ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2023/11/1
      10 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ᠂ ᠪᠥᠬᠦ ᠬᠤᠰᠢᠭᠤᠨ ᠤ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠰᠢᠶᠧ ᠳ᠋ᠠ ᠭᠠᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃      ᠰᠤᠷᠤᠯᠴᠠᠯᠭ᠎ᠠ ᠶᠢᠨ ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠤᠯ ᠤᠨ ᠳᠠᠷᠤᠭ᠎ᠠ ᠱᠢ ᠮᠧᠢ ᠨᠥᠬᠦᠷ ᠢ ᠣᠨᠴᠠᠭᠠᠶᠢᠯᠠᠨ ᠤᠷᠢᠵᠤ ︽ᠨᠠᠮ ᠤᠨ ᠲᠡᠦᠬᠡ ᠶᠢ ᠪᠠᠲᠤ ᠴᠡᠭᠡᠵᠢᠯᠡᠵᠦ᠂ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠰᠤᠭᠠᠢ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠱᠢ ᠮᠧᠢ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠭᠤᠤ ᠶᠡᠭᠡ᠂ ᠢᠷᠠᠭᠤ ᠠᠯᠳᠠᠷᠲᠠᠢ᠂ ᠵᠥᠪ ᠣᠨᠣᠪᠴᠢᠲᠠᠢ ᠨᠠᠮ ᠮᠥᠨ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠠᠵᠢᠯ ᠬᠢᠵᠦ ᠦᠢᠯᠡᠰ ᠪᠤᠰᠬᠠᠵᠤ᠂ ᠦᠨᠡᠨᠬᠦ ᠡᠪ ᠬᠠᠮᠲᠤ ᠨᠠᠮ ᠤᠨ ᠭᠡᠰᠢᠭᠦᠨ ᠤ ᠢᠷᠠᠭᠤ ᠠᠯᠳᠠᠷ ᠤᠨ ᠴᠣᠯᠠ ᠳᠤ ᠣᠰᠣᠯᠳᠠᠬᠤ ᠦᠭᠡᠢ ᠬᠤᠶᠠᠷ ᠲᠠᠯ᠎ᠠ ᠠᠴᠠ ᠠᠮᠢᠳᠤᠯᠢᠭ ᠲᠠᠶᠢᠯᠤᠮᠵᠢ ᠬᠢᠵᠡᠢ᠃ ᠲᠤᠰ ᠤᠳᠠᠭ᠎ᠠ ᠶᠢᠨ ᠲᠠᠶᠢᠯᠤᠮᠵᠢ ᠶᠢᠨ ᠭᠤᠣᠯ ᠰᠡᠳᠦᠪ ᠨᠢ ᠲᠤᠪᠤᠶᠢᠮ᠎ᠠ᠂ ᠠᠭᠤᠯᠭ᠎ᠠ ᠨᠢ ᠪᠠᠶᠠᠯᠢᠭ᠂ ᠤᠨᠤᠯ ᠤᠨ ᠦᠨᠳᠦᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ ᠪᠠᠶᠢᠵᠤ᠂ ᠬᠤᠷᠠᠯ ᠳᠤ ᠣᠷᠣᠯᠴᠠᠭᠰᠠᠳ ᠤᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠦᠲᠦᠮᠵᠢ ᠶᠢᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠰᠤᠷᠤᠯᠴᠠᠯᠭ᠎ᠠ ᠶᠢᠨ ᠳᠠᠷᠠᠭ᠎ᠠ᠂ ᠬᠤᠷᠠᠯ ᠳᠤ ᠣᠷᠣᠯᠴᠠᠭᠰᠠᠳ᠂ ᠲᠤᠰ ᠤᠳᠠᠭᠠᠨ ᠤ ᠲᠤᠰᠬᠠᠶ ᠰᠡᠳᠦᠪᠲᠦ ᠲᠠᠶᠢᠯᠤᠮᠵᠢ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠩ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠨᠣᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠭᠦᠨᠵᠡᠭᠡᠶ ᠰᠤᠷᠤᠯᠴᠠᠵᠤ ᠨᠠᠷᠢᠨ ᠣᠶᠢᠯᠠᠭᠠᠬᠤ᠂ ᠪᠠᠷᠢᠮᠵᠢᠶ᠎ᠠ ᠲᠠᠢ ᠬᠠᠷᠭᠤᠭᠤᠯᠬᠤ᠂ ᠰᠣᠷᠣᠭᠰᠠᠨ ᠢᠶᠠᠨ ᠬᠡᠷᠡᠭᠯᠡᠬᠦ ᠶᠢ ᠴᠢᠷᠮᠠᠶᠢᠨ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠨᠡᠨ ᠬᠦ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠪᠣᠯᠭᠠᠨ ᠬᠤᠪᠢᠷᠠᠭᠤᠯᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠪᠣᠯᠤᠨ ᠥᠷᠯᠥᠭᠡ ᠦᠳᠡᠰᠢ ᠶᠢ ᠲᠡᠮᠡᠴᠡᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠲᠠᠷᠬᠠᠨ ᠮᠤᠤᠮᠢᠩᠭᠠᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠡᠯ᠎ᠡ ᠰᠤᠮᠤ ᠰᠢᠶᠠᠩ ᠪᠠᠯᠭᠠᠰᠤ ᠬᠤᠪᠢᠶᠠᠷᠢ ᠬᠤᠷᠠᠯ ᠤᠨ ᠲᠠᠯᠠᠪᠠᠢ ᠳᠤ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ ᠳᠤ ᠣᠷᠣᠯᠴᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号