2023 ᠤᠨ ᠤ ᠲᠤᠮᠳᠠᠳᠦ ᠤᠯᠤᠰ ᠤᠨ ᠵᠠᠰᠠᠮᠠᠯ ᠵᠠᠮ ᠤᠨ ᠲᠤᠭᠤᠢ ᠲᠡᠷᠭᠡᠨ ᠤ ᠢᠯᠡ ᠤᠷᠤᠯᠳᠤᠭᠠᠨ ︵ᠪᠤᠭᠤᠳᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ︶ ᠵᠢᠴᠢ2023 ᠤᠨ ᠤ ᠪᠦᠬᠦ ᠤᠯᠤᠰ ᠤᠨ ᠵᠠᠯᠠᠭᠤᠴᠣᠳ ᠪᠠᠭᠠᠴᠣᠳ ᠤᠨU ᠰᠢᠷᠢᠰ ᠵᠠᠰᠠᠮᠠᠯ ᠵᠠᠮ ᠤᠨ ᠲᠤᠭᠤᠢ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠠᠮᠵᠢᠯᠳᠠ ᠲᠠᠢ ᠲᠠᠭᠤᠰᠤᠯ᠎ᠠ
ᠨᠡᠶᠢᠲᠡᠯᠡᠭᠰᠡᠨ ᠴᠠᠭ᠄
2023/10/5
      10 ᠰᠠᠷ᠎ᠡ ᠶᠢᠨ 2 ᠤ ᠡᠳᠤᠷ ᠠᠴᠠ 4 ᠤ ᠡᠳᠤᠷ ᠪᠤᠯᠳᠡᠯ᠎ᠡ᠂ 2023 ᠣᠨ ᠤ ᠲᠤᠮᠳᠡᠳᠤ ᠤᠯᠤᠰ ᠤᠨ ᠵᠠᠰᠠᠮᠠᠯ ᠵᠠᠮ ᠤᠨ ᠲᠤᠭᠤᠢ ᠲᠡᠷᠭᠡᠨ ᠤ ᠢᠯᠡ ᠤᠷᠤᠯᠳᠤᠭᠠᠨ ︵ᠪᠤᠭᠤᠳᠤ · ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ︶ ᠵᠢᠴᠢ 2023 ᠣᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ U ᠰᠢᠷᠢᠰ ᠵᠠᠰᠠᠮᠠᠯ ᠵᠠᠮ ᠤᠨ ᠲᠤᠭᠤᠢ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠪᠠᠳᠤᠬᠠᠭᠠᠯᠭ᠎ᠠ ᠶᠢᠨ ᠨᠠᠭᠠᠳᠤᠮ ᠰᠤᠶᠤᠯ ᠤᠨ ᠠᠵᠤ ᠤᠶᠢᠯᠡᠰ ᠤᠨ ᠲᠤᠭᠤᠷᠢᠭ ᠲᠤ ᠠᠮᠵᠢᠯᠳᠡ ᠲᠠᠢ ᠤᠷᠤᠯᠳᠤᠵᠤ ᠲᠡᠬᠦᠰᠤᠭ᠍ᠰᠡᠨ ᠪᠠᠶᠢᠨ᠎ᠠ᠃
微信图片_20231007094229.jpg
      ᠲᠤᠰ ᠤᠷᠤᠯᠳᠤᠭᠠᠨ ᠳᠤ ᠪᠦᠬᠦ ᠤᠯᠤᠰ ᠤᠨ ᠡᠯ᠎ᠡ ᠭᠠᠵᠡᠷ ᠤᠷᠤᠨ ᠠᠴᠠ ᠦᠨᠳᠤᠷ ᠬᠢᠷᠢ ᠲᠦᠪᠰᠢᠨ ᠲᠠᠢ ᠲᠤᠭᠤᠢ ᠲᠡᠷᠭᠡᠨ ᠤ ᠲᠠᠮᠢᠷᠴᠢᠳ ᠪᠠ ᠡᠯ᠎ᠡ ᠮᠤᠵᠢ ᠬᠤᠳᠡ ᠶᠢᠨ ᠵᠠᠯᠠᠭᠤᠴᠤᠳ ᠤᠨ ᠲᠦᠯᠤᠭᠡᠯᠡᠭᠴᠢᠳ ᠤᠨ ᠠᠩᠭᠢ ᠵᠡᠷᠭᠡ 500 ᠭᠠᠷᠤᠢ ᠲᠠᠮᠢᠷᠴᠢᠳ ᠤᠷᠤᠯᠴᠡᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠬᠤᠭᠤᠴᠠᠭᠠᠨ ᠳᠤ ᠣᠯᠠᠨ ᠲᠦᠮᠡᠨ ᠳᠤ ᠳᠤᠭᠤᠢ ᠲᠡᠷᠭᠡᠨ ᠤ ᠲᠠᠮᠢᠷ ᠤᠨ ᠬᠥᠳᠡᠯᠭᠡᠭᠡᠨ ᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠬᠠᠩᠭᠠᠭᠰᠠᠨ ᠢᠶᠠᠷ ᠪᠠᠷᠠᠬᠤ ᠦᠭᠡᠢ ᠤᠷᠤᠯᠳᠤᠭᠠᠨ ᠳᠤ ᠣᠷᠣᠯᠴᠠᠭᠰᠠᠳ ᠲᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠦᠩᠭᠡ ᠦᠵᠡᠮᠵᠢ ᠶᠢ ᠭᠦᠢᠴᠡᠳ ᠮᠡᠳᠡᠷᠡᠭᠦᠯᠦᠭᠰᠡᠨ ᠪᠠᠶᠢᠨ᠎ᠠ᠃ ᠤᠷᠤᠯᠳᠤᠭᠠᠨ ᠤ ᠶᠠᠪᠤᠴᠠ ᠳᠤ ᠪᠠᠰᠠ ᠤᠷᠠᠨ ᠰᠠᠶᠢᠬᠠᠨ ᠤ ᠠᠵᠢᠯᠯᠠᠭ᠎ᠠ ᠥᠷᠨᠢᠭᠦᠯᠵᠦ᠂ ᠳᠤᠭᠤᠢ ᠲᠡᠷᠭᠡᠨ ᠤ ᠰᠣᠶᠣᠯ ᠢ ᠤᠯᠠᠮᠵᠢᠯᠠᠨ ᠳᠡᠯᠭᠡᠷᠡᠭᠦᠯᠬᠦ ᠪᠠᠷ ᠭᠤᠣᠯ ᠠᠭᠤᠯᠭ᠎ᠠ ᠪᠤᠯᠭᠠᠨ᠂ ᠳᠤᠭᠤᠢ ᠲᠡᠷᠭᠡᠨ ᠤ ᠦᠵᠡᠭᠦᠯᠦᠯᠭᠡ᠂ ᠪᠡᠶᠡᠴᠢᠯᠡᠨ ᠣᠶᠢᠯᠠᠭᠠᠬᠤ ᠵᠡᠷᠭᠡ ᠡᠯᠪᠡᠭ ᠪᠠᠶᠠᠯᠢᠭ ᠭᠤᠣᠯ ᠰᠡᠳᠦᠪᠲᠦ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠩ ᠣᠯᠠᠨ ᠬᠥᠮᠥᠰ ᠲᠤ ᠳᠤᠭᠤᠢ ᠲᠡᠷᠭᠡᠨ ᠤ ᠬᠥᠳᠡᠯᠭᠡᠭᠡᠨ ᠢ ᠣᠶᠢᠯᠠᠭᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠭᠤᠢ ᠲᠡᠷᠭᠡᠨ ᠤ ᠰᠣᠶᠣᠯ ᠤᠨ ᠬᠥᠮᠦᠵᠢᠯ ᠢ ᠳᠡᠭᠡᠭᠰᠢᠯᠡᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠰᠢᠨ᠎ᠡ ᠥᠷᠨᠢᠯᠲᠡ ᠶᠢ ᠪᠣᠶ ᠪᠤᠯᠭᠠᠭᠰᠠᠨ ᠪᠠᠶᠢᠨ᠎ᠠ᠃
微信图片_20231007094229_2.jpg
      ᠣᠶᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ‌ᠬᠤᠯᠪᠤᠭᠠᠳᠤ ᠬᠤᠰᠢᠭᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠵᠤ᠂ ᠪᠠᠶᠢᠭᠠᠯᠢ ᠶᠢᠨ ᠨᠥᠬᠦᠴᠡᠯ᠂ ᠲᠡᠦᠬᠡ ᠰᠣᠶᠣᠯ᠂ ᠠᠷᠠᠳ ᠤᠨ ᠵᠠᠩ ᠵᠠᠩᠰᠢᠯ ᠵᠡᠷᠭᠡ ᠶᠢ ᠭᠦᠨ ᠠᠭᠤᠳᠠᠯᠵᠤ᠂ ᠳᠦᠷᠪᠡᠨ ᠤᠯᠠᠷᠢᠯ ᠤᠨ ᠵᠢᠭᠤᠯᠴᠢᠯᠠᠯ᠂ ᠭᠤᠣᠯ ᠰᠡᠳᠦᠪᠲᠦ ᠵᠢᠭᠤᠯᠴᠢᠯᠠᠯ ᠢ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠠᠵᠤ ᠦᠢᠯᠡᠰ ᠢ ᠪᠣᠶᠢᠵᠢᠭᠤᠯᠵᠤ᠂ ᠳᠠᠷᠬᠠᠨ ᠮᠤᠤᠮᠢᠩᠭᠠᠨ ᠨᠤᠳᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠦᠬᠦ ᠲᠠᠯ᠎ᠠ ᠪᠠᠷ ᠴᠣᠭᠴᠠᠯᠠᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠪᠠᠶᠢᠷᠢᠰᠢᠯ ᠢ ᠪᠠᠶᠢᠭᠤᠯᠪᠠ᠃
微信图片_20231007094230_1.jpg
      ᠲᠣᠰ ᠤᠳᠠᠭᠠᠨ ᠤ 2023 ᠣᠨ ᠤ ᠲᠤᠮᠳᠡᠳᠤ ᠤᠯᠤᠰ ᠤᠨ ᠵᠠᠰᠠᠮᠠᠯ ᠵᠠᠮ ᠤᠨ ᠲᠤᠭᠤᠢ ᠲᠡᠷᠭᠡᠨ ᠤ ᠢᠯᠡ ᠤᠷᠤᠯᠳᠤᠭᠠᠨ ︵ᠪᠤᠭᠤᠳᠤ · ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ︶ ᠵᠢᠴᠢ 2023 ᠣᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ U ᠰᠢᠷᠢᠰ ᠵᠠᠰᠠᠮᠠᠯ ᠵᠠᠮ ᠤᠨ ᠲᠤᠭᠤᠢ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠢ ᠠᠮᠵᠢᠯᠲᠠ ᠲᠠᠢ  ᠡᠷᠬᠢᠯᠡᠭᠰᠡᠨ ᠨᠢ ᠤᠯᠠᠨ ᠲᠦᠮᠡᠨ ᠳᠤ ᠥᠷᠢᠰᠦᠯᠳᠦᠭᠡᠨ ᠤ ᠴᠢᠨᠠᠷᠲᠠᠢ ᠪᠠ ᠰᠣᠨᠢᠷᠬᠠᠯᠲᠤ ᠴᠢᠨᠠᠷᠲᠠᠢ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ ᠨᠡᠩ ᠴᠤ ︽ᠪᠠᠭᠠᠳᠤᠷᠯᠢᠭ ᠲᠠᠷᠬᠠᠨ ᠮᠤᠤᠮᠢᠩᠭᠠᠨ︾ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠰᠡᠳᠬᠢᠯ ᠬᠥᠳᠡᠯᠭᠡᠮ᠎ᠡ ᠵᠢᠷᠤᠭ ᠳᠦᠷᠰᠦ ᠶᠢ ᠳᠡᠯᠭᠡᠨ ᠦᠵᠡᠭᠦᠯᠵᠦ᠂ ᠪᠡᠶ᠎ᠡ ᠶᠢᠨ ᠲᠠᠮᠢᠷ ᠢᠶᠠᠷ ᠵᠤᠭᠠᠴᠠᠵᠤ᠂ ᠵᠢᠭᠤᠯᠴᠢᠯᠠᠯ ᠢᠶᠠᠷ ᠬᠥᠭᠵᠢᠯᠲᠡ ᠶᠢ ᠠᠬᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠯᠳᠠᠷᠰᠢᠯ ᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ᠃ ᠤᠷᠤᠯᠳᠤᠭᠠᠨ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠪᠢᠰᠬᠠᠯᠳᠤ ᠰᠣᠶᠣᠯ᠂ ᠲᠠᠯ᠎ᠠ ᠨᠤᠲᠤᠭ ᠤᠨ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠢ ᠠᠭᠤᠰᠤᠯᠴᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠥᠪᠡᠷᠮᠢᠴᠡ ᠲᠠᠲᠠᠬᠤ ᠬᠦᠴᠦᠨ ᠲᠠᠢ ᠲᠠᠯ᠎ᠠ ᠨᠤᠲᠤᠭ ᠤᠨ ᠦᠵᠡᠮᠵᠢ ᠪᠣᠯᠣᠨ ᠪᠣᠬᠢᠷᠲᠤᠯ ᠦᠭᠡᠢ ᠠᠮᠢ ᠠᠬᠤᠢ ᠶᠢᠨ ᠬᠥᠭᠵᠢᠯᠲᠡ ᠶᠢ ᠳᠡᠯᠭᠡᠨ ᠦᠵᠡᠭᠦᠯᠵᠦ᠂ ᠪᠡᠶ᠎ᠡ ᠶᠢᠨ ᠲᠠᠮᠢᠷ ᠤᠨ ᠦᠢᠯᠡᠰ ᠪᠣᠯᠣᠨ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ︽ᠲᠠᠯ᠎ᠠ ᠨᠤᠲᠤᠭ ᠤᠨ ᠪᠡᠶ᠎ᠡ ᠶᠢᠨ ᠲᠠᠮᠢᠷ ᠤᠨ ᠬᠤᠳᠠ︾ ᠶᠢ ᠪᠦᠲᠦᠭᠡᠨ ᠪᠠᠶᠢᠭᠤᠯᠬᠤ ᠳᠤ ᠬᠦᠴᠦ ᠨᠡᠮᠡᠷᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠪᠡᠶ᠎ᠡ ᠶᠢᠨ ᠲᠠᠮᠢᠷ ᠤᠨ ᠵᠢᠭᠤᠯᠴᠢᠯᠠᠯ︾ ᠤᠨ ᠬᠤᠳᠠ ᠶᠢᠨ ᠰᠢᠨ᠎ᠡ ᠬᠠᠭᠤᠳᠠᠰᠤ ᠳᠤ ᠦᠩᠭᠡ ᠭᠡᠷᠡᠯ ᠨᠡᠮᠡᠷᠢᠯᠡᠭᠰᠡᠨ ᠪᠠᠶᠢᠨ᠎ᠠ᠃
微信图片_20231007094231_1.jpg
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号