ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠢᠪᠡ
ᠨᠡᠶᠢᠲᠡᠯᠡᠭᠰᠡᠨ ᠴᠠᠭ᠄
2023/10/30
      10 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠵᠢᠴᠢ ᠠᠮᠤᠷ ᠠᠮᠤᠭᠤᠯᠠᠩ ᠳᠠᠷᠬᠠᠨ ᠮᠤᠤᠤᠮᠢᠩᠭᠠᠨ ᠬᠤᠯᠪᠤᠭᠠᠳᠦ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠ ᠬᠤᠰᠢᠭᠤᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠢᠶᠠᠩᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠴᠢᠶᠠᠩ ᠤᠨ ᠪᠦᠬᠦ ᠤᠯᠤᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ 10 ᠰᠠᠷ᠎ᠠ ᠶᠢᠨ 27 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠤ ᠦᠢᠯᠡᠰ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠣᠨᠴᠠᠭᠠᠶᠢᠯᠠᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠮᠦᠷ ᠤᠨ ᠬᠠᠶᠢᠯᠤᠰᠢ ᠵᠡᠷᠭᠡ ᠠᠵᠤ ᠦᠢᠯᠡᠰ ᠢ ᠲᠦᠷᠭᠡᠨ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠥᠨᠳᠥᠷ ᠲᠦᠪᠰᠢᠨ ᠢᠶᠠᠷ ᠠᠬᠢᠭᠤᠯᠬᠤ ᠬᠡᠷᠡᠭᠲᠡᠢ᠃ ᠪᠣᠳᠠᠲᠠᠶ ᠱᠠᠭᠠᠷᠳᠠᠯᠭ᠎ᠠ ᠶᠢ ᠭᠤᠤᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠡᠯᠪᠡᠷᠢᠴᠢ ᠦᠵᠡᠯ ᠢ ᠴᠢᠩᠭ᠎ᠠ ᠰᠡᠷᠭᠡᠶᠢᠯᠡᠬᠦ ᠬᠡᠷᠡᠭᠲᠡᠶ᠃      ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ ᠵᠣᠷᠢᠭ ᠰᠠᠨᠠᠭ᠎ᠠ ᠪᠣᠯᠤᠨ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠪᠣᠳᠠᠲᠠᠢ ᠳᠤ ᠰᠠᠭᠤᠷᠢᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠯᠡᠬᠦ ᠴᠡᠭ ᠪᠣᠯᠤᠨ ᠰᠢᠪᠲᠤᠯᠤᠯᠲᠠ ᠶᠢᠨ ᠴᠡᠭ ᠢ ᠣᠨᠣᠪᠴᠢᠲᠠᠢ ᠣᠯᠵᠤ᠂ ᠪᠣᠳᠠᠲᠠᠶᠢᠵᠢᠭᠤᠯᠵᠤ ᠪᠣᠯᠬᠤ᠂ ᠬᠡᠷᠡᠭᠵᠢᠭᠦᠯᠵᠦ ᠪᠣᠯᠬᠤ ᠨᠠᠶᠢᠳᠠᠪᠤᠷᠢᠵᠢᠭᠤᠯᠬᠤ ᠲᠥᠰᠦᠯ ᠠᠷᠭ᠎ᠠ ᠬᠡᠮᠵᠢᠶ᠎ᠡ ᠶᠢ ᠱᠠᠯᠠᠪᠳᠠᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠲᠠ ᠶᠢᠨ ᠭᠤᠷᠪᠠᠳᠤᠭᠠᠷ ᠤᠯᠠᠷᠢᠯ ᠤᠨ ᠴᠢᠬᠤᠯᠠ ᠶᠡᠭᠡ ᠲᠥᠷᠥᠯ ᠵᠦᠢᠯ ᠤᠨ ᠲᠣᠭᠤᠷᠢᠨ ᠦᠵᠡᠵᠦ ᠰᠢᠯᠭᠠᠨ ᠦᠨᠡᠯᠡᠬᠦ ᠬᠤᠷᠠᠯ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠪᠠᠶᠢᠳᠠᠯ ᠢ ᠪᠤᠰᠤᠳᠴᠢ ᠪᠠᠷ ᠵᠠᠳᠠᠯᠵᠤ᠂ ᠦᠨᠡᠨ ᠢ ᠪᠠᠷᠢᠮᠲᠠᠯᠠᠨ ᠵᠥᠷᠢᠶ᠎ᠡ ᠪᠠᠨ ᠡᠷᠢᠵᠦ᠂ ᠪᠥᠬᠦ ᠬᠦᠴᠦᠨ ᠢᠶᠠᠷ ᠢᠶᠠᠨ ᠰᠢᠨ᠎ᠡ ᠶᠢ ᠡᠭᠦᠳᠦᠨ ᠰᠢᠪᠲᠤᠯᠤᠯᠲᠠ ᠬᠢᠵᠦ᠂ ᠬᠤᠶᠠᠷ ᠤᠳᠠᠭᠠᠨ ᠤ ᠲᠥᠷᠥᠯ ᠵᠦᠢᠯ ᠤᠨ ᠦᠵᠡᠭᠦᠯᠦᠯᠭᠡ ᠶᠢᠨ ᠠᠮᠵᠢᠯᠲᠠ ᠪᠦᠲᠦᠮᠵᠢ ᠶᠢ ᠪᠠᠲᠤᠯᠠᠬᠤ ᠮᠥᠷᠲᠡᠭᠡᠨ ᠪᠠᠰᠠ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠬᠠᠷᠠᠵᠤ᠂ ᠭᠤᠤᠯᠳᠠᠯᠭ᠎ᠠ ᠶᠢ ᠠᠳᠬᠤᠨ᠂ ᠬᠤᠷᠳᠤᠴᠠ ᠶᠢ ᠲᠦᠷᠭᠡᠳᠬᠡᠵᠦ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠶ ᠪᠠᠷ ᠠᠰᠠᠭᠤᠳᠠᠯ ᠢ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠨᠡᠨ ᠪᠣᠳᠠᠲᠠᠶ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠦᠴᠢᠷ ᠠᠰᠠᠭᠤᠳᠠᠯ᠂ ᠲᠦᠭᠵᠢᠷᠡᠯ ᠢ ᠴᠢᠩᠭ᠎ᠠ ᠠᠩᠬᠠᠷᠴᠤ᠂ ︽ᠭᠤᠷᠪᠠᠨ ᠤᠯᠠᠨ ᠭᠤᠷᠪᠠᠨ ᠴᠥᠭᠡᠨ︾ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠡᠯ᠎ᠡ ᠲᠠᠯ᠎ᠠ ᠶᠢᠨ ᠠᠵᠢᠯ ᠤᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠦᠢᠯᠡᠳᠪᠦᠷᠢᠯᠡᠯ ᠢ ᠴᠢᠩᠭᠠᠳᠬᠠᠵᠤ᠂ ᠳ᠋ᠠ ᠮᠤᠤ ᠶᠢᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠤᠬᠠᠭᠤᠯᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠡᠷᠴᠢᠮ ᠢᠶᠠᠨ ᠴᠢᠩᠭᠠᠷᠠᠭᠤᠯᠤᠨ᠂ ᠨᠡᠶᠢᠲᠡᠯᠢᠭ ᠪᠣᠷᠣ ᠮᠠᠲ᠋ᠧᠷᠢᠶᠠᠯ ᠢ ᠴᠠᠭ ᠲᠤᠬᠠᠶ ᠳᠤᠨᠢ ᠬᠠᠩᠭᠠᠵᠤ᠂ ᠬᠦᠨᠳᠦ ᠲᠠᠢ᠂ ᠨᠥᠯᠥᠭᠡ ᠲᠠᠢ ᠤᠬᠠᠭᠤᠯᠭ᠎ᠠ ᠶᠢᠨ ᠬᠢᠯᠠᠰ ᠴᠡᠭ ᠢ ᠪᠣᠶ ᠪᠣᠯᠭᠠᠬᠤ ᠬᠡᠷᠡᠭᠲᠡᠶ᠃      ᠬᠤᠷᠠᠯ ᠠᠴᠠ ᠪᠠᠰᠠ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠵᠡᠷᠭᠡ ᠠᠵᠢᠯ ᠳᠤ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号