠᠷᠢᠵᠦ᠂ ᠮᠤ᠋ ᠪᠦᠷᠢ ᠶᠢᠨ ᠤᠷᠤᠯᠭ᠎ᠠ ᠨᠢ2000 ᠲᠦᠭᠦᠷᠢᠭ ᠬᠦᠷᠬᠦ ᠪᠤᠯᠤᠨ᠎ᠠ︾ ᠭᠡᠵᠦ ᠰᠢᠪᠡᠷᠬᠦᠷᠢᠶ᠎ᠡ ᠪᠠᠯᠭᠠᠰᠤᠨ ᠤ ᠬᠤᠩ ᠱᠠᠨ ᠽᠢ ᠲᠤᠰᠬᠤᠨ ᠤ ᠵᠦᠪᠯᠡᠯ ᠤᠨ ᠱᠦᠵᠢ᠂ ᠡᠷᠬᠢᠯᠡᠭᠴᠢ ᠹᠠᠨ ᠡᠯ ᠬᠠᠢ ᠬᠡᠯᠡᠭᠰᠡᠨ ᠪᠠᠶᠢᠨ᠎ᠠ
微信图片_20231031101954.png
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠬᠡᠷᠬᠤᠳᠳᠤᠭ ᠪᠠᠯᠭᠠᠰᠤ ᠶᠢᠨ ᠳ᠋ᠦᠩ ᠾᠧ ᠲᠤᠰᠬᠤᠨ ᠳᠤ᠂ ᠬᠤᠨᠴᠢᠷ ᠬᠤᠷᠢᠶᠠᠬᠤ ᠮᠠᠰᠢᠨ ᠢᠶᠠᠷ ᠲᠤᠮᠤ ᠬᠡᠭᠴᠢ ᠶᠢᠨ ᠬᠤᠨᠴᠢᠷ ᠢ ᠤᠷᠪᠠᠭᠤᠯᠤᠨ ᠭᠠᠷᠭᠠᠵᠦ᠂ ᠦᠬᠡᠷᠬᠤᠳᠳᠤᠭ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠱᠢ ᠭᠠᠩ ᠬᠤᠨᠴᠢᠷ ᠤᠨ ᠬᠤᠳᠠᠯᠳᠤᠭᠠᠴᠢᠨ ᠳᠤ ᠲᠠᠨᠢᠯᠴᠠᠭᠤᠯᠬᠤ ᠳᠤ ᠪᠠᠨ ︽ᠡᠨᠡ ᠵᠢᠯ ᠦᠬᠡᠷᠬᠤᠳᠳᠤᠭ ᠪᠠᠯᠭᠠᠰᠤᠨ ᠳᠤ1.2 ᠲᠦᠮᠡᠨ ᠮᠤ᠋ ᠬᠤᠨᠴᠢᠷ ᠲᠠᠷᠢᠵᠦ᠂ ᠤᠷᠭᠤᠯᠳᠠ ᠨᠢ ᠮᠠᠰᠢ ᠰᠠᠶᠢᠨ᠂ ᠲᠠᠷᠠᠭ᠎ᠠ ᠵᠢᠯ ᠪᠢᠳᠡ ᠦᠷᠭᠦᠯᠵᠢᠯᠡᠨ ᠲᠠᠷᠢᠬᠤ ᠲᠠᠯᠠᠪᠠᠢ ᠪᠠᠨ ᠦᠷᠭᠡᠳᠭᠡᠬᠦ ᠪᠠᠷ ᠲᠦᠯᠦᠪᠯᠡᠵᠦ ᠪᠠᠶᠢᠨ᠎ᠠ᠂ ᠲᠠᠬᠢᠭᠠᠳ ᠬᠤᠨᠴᠢᠷ ᠬᠤᠷᠢᠶᠠᠪᠠᠯ ᠰᠢᠭᠤᠳ ᠦᠬᠡᠷᠬᠤᠳᠳᠤᠭ ᠪᠠᠯᠭᠠᠰᠤᠨ ᠳᠤ ᠢᠷᠡᠪᠡᠯ᠂ ᠲᠠᠨᠠᠷ ᠬᠦᠴᠦ ᠪᠠᠨ ᠠᠷᠪᠢᠯᠠᠬᠤ ᠮᠦᠷᠳᠡᠭᠡᠨ ᠪᠢᠳᠡ ᠪᠠᠰᠠ ᠰᠠᠶᠢᠨ ᠦᠨ᠎ᠡ ᠪᠠᠷ ᠬᠤᠳᠠᠯᠳᠦᠵᠦ ᠲᠡᠶᠢᠯᠦᠨ᠎ᠠ︾ ᠭᠡᠵᠡᠢ᠃
微信图片_20231031101941.jpg
      ᠨᠢᠭᠡ ᠠᠵᠦ ᠦᠢᠯᠡᠰ ᠢ ᠬᠦᠭᠵᠢᠭᠦᠯᠪᠡᠯ ᠨᠢᠭᠡ ᠨᠤᠳᠤᠭ ᠤᠨ ᠠᠷᠠᠳ ᠢᠷᠭᠡᠳ ᠢ ᠪᠠᠶᠠᠵᠢᠭᠤᠯᠤᠨ᠎ᠠ᠃ ᠤᠶᠢᠷ᠎ᠠ  ᠶᠢᠨ ᠵᠢᠯ ᠠᠴᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠤᠨ᠂ ᠤᠨᠴᠠᠯᠢᠭ ᠢᠶᠠᠨ ᠲᠤᠪᠤᠶᠢᠯᠠᠭᠠᠵᠦ᠂ ᠪᠤᠳᠠᠳᠠᠢ ᠳᠤ ᠰᠠᠭᠤᠷᠢᠯᠠᠨ᠂ ᠡᠬᠢ ᠪᠠᠶᠠᠯᠢᠭ ᠤᠨ ᠲᠠᠪᠤᠭᠤᠯᠢᠭ  ᠢᠶᠠᠨ ᠭᠦᠢᠴᠡᠳ ᠪᠠᠳᠠᠷᠠᠭᠤᠯᠵᠦ᠂ ᠲᠠᠷᠢᠶᠠᠯᠠᠩ ᠤᠨ ᠠᠵᠦ ᠦᠢᠯᠡᠰ ᠤᠨ ᠪᠦᠳᠦᠴᠡ ᠶᠢ ᠲᠠᠰᠤᠷᠠᠯᠳᠠ ᠦᠭᠡᠢ ᠲᠤᠬᠢᠷᠠᠭᠤᠯᠤᠨ ᠰᠢᠯᠢᠳᠡᠭᠵᠢᠭᠦᠯᠵᠦ᠂ ᠬᠤᠨᠴᠢᠷ᠂ ᠬᠦᠬᠦᠷᠭᠡᠨ᠎ᠡ ᠶᠢᠨ ᠦᠨᠳᠦᠰᠦ ᠵᠡᠷᠭᠡ ᠤᠨᠴᠠᠯᠢᠭᠳᠦ ᠬᠢᠳᠠᠳ ᠡᠮ  ᠤᠨ ᠮᠠᠲ᠋ᠧᠷᠢᠶᠠᠯ ᠤᠨ ᠲᠠᠷᠢᠮᠠᠯ ᠤᠨ ᠠᠵᠦ ᠦᠢᠯᠡᠰ ᠢ ᠶᠡᠬᠡᠪᠡᠷ ᠬᠦᠭᠵᠢᠭᠦᠯᠵᠦ᠂ ᠲᠠᠷᠢᠮᠠᠯ ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠰᠢᠨᠵᠢᠯᠡᠬᠦ ᠤᠬᠠᠭᠠᠨᠴᠢ ᠪᠠᠷ ᠬᠦᠭᠵᠢᠭᠦᠯᠬᠦ ᠶᠢ ᠠᠬᠢᠭᠤᠯᠵᠦ᠂ ᠲᠠᠷᠢᠶᠠᠯᠠᠩ ᠤᠨ ᠬᠦᠭᠵᠢᠯᠳᠡ ᠤᠷᠤᠯᠭ᠎ᠠ ᠶᠢᠨ ᠨᠡᠮᠡᠭᠳᠡᠯ ᠢ ᠪᠦᠳᠦᠮᠵᠢᠳᠡᠢ ᠠᠬᠢᠭᠤᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃
微信图片_20231031101944.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号