ᠬᠡᠥᠬᠡᠳ ᠤᠨ ᠤᠷᠮ᠎ᠠ ᠶᠢ ᠰᠡᠷᠭᠦᠭᠡᠭᠰᠡᠨ ︽ᠰᠢᠯᠦᠭ ᠪᠢᠳᠡ ᠬᠤᠶᠠᠷ︾ ᠰᠢᠯᠦᠭ ᠤᠨ ᠤᠷᠤᠯᠳᠤᠭᠠᠨ
ᠨᠡᠶᠢᠲᠡᠯᠡᠭᠰᠡᠨ ᠴᠠᠭ᠄
2023/10/31
      10 ᠰᠠᠷ᠎ᠠ ᠶᠢᠨ30 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠳᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠲᠦᠷᠪᠡᠳᠦᠭᠡᠷ ᠤᠨ ᠤ ᠬᠤᠶᠠᠳᠤᠭᠠᠷ ᠠᠩᠭᠢ ᠭᠤᠷᠪᠠᠳᠤᠭᠠᠷ ᠤᠳᠠᠭᠠᠨ ᠤ ︽ᠰᠢᠯᠦᠭ ᠪᠢᠳᠡ ᠬᠤᠶᠠᠷ︾ ᠰᠢᠯᠦᠭ ᠤᠨ ᠤᠷᠤᠯᠳᠤᠭᠠᠨ ᠢᠶᠠᠨ ᠠᠮᠵᠢᠯᠳᠠ ᠲᠠᠢ ᠶᠠᠪᠤᠭᠳᠠᠭᠤᠯᠤᠯ᠎ᠠ᠃      ᠤᠷᠤᠯᠳᠤᠭᠠᠨ ᠳᠤ ᠰᠤᠷᠤᠭᠴᠢᠳ ᠠᠴᠠ ︽ᠮᠢᠨᠤ ᠠᠯᠳᠠᠨ ᠱᠠᠭ᠎ᠠ︾ ︽ᠮᠢᠨᠤ ᠬᠠᠷᠠᠨᠳᠠ︾ ︽ᠵᠢᠷᠤᠭ ᠵᠢᠷᠤᠶ᠎ᠠ︾ ︽ᠮᠢᠨᠤ ᠨᠡᠷ᠎ᠡ ᠮᠤᠩᠭᠤᠯ︾ ᠵᠡᠷᠭᠡ ᠭᠤᠶᠢᠳᠠ ᠰᠠᠶᠢᠬᠠᠨ ᠰᠢᠯᠦᠭ ᠢᠶᠠᠨ ᠤᠶᠠᠩᠭᠠᠯᠠᠵᠦ᠂ ᠬᠢᠨᠠᠭᠴᠢ ᠪᠠᠭᠰᠢ ᠨᠠᠷ ᠠᠴᠠ ᠠᠬᠤᠢ ᠲᠠᠯᠠᠪᠠᠢ ᠳᠤ ᠬᠤᠪᠢ ᠦᠭᠴᠦ᠂ ᠰᠢᠯᠢᠳᠡᠭ ᠢ ᠨᠢ ᠰᠢᠯᠭᠠᠷᠠᠭᠤᠯᠤᠨ ᠱᠠᠩᠨᠠᠯ ᠭᠠᠷᠳᠠᠭᠤᠯᠤᠨ ᠤᠷᠮᠠᠰᠢᠭᠤᠯᠵᠠᠢ᠃ ᠤᠷᠤᠯᠳᠤᠭᠠᠨ ᠲᠤᠮᠳᠠ ᠬᠡᠥᠬᠡᠳ ᠤᠳ ᠪᠠᠰᠠ ᠲᠠᠭᠤᠤ ᠪᠦᠵᠢᠭ ᠵᠡᠷᠭᠡ ᠤᠷ᠎ᠠ ᠠᠪᠢᠶᠠᠰ ᠢᠶᠠᠨ ᠪᠠᠳᠠᠷᠠᠭᠤᠯᠤᠨ᠂ ᠭᠡᠷ ᠤᠨ ᠠᠬᠠᠮᠠᠳ ᠪᠠ ᠬᠠᠮᠳᠦ ᠰᠤᠷᠤᠭᠴᠢᠳ ᠢᠶᠠᠨ ᠪᠠᠶᠠᠰᠬᠠᠭᠰᠠᠨ ᠪᠠᠶᠢᠨ᠎ᠠ᠃      ᠲᠤᠰ ᠤᠳᠠᠭᠠᠨ ᠤ ᠰᠢᠯᠦᠭ ᠤᠨ ᠤᠷᠤᠯᠳᠤᠭᠠᠨ ᠨᠢ ᠰᠤᠷᠤᠭᠴᠢᠳ ᠤᠨ ᠦᠪᠡᠷ ᠢ ᠪᠠᠨ ᠢᠯᠡᠳᠭᠡᠬᠦ ᠴᠢᠳᠠᠪᠤᠷᠢ ᠢ ᠨᠢ ᠲᠡᠭᠡᠭᠰᠢᠯᠡᠭᠦᠯᠵᠦ᠂ ᠲᠡᠳᠡᠨ ᠳᠤ ᠵᠤᠷᠢᠭ ᠲᠠᠢ ᠪᠠᠷ ᠲᠠᠶᠢᠰᠠᠨ ᠳᠤ ᠭᠠᠷᠴᠦ ᠤᠷ᠎ᠠ ᠠᠪᠢᠶᠠᠰ ᠢᠶᠠᠨ ᠪᠠᠳᠠᠷᠠᠭᠤᠯᠬᠤ ᠲᠠᠪᠴᠠᠩ ᠬᠠᠩᠭᠠᠵᠦ ᠴᠢᠳᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号