2024 ᠤᠨ ᠤ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠤᠨ ᠰᠠᠨᠠᠭᠤᠯᠭ᠎ᠠ ᠶᠢᠨ ᠲᠦᠷᠦᠯ ᠵᠦᠢᠯ ᠢ ᠴᠤᠭᠯᠠᠭᠤᠯᠬᠤ ᠲᠤᠬᠠᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠵᠠᠷ
ᠨᠡᠶᠢᠲᠡᠯᠡᠭᠰᠡᠨ ᠴᠠᠭ᠄
2023/10/7
      2024 ᠣᠨ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ  ᠤᠨ ᠬᠡᠷᠡᠭᠵᠢᠭᠦᠯᠦᠯᠲᠡ ᠶᠢ ᠦᠷᠭᠦᠯᠵᠢᠯᠡᠨ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠰᠠᠨᠠᠭ᠎ᠠ ᠳᠤ ᠨᠡᠶᠢᠴᠡᠭᠦᠯᠦᠨ ᠠᠷᠠᠳ ᠤᠨ ᠪᠠᠶᠢᠳᠠᠯ ᠢ ᠲᠤᠰᠬᠠᠵᠤ ᠠᠷᠠᠳ ᠤᠨ ᠬᠡᠷᠡᠭᠴᠡᠭᠡ ᠳᠤ ᠲᠤᠬᠢᠷᠠᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠤᠳᠤ ᠨᠡᠶᠢᠭᠡᠮ ᠲᠦᠮᠡᠨ ᠠᠴᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ  ᠢ ᠭᠦᠢᠴᠡᠳᠭᠡᠬᠦ ᠲᠤᠬᠠᠢ ᠰᠠᠨᠠᠭᠤᠯᠭ᠎ᠠ ᠶᠢᠨ ᠵᠦᠢᠯᠡᠰ ᠢ ᠢᠯᠡ ᠪᠠᠷ ᠴᠤᠭᠯᠠᠭᠤᠯᠬᠤ ᠪᠠᠷ ᠪᠠᠶᠢᠨ᠎ᠠ᠃ ᠡᠳᠤᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠰᠠᠨᠠᠭᠤᠯᠭ᠎ᠠ  ᠬᠤᠷᠢᠶᠠᠬᠤ ᠴᠠᠭ      ᠵᠠᠷᠯᠠᠨ ᠨᠡᠶᠢᠲᠡᠯᠡᠭᠰᠡᠨ ᠡᠳᠦᠷ ᠠᠴᠠ 2023 ᠣᠨ ᠤ 10 ᠰᠠᠷ᠎ᠠ ᠶᠢᠨ 30 ᠤ ᠡᠳᠦᠷ ᠪᠣᠯᠲᠠᠯ᠎ᠠ᠃      ᠬᠤᠶᠠᠷ᠂ ᠰᠠᠨᠠᠭᠤᠯᠭ᠎ᠠ ᠬᠤᠷᠢᠶᠠᠬᠤ ᠠᠭᠤᠯᠭ᠎ᠠ      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠮᠠᠨ ᠤ ᠬᠤᠰᠢᠭᠤᠨ ᠤ ᠠᠵᠢᠯ ᠠᠮᠢᠳᠤᠷᠠᠯ ᠤᠨ ᠳᠤᠮᠳᠠ ᠲᠤᠯᠭᠠᠮ᠎ᠠ ᠰᠢᠢᠳᠪᠦᠷᠢᠯᠡᠬᠦ ᠴᠢᠬᠤᠯᠠᠲᠠᠢ ᠭᠡᠵᠦ ᠦᠵᠡᠭᠰᠡᠨ ᠠᠷᠠᠳ ᠤᠨ ᠠᠮᠢᠳᠤᠷᠠᠯ ᠤᠨ ᠠᠰᠠᠭᠤᠳᠠᠯ᠂ ᠲᠤᠬᠠᠶᠢᠯᠠᠪᠠᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ᠂ ᠶᠠᠪᠤᠵᠤ ᠰᠠᠭᠤᠬᠤ᠂ ᠠᠵᠢᠯ ᠣᠯᠭᠤᠯᠲᠠ ᠦᠢᠯᠡᠰ ᠴᠣᠭᠴᠠᠯᠠᠬᠤ᠂ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠠᠮᠢ ᠠᠬᠤᠢ ᠶᠢᠨ ᠬᠠᠮᠠᠭᠠᠯᠠᠯᠲᠠ᠂ ᠣᠷᠴᠢᠨ ᠠᠬᠤᠢ ᠶᠢᠨ ᠵᠠᠰᠠᠯᠲᠠ᠂ ᠬᠤᠲᠠ ᠬᠥᠳᠡᠭᠡ ᠶᠢᠨ ᠣᠷᠣᠨ ᠰᠠᠭᠤᠴᠠ᠂ ᠰᠣᠶᠣᠯ ᠤᠨ ᠪᠠᠶᠢᠭᠤᠯᠤᠯᠲᠠ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠣᠯᠠᠨ ᠨᠡᠶᠢᠲᠡ ᠶᠢᠨ ᠠᠮᠤᠷ ᠲᠦᠪᠰᠢᠨ᠂ ᠬᠤᠲᠠ ᠪᠠᠯᠭᠠᠰᠤᠨ ᠤ ᠬᠠᠮᠢᠶᠠᠷᠤᠯᠲᠠ᠂ ᠬᠤᠲᠠ ᠬᠥᠳᠡᠭᠡ ᠶᠢ ᠠᠭᠤᠰᠤᠯᠴᠠᠭᠤᠯᠤᠨ ᠬᠠᠮᠲᠤ ᠪᠠᠷ ᠪᠠᠶᠠᠵᠢᠭᠤᠯᠬᠤ ᠵᠡᠷᠭᠡ ᠲᠠᠯ᠎ᠠ  ᠪᠠᠷ ᠪᠠᠶᠢᠵᠤ ᠠᠭᠤᠯᠭ᠎ᠠ ᠶᠢᠨ ᠬᠤᠪᠢ ᠳᠤ ᠬᠢᠵᠠᠭᠠᠷᠯᠠᠬᠤ ᠦᠭᠡᠢ᠃      ᠭᠤᠷᠪᠠ᠂ ᠰᠠᠨᠠᠭᠤᠯᠭ᠎ᠠ ᠬᠤᠷᠢᠶᠠᠬᠤ ᠱᠠᠭᠠᠷᠳᠠᠯᠭ᠎ᠠ      ︵ᠨᠢᠭᠡ︶ ᠬᠠᠤᠯᠢ ᠶᠣᠰᠣᠴᠢ ᠴᠢᠨᠠᠷ  ᠢ ᠪᠠᠳᠤᠯᠠᠨ᠎ᠠ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠨᠡᠶᠢᠴᠡᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠷᠬᠡ ᠶᠢᠨ ᠬᠡᠪᠴᠢᠶᠡᠨ ᠳᠤ ᠬᠠᠷᠢᠶᠠᠯᠠᠭᠳᠠᠨ᠎ᠠ᠃      ︵ᠬᠤᠶᠠᠷ︶ ᠪᠣᠯᠣᠮᠵᠢᠲᠤ ᠴᠢᠨᠠᠷ ᠲᠠᠢ ᠪᠠᠶᠢᠬᠤ ᠬᠡᠷᠡᠭᠲᠡᠢ᠃ ᠪᠤᠰᠤᠳᠴᠢ ᠨᠥᠬᠦᠴᠡᠯ ᠳᠤ ᠲᠤᠬᠢᠷᠠᠵᠤ᠂ ᠵᠠᠷᠴᠢᠮ ᠲᠤᠳᠤᠷ᠎ᠠ ᠳᠤᠷᠠᠳᠤᠭᠰᠠᠨ ᠲᠥᠷᠥᠯ ᠵᠦᠢᠯ ᠵᠢᠴᠢ ᠠᠵᠢᠯ ᠤᠨ ᠠᠭᠤᠯᠭ᠎ᠠ ᠶᠢ ︽ᠲᠣᠰ ᠵᠢᠯ ᠳᠡᠭᠡᠨ ᠲᠥᠷᠥᠯ ᠵᠦᠢᠯ ᠲᠣᠭᠲᠠᠭᠠᠵᠤ᠂ ᠲᠣᠰ ᠵᠢᠯ ᠳᠡᠭᠡᠨ ᠪᠡᠶᠡᠯᠡᠭᠦᠯᠵᠦ᠂ ᠲᠣᠰ ᠵᠢᠯ ᠳᠡᠭᠡᠨ ᠦᠷ᠎ᠡ ᠪᠦᠲᠦᠮᠵᠢ ᠭᠠᠷᠭᠠᠵᠤ︾᠂ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠴᠢᠳᠠᠯ ᠤᠨ ᠬᠢᠷᠢ ᠪᠠᠷ ᠢᠶᠠᠨ ᠴᠢᠷᠮᠠᠶᠢᠵᠤ ᠭᠦᠢᠴᠡᠳᠭᠡᠨ᠎ᠡ᠃      ︵ᠭᠤᠷᠪᠠ︶ ᠨᠡᠶᠢᠳᠡᠮ ᠬᠠᠷᠠᠭᠠᠯᠵᠠᠬᠤ ᠴᠢᠨᠠᠷ ᠲᠠᠢ ᠪᠠᠶᠢᠬᠤ ᠬᠡᠷᠡᠭᠲᠡᠢ᠃ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ᠂ ᠠᠰᠢᠭ ᠭᠥᠷᠳᠡᠬᠦ ᠬᠡᠪᠴᠢᠶ᠎ᠡ ᠨᠢ ᠥᠷᠭᠡᠨ᠂ ᠨᠡᠶᠢᠭᠡᠮ ᠤᠨ ᠦᠷ᠎ᠡ ᠠᠰᠢᠭ ᠢ ᠢᠯᠡᠷᠬᠡᠢ ᠪᠤᠯᠭᠠᠨ᠎ᠠ᠃      ︵ᠳᠥᠷᠪᠡ︶ ᠣᠨᠣᠪᠴᠢᠲᠤ ᠴᠢᠨᠠᠷ ᠲᠠᠢ ᠪᠠᠶᠢᠬᠤ ᠬᠡᠷᠡᠭᠲᠡᠢ᠃ ᠤᠴᠢᠷ ᠶᠠᠪᠤᠳᠠᠯ ᠨᠢ ᠲᠣᠳᠣᠷᠬᠠᠢ᠂ ᠲᠣᠭᠠᠴᠢᠯᠲᠠ ᠨᠢ ᠲᠣᠳᠣᠷᠬᠠᠢ᠂ ᠦᠭᠡ ᠥᠭᠦᠯᠡᠪᠦᠷᠢ  ᠪᠠᠨ ᠲᠣᠪᠴᠢ ᠠᠪᠰᠠᠷᠬᠠᠨ ᠤᠨᠤᠪᠴᠢᠲᠠᠢ ᠲᠤᠭᠠᠴᠢᠨ᠎ᠠ᠃      ᠳᠥᠷᠪᠡ᠂ ᠰᠠᠨᠠᠯ ᠬᠤᠷᠢᠶᠠᠬᠤ ᠠᠷᠭ᠎ᠠ ᠮᠠᠶ᠋ᠢᠭ      ︵ᠨᠢᠭᠡ︶ ᠰᠦᠯᠵᠢᠶ᠎ᠡ ᠪᠠᠷ ᠲᠠᠪᠰᠢᠭᠦᠯᠭᠦ᠃ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠲᠠᠯ᠎ᠠ ᠶᠢᠨ ᠰᠦᠯᠵᠢᠶ᠎ᠡ ᠪᠤᠶᠤ ︽ᠪᠠᠭᠠᠳᠤᠷᠯᠢᠭ ᠲᠠᠷᠬᠠᠨ ᠮᠤᠤᠮᠢᠩᠭᠠᠨ︾ ᠸᠢᠴᠠᠲ ᠤᠨ ᠨᠡᠶᠢᠲᠡ ᠶᠢᠨ ᠳ᠋ᠤᠭᠠᠷ ᠲᠤ ᠭᠠᠷᠴᠤ᠂ ︽2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠲᠤᠬᠠᠢ ᠠᠯᠪᠠᠨ ᠵᠠᠷ︾ ᠪᠤᠯᠤᠩ ᠳᠤ ᠣᠷᠣᠵᠤ᠂ ᠰᠠᠨᠠᠭᠤᠯᠭ᠎ᠠ ᠢᠶᠠᠨ ᠲᠠᠪᠰᠢᠭᠦᠯᠦᠨ᠎ᠡ᠃      ︵ᠬᠤᠶᠠᠷ︶ ᠰᠢᠤᠳᠠᠨ  ᠢᠶᠠᠷ ᠲᠠᠮᠵᠢᠭᠤᠯᠬᠤ᠃ ︽2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ︵ᠡᠯᠧᠺᠲᠷᠣᠨ ᠬᠡᠪᠯᠡᠯ︶ ᠶᠢ ᠲᠠᠭᠯᠠᠵᠤ ᠰᠢᠤᠳᠠᠨ ᠤ ᠬᠠᠶᠢᠷᠴᠠᠭ dmqzfbgs@163.com ᠳᠤ ᠬᠦᠷᠭᠡᠵᠦ᠂ ᠰᠢᠤᠳᠠᠨ ᠤ ᠵᠦᠢᠯ ᠤᠨ ᠭᠤᠣᠯ ᠰᠡᠳᠦᠪ ᠲᠤ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ︾ ᠪᠠ ᠢᠯᠡᠭᠡᠭᠴᠢ ᠵᠢᠴᠢ ᠬᠠᠷᠢᠯᠴᠠᠬᠤ ᠠᠷᠭ᠎ᠠ ᠮᠠᠶ᠋ᠢᠭ  ᠢᠶᠠᠨ ᠲᠣᠳᠣᠷᠬᠠᠶᠢᠯᠠᠵᠤ᠂ ᠬᠠᠷᠢᠯᠴᠠᠬᠤ ᠳᠤ ᠲᠥᠬᠦᠮ ᠪᠣᠯᠭᠠᠨ᠎ᠠ᠃      ︵ᠭᠤᠷᠪᠠ︶ ᠵᠠᠬᠢᠳᠠᠯ ᠢᠶᠠᠷ ᠲᠠᠮᠵᠢᠭᠤᠯᠬᠤ᠃ ︽2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ︵ᠴᠠᠭᠠᠰᠤᠨ ᠮᠠᠲ᠋ᠧᠷᠢᠶᠠᠯ︶ ᠶᠢ ᠲᠠᠭᠯᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠢᠯᠡᠭᠡᠨ᠎ᠡ᠃ ᠰᠢᠤᠳᠠᠨ ᠳ᠋ᠤᠭᠠᠷ᠄ 014500 ᡽ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠪᠠᠲᠤᠬᠠᠭᠠᠯᠭ᠎ᠠ ᠶᠡᠭᠡ ᠵᠡᠭᠡᠯᠢ ᠶᠢᠨ ᠬᠤᠰᠢᠭᠤᠨ ᠤ ᠵᠠᠰᠠᠭ ᠤᠨ ᠣᠷᠳᠣᠨ ᠃ ᠵᠠᠬᠢᠳᠠᠯ ᠤᠨ ᠳᠤᠭᠲᠤᠢ ᠳᠤ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠴᠤᠭᠯᠠᠭᠤᠯᠬᠤ︾ ᠭᠡᠵᠤ ᠪᠢᠴᠢᠨ᠎ᠡ᠃      ︵ᠳᠥᠷᠪᠡ︶ ᠳᠦᠷᠰᠦᠲᠦ ᠪᠢᠴᠢᠯᠭᠡ ᠪᠠᠷ ᠲᠠᠮᠵᠢᠭᠤᠯᠬᠤ᠃ ︽2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ︵ᠴᠠᠭᠠᠰᠤᠨ ᠮᠠᠲ᠋ᠧᠷᠢᠶᠠᠯ︶ ᠶᠢ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠹᠠᠺᠰ ᠢᠶᠠᠷ ᠨᠡᠪᠲᠡᠷᠡᠭᠦᠯᠦᠨ᠎ᠡ᠃ ᠹᠠᠺᠰ ᠤᠨ ᠤᠲᠠᠰᠤ᠄ 0472 ︱ 8423644᠃      ᠬᠦᠰᠦᠨᠦᠭᠲᠦ ᠶᠢ ᠲᠠᠭᠯᠠᠬᠤ ᠳᠠᠭᠠᠨ ᠮᠠᠳᠠᠭ ᠲᠠᠢ ᠵᠦᠢᠯ ᠪᠠᠶᠢᠪᠠᠯ 0472-8423883 ᠨᠤᠮᠧᠷ  ᠢ ᠤᠲᠠᠰᠤᠳᠠᠵᠤ ᠠᠰᠠᠭᠤᠨ ᠯᠠᠪᠯᠠᠵᠤ ᠪᠣᠯᠣᠨ᠎ᠠ᠃      ᠲᠠ ᠪᠦᠬᠦᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠵᠢᠯ ᠳᠤ ᠠᠩᠬᠠᠷᠤᠯ ᠲᠠᠯᠪᠢᠵᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕                ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ            ᠠᠷᠠᠳ ᠤᠨ ᠵᠠᠰᠠᠭ ᠤᠨ ᠤᠷᠳᠤᠨ                   2023 ᠣᠨ ᠤ 10 ᠰᠠᠷ᠎ᠠ ᠶᠢᠨ 7 ᠤ ᠡᠳᠤᠷ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号