ᠲᠠᠷᠬᠠᠨ ᠮᠤᠤᠤᠮᠢᠩᠭᠠᠨ ᠬᠤᠯᠪᠤᠭᠠᠳᠦ ᠬᠤᠰᠢᠭᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠤᠨ2024 ᠤᠨ ᠤ ᠡᠩ ᠤᠨ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠵᠦ ᠨᠡᠷ᠎ᠡ ᠮᠡᠳᠡᠭᠦᠯᠬᠦ ᠠᠵᠢᠯ ᠤᠨ ᠲᠤᠬᠢᠷᠠᠭᠤᠯᠤᠯᠳᠠ
ᠨᠡᠶᠢᠲᠡᠯᠡᠭᠰᠡᠨ ᠴᠠᠭ᠄
2023/11/1
      ᠨᠢᠭᠡ᠂ ᠨᠡᠷ᠎ᠡ ᠮᠡᠳᠡᠭᠦᠯᠬᠦ ᠰᠦᠯᠵᠢᠶᠡᠨ ᠤ ᠬᠠᠶ᠋ᠢᠭ᠄      ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠭᠢ ᠶᠢᠨ ᠰᠦᠯᠵᠢᠶ᠎ᠡhttps://www.nm.zsks.cn      ᠬᠤᠶᠠᠷ᠂ ᠨᠡᠷ᠎ᠡ ᠮᠡᠳᠡᠭᠦᠯᠬᠦ ᠴᠠᠭ᠄     2023 ᠤᠨ ᠤ11 ᠰᠠᠷ᠎ᠠ ᠶᠢᠨ2 ᠤᠨ ᠡᠳᠦᠷ ᠤᠨ9᠄00 ᠴᠠᠭ ᠠᠴᠠ13 ᠤ ᠡᠳᠦᠷ ᠤᠨ18᠄00 ᠴᠠᠭ      ᠭᠤᠷᠪᠠ᠂ ᠲᠤᠬᠠᠢ ᠶᠢᠨ ᠲᠠᠯᠠᠪᠤᠷ ᠤᠨ ᠨᠤᠳᠠᠯᠠᠯᠳᠠ᠄      ︵ᠨᠢᠭᠡ︶11 ᠰᠠᠷ᠎ᠠ ᠶᠢᠨ2 ᠤ ᠡᠳᠦᠷ ᠠᠴᠠ13 ᠤ ᠡᠳᠦᠷ ᠪᠤᠯᠳᠠᠯ᠎ᠠ      1. ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠦᠩᠭᠡᠷᠡᠭᠰᠡᠨ ᠬᠤᠭᠤᠴᠠᠭᠠᠨ ᠤ ᠲᠡᠭᠦᠰᠦᠭᠰᠡᠨ ᠰᠤᠷᠤᠭᠴᠢ᠃      2. ᠡᠷᠦᠬᠡ ᠠᠮᠠ ᠶᠢᠨ ᠲᠠᠩᠰᠠ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶᠢᠭ᠎ᠠ ᠰᠤᠷᠭᠠᠭᠤᠯᠢ ᠶᠢᠨ ᠬᠠᠷᠢᠶᠠᠯᠠᠯ ᠦᠭᠡᠢ ᠰᠢᠯᠭᠠᠭᠤᠯᠤᠭᠴᠢ᠃      3. ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠩ ᠤᠨ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠶᠢᠨ ᠭᠠᠳᠠᠨ᠎ᠠ ᠤᠷᠤᠨ ᠳᠤ ᠲᠦᠪᠯᠡᠷᠡᠭᠦᠯᠦᠨ ᠪᠤᠯᠪᠠᠰᠤᠷᠠᠭᠰᠠᠨ ᠰᠢᠯᠭᠠᠭᠤᠯᠤᠭᠴᠢ᠃      ᠨᠤᠳᠠᠯᠠᠬᠤ ᠭᠠᠵᠠᠷ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠰᠠᠭ ᠤᠨ ᠶᠠᠪᠤᠳᠠᠯ ᠤᠨ ᠲᠦᠪ  ᠤᠨ ᠰᠤᠷᠭᠠᠨ ᠬᠦᠮᠦᠵᠢᠯ ᠤᠨ ᠬᠤᠪᠢᠶᠠᠷᠢ ᠲᠦᠪ ︵ᠪᠠᠳᠤᠬᠠᠭᠠᠯᠭ᠎ᠠ ᠶᠢᠨ ᠲᠤᠮᠳᠠᠳᠦ ᠰᠤᠷᠭᠠᠭᠤᠯᠢ ᠶᠢᠨ ᠪᠠᠷᠠᠭᠤᠨ ᠠᠰᠠᠷ︶      ︵ᠬᠤᠶᠠᠷ︶11 ᠰᠠᠷ᠎ᠠ ᠶᠢᠨ4 —5 ᠤ ᠡᠳᠦᠷ      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠳᠤᠬᠠᠭᠠᠯᠭ᠎ᠠ ᠶᠢᠨ ᠲᠤᠮᠳᠠᠳᠦ ᠰᠤᠷᠭᠠᠭᠤᠯᠢ ᠶᠢᠨ ᠰᠢᠯᠭᠠᠭᠤᠯᠤᠭᠴᠢ᠃      ᠲᠦᠷᠪᠡ᠂ ᠲᠤᠬᠠᠢ ᠶᠢᠨ ᠲᠠᠯᠠᠪᠤᠷ ᠲᠤ ᠨᠤᠳᠠᠯᠠᠯᠳᠠ ᠬᠢᠬᠦ ᠳᠤ ᠬᠠᠩᠭᠠᠬᠤ ᠮᠠᠲ᠋ᠧᠷᠢᠶᠠᠯ      1. ᠰᠢᠯᠭᠠᠭᠤᠯᠤᠭᠴᠢ ᠶᠢᠨ ᠪᠡᠶ᠎ᠡ ᠶᠢᠨ ᠦᠨᠡᠮᠡᠯ ᠤᠨ ᠤᠭ ᠮᠠᠲ᠋ᠧᠷᠢᠶᠠᠯ᠃      2. ᠤᠷᠢᠳᠴᠢᠯᠠᠨ ᠮᠡᠳᠡᠭᠦᠯᠬᠦ ᠨᠡᠷ᠎ᠡ ᠶᠢᠨ ᠬᠦᠰᠦᠨᠦᠭᠳᠦ ︵ᠦᠵᠡᠯ ᠰᠠᠨᠠᠭ᠎ᠠ ᠤᠯᠤᠰ ᠲᠦᠷᠦ ᠶᠢᠨ ᠬᠢᠨᠠᠨ ᠰᠢᠯᠭᠠᠯᠳᠠ ᠶᠢᠨ ᠭᠠᠷ ᠤᠨ ᠦᠰᠦᠭ ᠵᠢᠷᠤᠵᠦ ᠲᠠᠮᠠᠭ᠎ᠠ ᠲᠠᠷᠤᠬᠤ ᠭᠠᠵᠠᠷ᠄ ᠲᠤᠰ ᠬᠤᠭᠤᠴᠠᠭᠠᠨ ᠤ ᠰᠤᠷᠤᠭᠴᠢ ᠶᠢ ᠰᠤᠷᠭᠠᠭᠤᠯᠢ ᠠᠴᠠ ᠨᠢ ᠬᠠᠷᠢᠭᠤᠴᠠᠵᠦ᠂ ᠦᠩᠭᠡᠷᠡᠭᠰᠡᠨ ᠬᠤᠭᠤᠴᠠᠭᠠᠨ ᠤ ᠲᠡᠭᠦᠰᠦᠭᠰᠡᠨ ᠰᠤᠷᠤᠭᠴᠢ ᠶᠢ ᠰᠢᠯᠭᠠᠭᠤᠯᠤᠭᠴᠢ ᠶᠢᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠤᠮᠤ᠂ ᠰᠢᠶᠠᠩ ᠪᠠᠯᠭᠠᠰᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠲᠠᠪᠳᠠᠵᠦ ᠪᠠᠶᠢᠭ᠎ᠠ ᠰᠤᠷᠭᠠᠭᠤᠯᠢ ᠠᠴᠠ ᠨᠢ ᠬᠠᠷᠢᠭᠤᠴᠠᠨ᠎ᠠ︶᠃      3. ᠰᠤᠷᠭᠠᠭᠤᠯᠢ ᠶᠢᠨ ᠬᠠᠷᠢᠶᠠᠯᠠᠯ ᠤᠨ ᠬᠡᠷᠡᠴᠢ ︵ᠰᠤᠷᠭᠠᠭᠤᠯᠢ ᠶᠢᠨ ᠬᠠᠷᠢᠶᠠᠯᠠᠯ ᠨᠤᠮᠧᠷ᠂ ᠰᠤᠷᠭᠠᠭᠤᠯᠢ ᠳᠤ ᠤᠷᠤᠭᠰᠠᠨ ᠴᠠᠭ ᠬᠤᠭᠤᠴᠠᠭ᠎ᠠ ᠳᠤ ᠭᠠᠷ ᠤᠨ ᠦᠰᠦᠭ ᠵᠢᠷᠤᠵᠦ᠂ ᠲᠠᠮᠠᠭ᠎ᠠ ᠲᠠᠷᠤᠬᠤ ᠬᠡᠷᠡᠭᠳᠡᠢ︶᠂ ᠰᠤᠷᠭᠠᠭᠤᠯᠢ  ᠶᠢᠨ ᠬᠠᠷᠢᠶᠠᠯᠠᠯ ᠦᠭᠡᠢ ᠰᠢᠯᠭᠠᠭᠤᠯᠤᠭᠴᠢ ᠪᠤᠳᠠᠳᠠᠢ ᠰᠤᠷᠤᠯᠴᠠᠭᠰᠠᠨ ᠭᠡᠷᠡᠴᠢ᠂ ᠦᠩᠭᠡᠷᠡᠭᠰᠡᠨ ᠬᠤᠭᠤᠴᠠᠭᠠᠨ ᠤ ᠰᠤᠷᠤᠭᠴᠢ ᠰᠤᠷᠤᠯᠭ᠎ᠠ ᠲᠡᠭᠦᠰᠦᠭᠰᠡᠨ ᠦᠨᠡᠮᠡᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ᠃      4. ᠰᠢᠯᠭᠠᠭᠤᠯᠤᠭᠴᠢ ᠶᠢᠨ ᠲᠤᠰ ᠬᠦᠮᠦᠨ ᠪᠠ ᠡᠴᠢᠬᠡ ᠡᠬᠡ ︵ᠪᠤᠶᠤ ᠬᠠᠷᠠᠭᠠᠯᠵᠠᠨ ᠬᠠᠮᠠᠭᠠᠯᠠᠭᠴᠢ︶ ᠶᠢᠨ ᠡᠷᠦᠬᠡ ᠠᠮᠠ ᠶᠢᠨ ᠤᠭ ᠮᠠᠲ᠋ᠧᠷᠢᠶᠠᠯ ᠵᠢᠴᠢ ᠬᠠᠭᠤᠯᠪᠤᠷᠢ ︵ᠡᠷᠦᠬᠡ ᠠᠮᠠ ᠶᠢᠨ ᠨᠢᠭᠡᠳᠦᠭᠡᠷ ᠨᠢᠭᠤᠷ ᠪᠠ ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠵᠦᠪ ᠲᠠᠯ᠎ᠠ ᠠᠴᠠ ᠨᠢ ᠪᠠᠭᠤᠯᠭᠠᠵᠦ᠂ ᠠᠷᠤ ᠲᠠᠯ᠎ᠠ ᠠᠴᠠ ᠨᠢ ᠡᠴᠢᠬᠡ ᠡᠬᠡ ᠶᠢᠨ ᠮᠡᠳᠡᠭᠡ ᠵᠠᠩᠭᠢ ᠶᠢ ᠲᠠᠷᠤᠮᠯᠠᠨ᠎ᠠ︶᠃      5. ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠴᠠ ᠭᠠᠳᠠᠨ᠎ᠠ ᠰᠤᠷᠤᠯᠴᠠᠵᠦ ᠪᠠᠶᠢᠭ᠎ᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠰᠢᠯᠭᠠᠭᠤᠯᠤᠭᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠯᠪᠠᠨ ᠲᠠᠮᠠᠭ᠎ᠠ ᠲᠠᠷᠤᠭᠰᠠᠨ ᠬᠠᠮ ᠰᠢᠯᠭᠠᠯᠳᠠ ᠶᠢᠨ ᠭᠡᠷᠡᠴᠢ ᠪᠤᠶᠤ ᠬᠢᠷᠢ ᠪᠦᠳᠦᠮᠵᠢ ᠶᠢᠨ ᠬᠠᠭᠤᠳᠠᠰᠦ᠃      6. ᠲᠦᠷᠦ ᠶᠢᠨ ᠪᠤᠳᠤᠯᠭ᠎ᠠ ᠶᠢᠨ ᠴᠢᠨᠠᠷᠳᠡᠢ ᠬᠠᠷᠠᠭᠠᠯᠵᠠᠯ ᠬᠦᠷᠳᠡᠬᠦ ᠰᠢᠯᠭᠠᠭᠤᠯᠤᠭᠴᠢ ᠡᠷᠬᠡᠪᠰᠢ ᠬᠤᠯᠪᠤᠭᠳᠠᠯ ᠪᠦᠬᠦᠢ ᠬᠡᠷᠡᠴᠢᠯᠡᠬᠦ ᠮᠠᠲ᠋ᠧᠷᠢᠶᠠᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠶᠢ ᠲᠤᠰᠢᠶᠠᠬᠤ ᠬᠡᠷᠡᠭᠳᠡᠢ᠃      7. ᠤᠷᠤᠨ ᠤ ᠭᠠᠳᠠᠨ᠎ᠠ ᠠᠵᠢᠯ ᠬᠦᠳᠡᠯᠮᠦᠷᠢ ᠬᠢᠵᠦ ᠪᠠᠶᠢᠭ᠎ᠠ ᠬᠦᠮᠦᠰ ᠤᠨ ᠦᠷ᠎ᠡ ᠬᠡᠥᠬᠡᠳ ᠪᠤᠶᠤ ᠡᠷᠦᠬᠡ ᠠᠮᠠ ᠶᠢᠨ ᠲᠠᠩᠰᠠ ᠨᠢ ᠤᠷᠤᠨ ᠤ ᠭᠠᠳᠠᠨ᠎ᠠ ᠠᠴᠠ ᠮᠠᠨ ᠤ ᠤᠷᠤᠨ ᠳᠤ ᠨᠡᠭᠦᠵᠦ ᠢᠷᠡᠭᠰᠡᠨ ᠰᠢᠯᠭᠠᠭᠤᠯᠤᠭᠴᠢ ᠪᠠᠰᠠ ᠲᠤᠤᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠳᠡᠢ᠄      ︵1︶ ᠰᠦᠯᠵᠢᠶᠡᠨ ᠲᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ ᠦᠶ᠎ᠡ ᠳᠤ ᠲᠠᠷᠤᠮᠯᠠᠵᠦ ᠭᠠᠷᠭᠠᠭᠰᠠᠨ ᠡᠯ᠎ᠡ ᠲᠦᠷᠦᠯ ᠤᠨ ᠬᠢᠷᠢ ᠬᠡᠮ ᠤᠨ ᠬᠢᠨᠠᠨ ᠪᠠᠶᠢᠴᠠᠭᠠᠯᠳᠠ ᠶᠢᠨ ᠬᠦᠰᠦᠨᠦᠭ ︵ᠡᠷᠬᠡᠪᠰᠢ ᠬᠠᠮᠢᠶ᠎ᠠ ᠪᠦᠬᠦᠢ ᠰᠠᠯᠠᠭ᠎ᠠ ᠮᠦᠴᠢᠷ  ᠠᠴᠠ ᠬᠢᠨᠠᠨ ᠬᠠᠷᠠᠭᠤᠯᠤᠭᠰᠠᠨ ᠰᠠᠨᠠᠯ ᠢᠶᠠᠨ ᠴᠤᠬᠤᠯᠠᠪᠤᠷᠢᠯᠠᠬᠤ ᠶᠢᠨ ᠬᠠᠮᠳᠦ ᠭᠠᠷ ᠤᠨ ᠦᠰᠦᠭ ᠵᠢᠷᠤᠵᠦ ᠲᠠᠮᠠᠭ᠎ᠠ ᠲᠠᠷᠤᠬᠤ ᠬᠡᠷᠡᠭᠳᠡᠢ︶᠃      ︵2︶ ᠭᠡᠷ ᠤᠨ ᠠᠬᠠᠮᠠᠳ ᠤᠨ ᠤᠷᠤᠨ ᠰᠠᠭᠤᠴᠠ᠂ ᠠᠵᠢᠯ ᠠᠯᠪᠠ᠂ ᠭᠠᠶᠢᠯᠢ ᠲᠤᠰᠢᠶᠠᠭᠰᠠᠨ ᠪᠤᠶᠤ ᠨᠡᠶᠢᠭᠡᠮ  ᠤᠨ ᠲᠠᠭᠠᠳᠬᠠᠯ ᠤᠨ ᠭᠡᠷᠡᠴᠢ ᠶᠢᠨ ᠤᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ᠃      ᠲᠠᠪᠤ᠂ ᠪᠤᠰᠤᠳ ᠵᠦᠢᠯ᠄     1. ᠲᠤᠬᠠᠢ ᠶᠢᠨ ᠲᠠᠯᠠᠪᠤᠷ ᠤᠨ ᠨᠤᠳᠠᠯᠠᠯᠳᠠ ᠠᠴᠠ ᠡᠮᠦᠨ᠎ᠡ ᠤᠷᠢᠳᠴᠢᠯᠠᠨ ᠮᠡᠳᠡᠭᠦᠯᠬᠦ ᠬᠦᠰᠦᠨᠦᠭ ᠤᠨ ᠱᠠᠭᠠᠷᠳᠠᠯᠭ᠎ᠠ ᠶᠢ ᠨᠠᠷᠢᠨ ᠨᠢᠮᠪᠠᠢ ᠪᠠᠶᠢᠴᠠᠭᠠᠨ ᠦᠵᠡᠵᠦ᠂ ᠲᠠᠭᠯᠠᠭᠰᠠᠨ ᠮᠡᠳᠡᠭᠡ ᠵᠠᠩᠭᠢ ᠶᠢ ᠪᠠᠶᠢᠴᠠᠭᠠᠭᠰᠠᠨ ᠤ ᠲᠠᠷᠠᠭ᠎ᠠ᠂ ᠤᠷᠢᠳᠠᠪᠠᠷ ᠰᠦᠯᠵᠢᠶᠡᠨ ᠲᠡᠭᠡᠷ᠎ᠡ ᠨᠡᠷ᠎ᠡ ᠮᠡᠳᠡᠭᠦᠯᠬᠦ ᠰᠦᠢᠳᠭᠡᠯ ᠢᠶᠠᠨ ᠲᠤᠰᠢᠶᠠᠭᠰᠠᠨ ᠤ ᠲᠠᠷᠠᠭ᠎ᠠ ᠰᠠᠶ᠋ᠢ ᠲᠤᠬᠠᠢ ᠶᠢᠨ ᠲᠠᠯᠠᠪᠤᠷ ᠲᠤ ᠮᠡᠳᠡᠭᠡ ᠵᠠᠩᠭᠢ ᠶᠢ ᠨᠤᠳᠠᠯᠠᠵᠦ ᠪᠤᠯᠤᠨ᠎ᠠ᠂ ᠬᠡᠷᠪᠡ ᠤᠷᠢᠳᠴᠢᠯᠠᠨ ᠮᠡᠳᠡᠭᠦᠯᠬᠦ ᠨᠡᠷ᠎ᠡ ᠶᠢᠨ ᠮᠡᠳᠡᠭᠡ ᠵᠡᠩᠭᠢ ᠳᠤ ᠵᠠᠰᠠᠪᠤᠷᠢ ᠤᠷᠤᠭᠤᠯᠬᠤ ᠳᠤ ᠬᠦᠷᠪᠡᠯ᠂ ᠤᠷᠢᠳᠴᠢᠯᠠᠨ ᠮᠡᠳᠡᠭᠦᠯᠬᠦ ᠬᠦᠰᠦᠨᠦᠭᠳᠦ ᠶᠢ ᠲᠠᠬᠢᠵᠦ ᠲᠠᠷᠤᠮᠯᠠᠬᠤ ᠶᠢᠨ ᠬᠠᠮᠳᠦ ᠭᠠᠷ ᠤᠨ ᠦᠰᠦᠭ ᠵᠢᠷᠦᠵᠦ ᠲᠠᠮᠠᠭ᠎ᠠ ᠲᠠᠷᠤᠬᠤ ᠬᠡᠷᠡᠭᠳᠡᠢ᠂ ᠤᠷᠢᠳᠴᠢᠯᠠᠨ ᠮᠡᠳᠡᠬᠦᠯᠬᠦ ᠬᠦᠰᠦᠨᠦᠭᠳᠦ ᠶᠢ ᠡᠪᠬᠡᠵᠦ ᠪᠤᠯᠬᠤ ᠦᠬᠡᠢ᠂ ᠪᠤᠬᠢᠷ ᠪᠤᠷᠳᠤᠭ ᠪᠤᠯᠭᠠᠵᠦ ᠪᠤᠯᠬᠤ ᠦᠬᠡᠢ ᠃      2. ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ︽2024 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠩ ᠤᠨ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠠᠷ᠎ᠠ ᠮᠡᠳᠡᠭᠦᠯᠬᠦ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾ ᠤᠨ ᠨᠠᠷᠢᠨ ᠪᠠᠶᠢᠳᠠᠯ ᠢ ᠯᠠᠪᠯᠠᠵᠦ ᠦᠵᠡᠭᠡᠷᠡᠢ᠃      3. ᠠᠵᠢᠯᠯᠠᠬᠤ ᠴᠠᠭ᠄ ᠦᠳᠡ ᠶᠢᠨ ᠡᠮᠦᠨ᠎ᠡ᠄8᠄30 —12᠄00 ᠴᠠᠭ᠂ ᠦᠳᠡ ᠶᠢᠨ ᠬᠤᠶᠢᠨ᠎ᠠ2 ᠄30 —5᠄30᠃ ᠨᠡᠷ᠎ᠡ ᠮᠡᠳᠡᠭᠦᠯᠬᠦ ᠬᠤᠭᠤᠴᠠᠭᠠᠨ ᠳᠤ ᠭᠠᠷᠠᠭ ᠤᠨ ᠵᠢᠷᠭᠤᠭᠠᠨ ᠤ ᠡᠳᠦᠷ ᠠᠮᠠᠷᠠᠬᠤ ᠦᠭᠡᠢ ᠬᠡᠪ  ᠤᠨ ᠶᠤᠰᠤᠭᠠᠷ ᠠᠵᠢᠯᠠᠯᠠᠨ᠎ᠠ᠃4. ᠠᠰᠠᠭᠤᠨ ᠯᠠᠪᠯᠠᠬᠤ ᠤᠳᠠᠰᠦ᠄0472 —8423696                                        ᠲᠠᠷᠬᠠᠨ ᠮᠤᠤᠤᠮᠢᠩᠭᠠᠨ ᠬᠤᠯᠪᠤᠭᠠᠳᠦ ᠬᠤᠰᠢᠭᠤᠨ ᠤ                 ᠰᠤᠷᠤᠭᠴᠢᠳ ᠢ ᠲᠤᠰᠠᠯᠠᠬᠤ ᠪᠠ ᠰᠤᠷᠭᠠᠨ ᠬᠦᠮᠦᠵᠢᠯ ᠤᠨ                 ᠰᠤᠷᠤᠭᠴᠢ ᠡᠯᠰᠡᠬᠦ ᠰᠢᠯᠭᠠᠯᠳᠠ ᠶᠢᠨ ᠲᠦᠪ                     2023 ᠤᠨ ᠤ11 ᠰᠠᠷ᠎ᠠ ᠶᠢᠨ1 ᠤ ᠡᠳᠦᠷ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号