ᠲᠤᠭᠤᠷᠢᠨ ᠪᠠᠶᠢᠴᠠᠭᠠᠬᠤ ᠠᠯᠪᠠᠨ ᠵᠠᠷ (1)
ᠨᠡᠶᠢᠲᠡᠯᠡᠭᠰᠡᠨ ᠴᠠᠭ᠄
2023/10/8
      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠬᠤᠰᠢᠭᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 ᠣᠨ ᠤ 10 ᠰᠠᠷ᠎ᠠ ᠶᠢᠨ 8 ᠤ ᠡᠳᠦᠷ ᠠᠴᠠ 12 ᠰᠠᠷ᠎ᠠ ᠶᠢᠨ 8 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶ᠎ᠠ ᠶᠢᠨ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠪᠠᠶᠠᠨᠬᠤᠸᠠ ᠪᠠᠯᠭᠠᠰᠤᠨ ᠳᠤ ᠪᠠᠶᠢᠩᠭᠤ ᠶᠢᠨ ᠲᠤᠭᠤᠷᠢᠨ ᠪᠠᠶᠢᠴᠠᠭᠠᠯᠲᠠ ᠥᠷᠨᠢᠭᠦᠯᠵᠦ᠂ ᠪᠠᠶ᠋ᠬᠠᠤᠪᠤᠭ᠎ᠠ ᠰᠤᠮᠤ ᠵᠢᠴᠢ ᠲᠡᠭᠦᠨ ᠤ ᠬᠠᠷᠢᠶᠠᠨ ᠳᠠᠬᠢ ᠳᠠᠪᠰᠢᠯᠲᠤ᠂ ᠬᠡᠷᠡᠯᠤᠳᠤ 2 ᠭᠠᠴᠠᠭ᠎ᠠ ᠳᠤ ︽ᠬᠦᠳᠡᠭᠡ ᠲᠣᠰᠬᠤᠨ ᠢ ᠨᠢᠭᠡ ᠴᠤᠭᠴᠠᠵᠢᠭᠤᠯᠤᠨ ᠪᠠᠶᠢᠴᠠᠭᠠᠬᠤ︾ ᠪᠠᠶᠢᠴᠠᠭᠠᠯᠳᠠ ᠥᠷᠨᠢᠭᠦᠯᠦᠨ᠎ᠡ᠃      ᠲᠣᠰ ᠤᠳᠠᠭ᠎ᠠ ᠶᠢᠨ ᠲᠣᠭᠤᠷᠢᠨ ᠪᠠᠶᠢᠴᠠᠭᠠᠯᠲᠠ ᠨᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠢᠴᠢ ᠣᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠢᠨᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠰᠤᠮᠤ ᠪᠠᠯᠭᠠᠰᠤᠨ ᠳᠤ ᠬᠢᠨᠠᠯᠲᠠ ᠲᠠᠯᠪᠢᠨ᠎ᠠ᠃ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠠᠴᠠᠭ᠎ᠠ ᠲᠣᠰᠬᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ᠂ ᠬᠠᠷᠢᠭᠤᠴᠠᠨ ᠬᠢᠭᠰᠡᠨ ᠠᠵᠢᠯ ᠪᠠ ᠣᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠵᠢᠴᠢ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠢᠨᠠᠯᠲᠠ ᠲᠠᠯᠪᠢᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠭᠠᠴᠠᠭ᠎ᠠ ᠲᠣᠰᠬᠤᠨ ᠳᠤ ᠬᠢᠨᠠᠯᠲᠠ ᠲᠠᠯᠪᠢᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠭᠤᠣᠯᠳᠠᠭᠤ ᠪᠠᠶ᠋ᠬᠠᠤᠪᠤᠭ᠎ᠠ ᠰᠤᠮᠤ᠂ ᠪᠠᠶᠠᠨᠬᠤᠸᠠ ᠪᠠᠯᠭᠠᠰᠤ ᠵᠡᠷᠭᠡ 2 ᠭᠠᠵᠠᠷ ᠣᠷᠣᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠬᠠᠷᠢᠶ᠎ᠠ ᠨᠢᠭᠡᠴᠢ ︵ᠳᠣᠲᠣᠭᠠᠳᠤ ᠪᠠᠶᠢᠭᠤᠯᠤᠮᠵᠢ︶ ᠶᠢᠨ ᠭᠤᠣᠯ ᠬᠠᠷᠢᠭᠤᠴᠠᠯᠭᠠᠲᠠᠨ ᠪᠣᠯᠣᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠪᠠᠶ᠋ᠬᠠᠤᠪᠤᠭ᠎ᠠ ᠰᠤᠮᠤ ᠶᠢᠨ ᠬᠠᠷᠢᠶ᠎ᠠ ᠳᠠᠪᠰᠢᠯᠲᠤ᠂ ᠬᠡᠷᠡᠯᠤᠳᠤ 2 ᠭᠠᠴᠠᠭᠠᠨ ᠤ ︽ᠬᠤᠶᠠᠷ ᠵᠥᠪᠯᠡᠯ︾ ᠤᠨ ᠪᠠᠭ ᠵᠢᠴᠢ ᠲᠡᠭᠦᠨ ᠤ ᠪᠦᠷᠢᠯᠳᠦᠭᠦᠨ ᠤ ᠠᠰᠠᠭᠤᠳᠠᠯ ᠢ ᠲᠤᠰᠬᠠᠭᠰᠠᠨ ᠴᠠᠬᠢᠮ ᠵᠠᠬᠢᠳᠠᠯ ᠰᠣᠷᠪᠤᠯᠵᠢᠯᠠᠭ᠎ᠠ ᠳᠤ᠂ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠢᠶᠠᠷ ᠭᠤᠣᠯᠳᠠᠯᠭ᠎ᠠ ᠪᠣᠯᠭᠠᠨ᠎ᠠ᠃ ᠲᠤᠭᠤᠷᠢᠨ ᠪᠠᠶᠢᠴᠠᠭᠠᠵᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃      ᠲᠤᠭᠤᠷᠢᠨ ᠪᠠᠶᠢᠴᠠᠭᠠᠬᠤ ᠬᠤᠭᠤᠴᠠᠭᠠᠨ ᠳᠤ ᠵᠢᠵᠢᠭᠦᠷᠯᠡᠬᠦ ᠤᠲᠠᠰᠤ᠄ 15547311001 ︵ᠭᠥᠯᠢᠶᠡᠨ ᠠᠪᠴᠤ ᠰᠢᠢᠳᠪᠦᠷᠢᠯᠡᠬᠦ ᠴᠠᠭ᠄ 10 ᠰᠠᠷ᠎ᠠ ᠶᠢᠨ 8 ᠤ ᠡᠳᠦᠷ ︱ 12 ᠰᠠᠷ᠎ᠠ ᠶᠢᠨ 3 ᠤ ᠡᠳᠦᠷ᠂ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 2᠄ 30 ︱ 5᠄ 30︶᠃ ᠢᠮᠧᠯ᠄ dmqwdyxcz@163.com᠃ ᠬᠠᠷᠢᠯᠴᠠᠬᠤ ᠵᠠᠬᠢᠳᠠᠯ ᠤᠨ ᠬᠠᠶᠢᠷᠴᠠᠭ᠄ 1. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠰᠠᠭᠤᠷᠢᠨ ᠭᠠᠵᠠᠷ ︵ᠤᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 4 ᠳ᠋ᠦ᠋ᠭᠡᠷ ᠳᠠᠪᠬᠤᠷ ᠤᠨ ᠵᠡᠭᠦᠨ ᠲᠠᠯ᠎ᠠ︶ ᠤᠨ ᠨᠢᠭᠡᠳᠦᠭᠡᠷ ᠳᠠᠪᠬᠤᠷ ᠤᠨ ᠡᠭᠦᠳᠡᠨ ᠲᠢᠩᠬᠢᠮ︔ 2. ᠪᠠᠶ᠋ᠬᠠᠤᠪᠤᠭ᠎ᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠭᠤᠷᠪᠠᠨ ᠵᠦᠢᠯ ᠤᠨ ᠠᠵᠢᠯ ᠤᠨ ᠢᠯᠡ ᠪᠤᠯᠤᠩ︔ 3. ᠪᠠᠶᠠᠨᠬᠤᠸᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠡᠭᠦᠳᠡᠨ ᠳᠡᠭᠡᠷ᠎ᠡ︔ 4. ᠳᠠᠪᠰᠢᠯᠲᠤ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠡᠮᠦᠨ᠎ᠡ︔ 5. ᠬᠡᠷᠡᠯᠤᠳᠤ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡᠨ ᠳᠤ᠃ ᠰᠣᠷᠪᠤᠯᠵᠢᠯᠠᠭ᠎ᠠ ᠶᠢ ᠭᠥᠯᠢᠶᠡᠨ ᠠᠪᠬᠤ ᠭᠠᠵᠠᠷ᠄ 1. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠰᠠᠭᠤᠷᠢᠨ ᠭᠠᠵᠠᠷ︔2. ᠪᠠᠶ᠋ᠬᠠᠤᠪᠤᠭ᠎ᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠵᠡᠭᠦᠨ ᠠᠰᠠᠷ ᠤᠨ ᠬᠤᠶᠠᠳᠤᠭᠠᠷ ᠠᠰᠠᠷ︔3. ᠪᠠᠶᠠᠨᠬᠤᠸᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭ ᠡᠷᠬᠢᠯᠡᠬᠦ ᠲᠢᠩᠬᠢᠮ᠃      ᠥᠷᠭᠡᠨ ᠤᠯᠠᠨ ᠺᠠᠳ᠋ᠷ ᠤᠯᠠᠨ ᠲᠦᠮᠡᠨ ᠤ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ᠂ ᠲᠣᠭᠤᠷᠢᠨ ᠪᠠᠶᠢᠴᠠᠭᠠᠵᠤ ᠢᠯᠡᠴᠢᠯᠡᠨ ᠮᠡᠳᠡᠭᠦᠯᠬᠦ ᠲᠠᠪᠴᠠᠩ ᠤᠨ ᠮᠡᠷᠭᠡᠨ ᠴᠤᠬᠤᠷ ᠢ ᠰᠢᠷᠪᠢᠬᠦ ᠵᠡᠷᠭᠡ ᠠᠷᠭ᠎ᠠ ᠬᠡᠯᠪᠡᠷᠢ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠢ ᠪᠠᠷᠢᠮᠲᠠᠯᠠᠨ ᠪᠠᠶᠢᠳᠠᠯ ᠢᠶᠠᠨ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠢ 12 ᠰᠠᠷ᠎ᠠ ᠶᠢᠨ 3  ᠤ ᠡᠳᠦᠷ ᠢᠶᠠᠷ ᠬᠢᠵᠠᠭᠠᠷᠯᠠᠨ᠎ᠠ᠃         ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ         ᠨᠠᠮ ᠤᠨ ᠬᠤᠷᠢᠶᠠᠨ ᠤ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ               2023 ᠣᠨ ᠤ 10 ᠰᠠᠷ᠎ᠠ ᠶᠢᠨ 8 ᠤ ᠡᠳᠦᠷ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号