︽ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ | ᠰᠢᠨ᠎ᠡ ᠰᠢᠪᠲᠤᠯᠤᠯᠲᠠ ᠲᠠᠢ ᠪᠤᠯᠬᠤ ᠶᠢ ᠤᠯᠠᠮ ᠴᠢᠨᠠᠭᠰᠢᠳᠠ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠨᠦᠭᠦᠳ ᠤᠨ ᠲᠤᠬᠠᠢ ᠰᠠᠨᠠᠯ︾ ᠢ ᠬᠢᠨᠠᠨ ᠵᠥᠪᠯᠡᠵᠡᠢ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ | ᠫᠢᠩ ᠬᠤᠷᠠᠯ ᠢ ᠡᠷᠭᠢᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 10 ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ︽ᠰᠢᠨ᠎ᠡ | ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ | ᠰᠢᠪᠲᠤᠯᠤᠯᠲᠠ ᠲᠠᠢ ᠪᠤᠯᠬᠤ ᠶᠢ ᠤᠯᠠᠮ ᠴᠢᠨᠠᠭᠰᠢᠳᠠ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ | ᠲᠤᠬᠠᠢ ᠰᠠᠨᠠᠯ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ | ᠡᠷᠭᠢᠯᠡᠪᠡ᠃ | ᠬᠤᠷᠠᠯ ᠠᠴᠠ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠨᠠᠮ ᠤᠨ ᠲᠥᠪ | ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠃ ᠵᠡᠭᠦᠨ | ᠬᠤᠶᠢᠲᠤ ᠣᠷᠣᠨ ᠤ ᠡᠬᠢ ᠪᠠᠶᠠᠯᠢᠭ ᠤᠨ ᠨᠥᠬᠦᠴᠡᠯ ᠨᠡᠯᠢᠶᠡᠳ ᠰᠠᠶᠢᠨ᠂ ᠠᠵᠤ ᠦᠢᠯᠡᠰ ᠤᠨ ᠰᠠᠭᠤᠷᠢ ᠨᠡᠯᠢᠶᠡᠳ ᠵᠤᠵᠠᠭᠠᠨ᠂ | ᠣᠷᠣᠨ ᠪᠠᠶᠢᠷᠢ ᠶᠢᠨ ᠳᠠᠪᠠᠭᠤᠯᠢᠭ ᠣᠨᠴᠠᠭᠠᠢ᠂ ᠬᠥᠭᠵᠢᠯᠲᠡ ᠶᠢᠨ ᠲᠠᠯᠳᠠ ᠬᠦᠴᠦᠨ ᠯᠤᠲᠤ ᠶᠡᠭᠡ ᠪᠠᠶᠢᠵᠤ᠂ ᠤᠯᠤᠰ ᠤᠨ | ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠪᠠᠶᠢᠳᠠᠭ᠃ ᠡᠨᠡ ᠵᠢᠯ | ᠪᠣᠯ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 20 ᠵᠢᠯ ᠤᠨ | ᠤᠢ ᠪᠣᠯᠣᠨ᠎ᠠ᠂ ᠰᠢᠨ᠎ᠡ ᠴᠠᠭ ᠦᠶ᠎ᠡ ᠰᠢᠨ᠎ᠡ ᠠᠶᠠᠨ ᠳᠤ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠳᠤ᠂ ᠰᠢᠨ᠎ᠡ ᠴᠢᠬᠤᠯᠠ ᠶᠡᠭᠡ ᠠᠵᠠ ᠲᠣᠭᠢᠶᠠᠯ ᠲᠤᠯᠭᠠᠷᠠᠵᠤ ᠪᠠᠶᠢᠨ᠎ᠠ᠂ ᠠᠯᠢ ᠤᠯᠠᠨ | ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠬᠦ ᠨᠢ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠵᠡᠭᠦᠨ | ᠬᠤᠶᠢᠲᠤ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠡᠭᠦᠨ ᠬᠤᠶᠢᠲᠤ ᠣᠷᠣᠨ ᠤ ᠴᠢᠨᠠᠷ | ᠰᠠᠶᠢᠲᠠᠢ ᠬᠥᠭᠵᠢᠯᠲᠡ᠂ ᠦᠷᠭᠦᠯᠵᠢᠯᠡᠬᠦ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠤᠨ ︽ᠲᠠᠪᠤᠨ ᠶᠡᠭᠡ ᠠᠮᠤᠷ ᠲᠦᠪᠰᠢᠨ︾ ᠢ ᠬᠠᠮᠠᠭᠠᠯᠠᠬᠤ ᠳᠤᠮᠳᠠᠬᠢ ᠵᠡᠭᠦᠨ ᠬᠤᠶᠢᠲᠤ | ᠣᠷᠣᠨ ᠤ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ | ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ | ᠪᠠᠲᠤ ᠡᠵᠡᠮᠳᠡᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠡᠮᠵᠢᠬᠦ ᠡᠷᠴᠢᠮ ᠢᠶᠠᠨ | ᠴᠢᠩᠭᠠᠷᠠᠭᠤᠯᠬᠤ ᠪᠣᠯᠣᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠡᠭᠦᠨ | ᠬᠤᠶᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ | ᠤᠯᠠᠮᠵᠢᠯᠠᠯᠲᠤ ᠦᠢᠯᠡᠳᠬᠦ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠬᠥᠭᠵᠢᠯᠲᠡ ᠶᠢᠨ | ᠰᠢᠨ᠎ᠡ ᠬᠥᠳᠡᠯᠭᠡᠬᠦ ᠡᠨᠧᠷᠭᠢ ᠶᠢ ᠴᠢᠩᠭᠠᠳᠬᠠᠬᠤ ᠬᠡᠷᠡᠭᠲᠡᠢ᠃ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠵᠦ᠂ | ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ | ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠬᠤ ᠬᠡᠷᠡᠭᠲᠡᠢ᠃ ᠠᠮᠢ ᠠᠬᠤᠢ ᠶᠢᠨ | ᠬᠠᠮᠠᠭᠠᠯᠠᠯᠲᠠ ᠶᠢ ᠴᠢᠩᠭᠠᠳᠬᠠᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠣᠯ ᠳᠠᠷᠤᠢ ᠳᠠᠪᠠᠭᠤᠯᠢᠭ ᠢᠶᠠᠨ ᠨᠡᠮᠡᠭᠳᠡᠭᠦᠯᠵᠦ | ᠪᠠᠶᠢᠨ᠎ᠠ᠂ ᠤᠢ ᠰᠢᠭᠤᠢ ᠶᠢ ᠬᠠᠮᠠᠭᠠᠯᠠᠬᠤ ᠪᠣᠯ ᠳᠠᠷᠤᠢ ᠡᠳ᠋ ᠪᠠᠶᠠᠯᠢᠭ ᠢᠶᠠᠨ ᠬᠠᠮᠠᠭᠠᠯᠠᠵᠤ ᠪᠠᠶᠢᠨ᠎ᠠ ᠭᠡᠬᠦ ᠣᠶᠢᠯᠠᠭᠠᠭᠳᠠᠬᠤᠨ ᠢ | ᠪᠤᠢ ᠪᠤᠯᠭᠠᠵᠤ᠂ ᠤᠢ ᠳᠣᠲᠣᠷᠠᠬᠢ ᠠᠵᠤ ᠠᠬᠤᠢ᠂ ᠮᠥᠰᠥ ᠴᠠᠰᠤᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ | ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ | ᠰᠠᠯᠬᠢᠨ ᠬᠦᠴᠦ ᠪᠠᠷ ᠴᠠᠭᠢᠯᠭᠠᠨ ᠭᠠᠷᠭᠠᠬᠤ᠂ ᠭᠡᠷᠡᠯ ᠴᠠᠭᠢᠯᠭᠠᠨ᠂ ᠴᠥᠮ᠎ᠡ ᠶᠢᠨ ᠴᠠᠭᠢᠯᠭᠠᠨ ᠵᠡᠷᠭᠡ ᠴᠡᠪᠡᠷ | ᠡᠨᠧᠷᠭᠢ ᠶᠢ ᠲᠦᠷᠭᠡᠳᠬᠡᠨ ᠬᠥᠭᠵᠢᠭᠦᠯᠵᠦ᠂ ᠰᠠᠯᠬᠢ ᠭᠡᠷᠡᠯ ᠢᠯᠴᠢ ᠴᠥᠮ᠎ᠡ ᠶᠢᠨ ᠬᠠᠳᠠᠭᠠᠯᠠᠯᠲᠠ ᠶᠢ ᠨᠢᠭᠡ | ᠴᠣᠭᠴᠠᠵᠢᠭᠤᠯᠤᠭᠰᠠᠨ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠬᠤ ᠬᠡᠷᠡᠭᠲᠡᠢ᠃ ᠬᠢᠯᠢ ᠬᠢᠵᠠᠭᠠᠷ ᠣᠷᠣᠨ ᠤ ᠰᠠᠭᠤᠷᠢ | ᠲᠥᠬᠦᠭᠡᠷᠦᠮᠵᠢ ᠶᠢᠨ ᠲᠥᠯᠦᠪᠵᠢᠭᠦᠯᠭᠡ ᠪᠠᠶᠢᠷᠢᠰᠢᠭᠤᠯᠤᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠨᠴᠠᠯᠢᠭᠲᠤ | ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠢᠯᠢ | ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠶᠢ ᠠᠬᠢᠭᠤᠯᠬᠤ ᠬᠡᠷᠡᠭᠲᠡᠢ᠃ ᠰᠠᠭᠤᠷᠢ ᠰᠤᠷᠭᠠᠨ | ᠬᠥᠮᠦᠵᠢᠯ ᠢ ᠶᠡᠭᠡ ᠪᠠᠷ ᠬᠥᠭᠵᠢᠭᠦᠯᠵᠦ᠂ ᠵᠡᠭᠦᠨ ᠬᠤᠶᠢᠲᠤ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ | ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠭᠦ ᠶᠠᠪᠤᠴᠠ᠂ ᠡᠯ᠎ᠡ ᠬᠦᠷᠢᠶ᠎ᠡ᠂ ᠡᠯ᠎ᠡ ᠭᠤᠭᠴᠤᠭ᠎ᠠ ᠳᠤ | ᠲᠤᠭᠤᠰᠢᠯᠠᠭᠤᠯᠵᠤ᠂ ᠵᠡᠭᠦᠨ ᠬᠤᠶᠢᠲᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ | ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ | ᠴᠢᠩᠭᠠᠳᠬᠠᠵᠤ᠂ ᠤᠯᠤᠰ ᠲᠦᠷᠦ ᠶᠢᠨ ᠠᠮᠢ ᠠᠬᠤᠢ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠢᠨ᠎ᠡ ᠰᠤᠷᠲᠠᠯ ᠲᠥᠪ | ᠰᠤᠷᠲᠠᠯ ᠢᠶᠠᠷ ᠬᠥᠭᠵᠢᠯᠲᠡ ᠶᠢᠨ ᠢᠲᠡᠭᠡᠯ ᠢ ᠬᠥᠭᠵᠢᠭᠡᠬᠦ ᠬᠡᠷᠡᠭᠲᠡᠢ᠃ ᠵᠡᠭᠦᠨ ᠬᠤᠶᠢᠲᠤ ᠶᠢᠨ ᠭᠤᠷᠪᠠᠨ ᠮᠤᠵᠢ ᠵᠢᠴᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ | ᠨᠡᠶᠢᠲᠡᠯᠢᠭ ᠴᠢᠨᠠᠷᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠪᠠᠷ ᠪᠠᠷᠠᠬᠤ ᠦᠭᠡᠢ ᠥᠪᠡᠷᠮᠢᠴᠡ | ᠳᠠᠪᠠᠭᠤᠯᠢᠭ ᠢᠶᠠᠨ ᠴᠤ ᠰᠠᠶᠢᠲᠤᠷ ᠪᠠᠳᠠᠷᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠨᠳᠤᠯᠭᠠᠲᠤ | ᠴᠢᠨᠠᠷ ᠢᠶᠠᠷ ᠴᠢᠩᠭ᠎ᠠ ᠳᠡᠮᠵᠢᠯᠭᠡ ᠶᠢᠨ ᠲᠦᠷᠦ ᠶᠢᠨ ᠪᠣᠳᠣᠯᠭ᠎ᠠ ᠲᠣᠭᠲᠠᠭᠠᠵᠤ᠂ ᠵᠣᠬᠢᠴᠠᠭᠤᠯᠤᠨ ᠦᠢᠯᠡᠴᠢᠯᠡᠬᠦ ᠪᠠ | ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠮᠥᠷᠳᠡᠨ ᠰᠢᠨ᠎ᠡ ᠪᠠᠶᠢᠳᠠᠯ ᠢ ᠰᠤᠳᠤᠯᠵᠤ ᠰᠢᠨ᠎ᠡ | ᠠᠰᠠᠭᠤᠳᠠᠯ ᠢ ᠰᠢᠢᠳᠪᠦᠷᠢᠯᠡᠵᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ | ᠰᠢᠪᠲᠤᠯᠤᠯᠲᠠ ᠲᠠᠢ ᠪᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |