ᠤᠶᠢᠷ᠎ᠠ ᠳᠤ᠂ ᠪᠠᠭ᠎ᠠ ᠤᠩᠭᠤᠨ ᠰᠢᠶᠠᠩ ᠤᠨ ᠰᠢ ᠭᠧ ᠳ᠋ᠠᠨ ︵ᠰᠢ ᠶᠢᠩ ᠫᠠᠨ︶ ᠤ ᠡᠷᠡᠭᠦᠯ ᠬᠠᠮᠠᠭᠠᠯᠠᠯ ᠤᠨ | ᠬᠤᠷᠢᠶ᠎ᠠ ᠳᠤ᠂ ᠰᠤᠷᠪᠤᠯᠵᠢᠯᠠᠭᠴᠢ ᠨᠡᠯᠢᠶᠡᠳ ᠤᠯᠠᠨ ᠲᠤᠰᠬᠤᠨ ᠤ ᠠᠷᠠᠳ ᠤᠳ ᠡᠮᠨᠡᠭᠦᠯᠵᠦ ᠪᠠᠶᠢᠬᠤ ᠶᠢ ᠤᠯᠵᠦ | ᠬᠠᠷᠠᠪᠠ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠤ ᠡᠯ᠎ᠡ ᠰᠠᠯᠠᠭ᠎ᠠ | ᠲᠠᠰᠤᠭ ᠤᠨ ᠡᠮᠴᠢ ᠶᠢᠨ ᠪᠦᠯᠬᠦᠮ ᠤᠨ ᠬᠢᠨ ᠲᠤᠰᠬᠤᠨ ᠤ ᠠᠷᠠᠳ ᠤᠨ ᠡᠪᠡᠳᠴᠢᠨ ᠤ ᠪᠠᠶᠢᠳᠠᠯ ᠢ ᠨᠠᠷᠢᠨ | ᠠᠰᠠᠭᠤᠵᠦ᠂ ᠠᠰᠠᠭᠤᠯᠳᠠ ᠶᠢ ᠬᠦᠯᠢᠴᠡᠩᠭᠦᠢ ᠪᠠᠷ ᠬᠠᠷᠢᠭᠤᠯᠬᠤ ᠶᠢᠨ ᠬᠠᠮᠳᠦ ᠬᠠᠮᠢᠶ᠎ᠠ ᠪᠦᠬᠦᠢ ᠡᠪᠡᠳᠴᠢᠨ ᠡᠮᠭᠡᠭ | ᠤᠨ ᠲᠤᠬᠠᠢ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠨᠳᠦ ᠶᠢ ᠬᠠᠮᠠᠭᠠᠯᠠᠬᠤ ᠵᠢᠴᠢ ᠡᠮᠨᠡᠨ ᠵᠠᠰᠠᠬᠤ ᠰᠠᠨᠤᠭᠤᠯᠭᠠ | ᠲᠤᠷᠠᠳᠴᠦ᠂ ᠲᠤᠰᠬᠤᠨ ᠤ ᠠᠷᠠᠳ ᠲᠤ ᠬᠠᠮᠤᠭ ᠤᠨ ᠲᠦᠬᠦᠮ ᠲᠦᠳᠡ ᠠᠷᠭ᠎ᠠ ᠬᠡᠯᠪᠡᠷᠢ ᠪᠠᠷ ᠲᠤᠰᠬᠠᠢ ᠡᠮᠴᠢᠯᠡᠭᠡᠨ | ᠤ ᠦᠢᠯᠡᠴᠢᠯᠡᠭᠡ ᠬᠦᠷᠳᠡᠭᠡᠵᠦ᠂ ᠤᠯᠠᠨ ᠲᠦᠮᠡᠨ ᠢ ᠡᠷᠡᠭᠦᠯ ᠮᠡᠨᠳᠦ ᠶᠢᠨ ᠦᠵᠡᠯᠳᠡ ᠪᠠ ᠡᠷᠡᠭᠦᠯ ᠮᠡᠨᠳᠦ ᠠᠮᠢᠳᠤᠷᠠᠯ | ᠤᠨ ᠲᠠᠳᠬᠠᠯ ᠲᠠᠢ ᠪᠤᠯᠭᠠᠬᠤ ᠶᠢ ᠵᠢᠯᠤᠭᠤᠳᠤᠭᠰᠠᠨ ᠪᠠᠶᠢᠨ᠎ᠠ᠃ | | | ᠪᠠᠭ᠎ᠠ ᠣᠩᠭᠤᠨ ᠰᠢᠶᠠᠩ ᠪᠤᠯ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ12 ᠰᠤᠮᠤ ᠰᠢᠶᠠᠩ | ᠪᠠᠯᠭᠠᠰᠤᠨ ᠤ ᠨᠢᠭᠡ ᠪᠠᠶᠢᠵᠦ᠂ ᠣᠳᠣ ᠰᠢ ᠭᠧ ᠳ᠋ᠠᠨ ︵ᠰᠢ ᠶᠢᠩ ᠫᠠᠨ︶ ᠪᠤᠯᠤᠨ ᠪᠠᠭ᠎ᠠ ᠤᠩᠭᠤᠨ2 ᠡᠷᠡᠭᠦᠯ | ᠬᠠᠮᠠᠭᠠᠯᠠᠯ ᠤᠨ ᠬᠤᠷᠢᠶ᠎ᠠ ᠲᠠᠢ ᠪᠠᠶᠢᠵᠦ᠂ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠨᠢ ᠪᠠᠶᠢᠩᠭᠤ ᠰᠠᠭᠤᠭ᠎ᠠ4200 | ᠭᠠᠷᠤᠢ ᠬᠦᠮᠦᠨ ᠠᠮᠠ ᠶᠢ ᠬᠠᠮᠤᠷᠴᠦ ᠪᠤᠢ᠃2 ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠤᠰᠢᠭᠤᠨ ᠤ ᠵᠠᠰᠠᠭ ᠤᠨ | ᠤᠷᠳᠤᠨ ᠤ ᠰᠠᠭᠤᠭ᠎ᠠ ᠭᠠᠵᠠᠷ ᠪᠠᠳᠤᠬᠠᠭᠠᠯᠭ᠎ᠠ ᠪᠠᠯᠭᠠᠰᠤ ᠠᠴᠠ100 ᠭᠠᠷᠤᠢ ᠺᠢᠯᠤᠮᠧᠲᠷ ᠵᠠᠶᠢᠳᠠᠢ ᠪᠠᠶᠢᠳᠠᠭ ᠪᠤᠯᠬᠤᠷ | ᠲᠤᠬᠠᠢ ᠶᠢᠨ ᠭᠠᠵᠠᠷ ᠤᠨ ᠤᠯᠠᠨ ᠲᠦᠮᠡᠨ ᠲᠦᠷᠪᠡᠳ ᠬᠤᠰᠢᠭᠤᠨ ᠤ ᠤᠯᠠᠭᠠᠠᠬᠤᠸᠠ ᠪᠠᠯᠭᠠᠰᠤᠨ ᠤ ᠡᠮᠨᠡᠯᠭᠡ ᠶᠢᠨ | ᠬᠤᠷᠢᠶ᠎ᠠ ︵35 ᠺᠢᠯᠤᠮᠧᠲᠷ ᠵᠠᠶᠢᠳᠠᠢ︶ ᠳᠤ ᠬᠦᠷᠴᠦ ᠡᠮᠨᠡᠭᠦᠯᠳᠡᠭ᠃ ᠬᠡᠪᠡᠴᠦ ᠡᠭᠦᠳᠡᠨ ᠡᠮᠨᠡᠯᠭᠡ ᠶᠢᠨ ᠵᠠᠷᠤᠳᠠᠯ ᠢ | ᠲᠠᠩᠰᠠᠨ ᠠᠴᠠ ᠲᠠᠶᠢᠯᠬᠤ ᠶᠢᠨ ᠠᠷᠭ᠎ᠠ ᠦᠬᠡᠢ ᠪᠠᠶᠢᠳᠠᠯ ᠭᠠᠷᠴᠦ ᠪᠠᠶᠢᠳᠠᠭ᠃ ᠪᠠᠭ᠎ᠠ ᠤᠩᠭᠤᠨ ᠰᠢᠶᠠᠩ ᠤᠨ ᠡᠷᠡᠭᠦᠯ | ᠬᠠᠮᠠᠭᠠᠯᠠᠯ ᠤᠨ ᠬᠤᠷᠢᠶ᠎ᠠ ᠪᠤᠶᠢᠳᠠ ᠪᠦᠭᠯᠡᠬᠦᠦ ᠭᠠᠵᠠᠷ ᠲᠤ ᠪᠠᠶᠢᠷᠢᠯᠠᠵᠦ᠂ ᠲᠤᠰᠬᠠᠢ ᠮᠡᠷᠭᠡᠵᠢᠯ ᠤᠨ ᠡᠮᠨᠡᠯᠭᠡ ᠶᠢᠨ | ᠠᠵᠢᠯᠳᠠᠨ ᠢᠶᠠᠷ ᠲᠤᠳᠠᠮᠠᠭ ᠪᠠᠶᠢᠵᠦ᠂ ᠦᠷᠭᠦᠯᠵᠢ ᠡᠮ ᠡᠮᠨᠡᠯᠭᠡ ᠲᠤᠳᠠᠭᠳᠠᠵᠦ ᠪᠠᠶᠢᠬᠤ ᠪᠤᠶᠤ ᠵᠦᠪᠬᠡᠨ ᠡᠮ | ᠬᠤᠳᠠᠯᠳᠤᠭᠠᠳ ᠡᠪᠡᠳᠴᠢᠨ ᠦᠵᠡᠬᠦ ᠦᠬᠡᠢ ᠪᠠᠶᠢᠳᠠᠯ ᠤᠷᠤᠰᠢᠳᠠᠭ᠃ | ᠬᠤᠶᠠᠳᠤᠭᠠᠷ ᠪᠦᠯᠦᠭ ᠤᠨ ᠭᠤᠤᠯ ᠰᠡᠳᠦᠪᠳᠦ ᠬᠦᠮᠦᠵᠢᠯ ᠢ ᠦᠷᠨᠢᠭᠦᠯᠦᠭᠰᠡᠨ ᠠᠴᠠ ᠨᠠᠰᠢ᠂ ᠲᠠᠷᠬᠠᠨ | ᠮᠤᠤᠮᠢᠩᠭᠠᠨ ᠬᠤᠯᠪᠤᠭᠠᠳᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠡᠮ ᠡᠮᠨᠡᠯᠭᠡ ᠡᠷᠡᠭᠦᠯ | ᠬᠠᠮᠠᠭᠠᠯᠠᠯ ᠤᠨ ᠬᠦᠷᠢᠶᠡᠨ ᠳᠤ ᠤᠷᠤᠰᠢᠵᠦ ᠪᠠᠶᠢᠭ᠎ᠠ ᠲᠤᠳᠠᠭᠳᠠᠯ ᠪᠠ ᠪᠠᠭᠤᠷᠠᠢ ᠲᠠᠯ᠎ᠠ ᠳᠤ ᠠᠩᠬᠠᠷᠤᠯ ᠢᠶᠠᠨ | ᠲᠦᠪᠯᠡᠷᠡᠭᠦᠯᠵᠦ᠂ ᠪᠤᠳᠠᠳᠠᠢ ᠭᠠᠵᠠᠷ ᠲᠤᠨᠢ ᠪᠠᠶᠢᠴᠠᠭᠠᠨ ᠰᠤᠳᠤᠯᠤᠯᠳᠠ ᠬᠢᠭᠰᠡᠨ ᠤ ᠲᠠᠷᠠᠭ᠎ᠠ᠂ ᠪᠤᠶᠢᠳᠠ ᠪᠦᠭᠯᠡᠭᠦᠦ | ᠭᠠᠵᠠᠷ ᠤᠷᠤᠨ ᠤ ᠤᠯᠠᠨ ᠲᠦᠮᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠴᠢᠮ ᠬᠦᠴᠢᠷ | ᠠᠰᠠᠭᠤᠳᠠᠯ ᠢ ᠰᠢᠢᠳᠪᠦᠷᠢᠯᠡᠬᠦ ᠲᠠᠢ ᠨᠢᠠᠠᠳᠠ ᠤᠶᠠᠯᠳᠤᠭᠤᠯᠤᠨ᠂ ᠰᠤᠷᠤᠯᠴᠠᠬᠤ ᠰᠡᠳᠬᠢᠬᠦ ᠬᠡᠷᠡᠭᠯᠡᠬᠦ ᠶᠢ | ᠨᠡᠪᠳᠡᠷᠡᠯᠴᠡᠭᠦᠯᠬᠦ᠂ ᠮᠡᠳᠡᠯᠭᠡ ᠢᠳᠡᠭᠡᠮᠵᠢ ᠠᠵᠢᠯᠯᠠᠭ᠎ᠠ ᠶᠢ ᠨᠢᠭᠡᠳᠭᠡᠬᠦ ᠶᠢ ᠪᠠᠷᠢᠮᠳᠠᠯᠠᠵᠦ᠂ ᠲᠠᠷᠬᠠᠨ ᠮᠤᠤᠮᠢᠩᠭᠠᠨ | ᠬᠤᠯᠪᠤᠭᠠᠳᠦ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠪᠠ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠶᠢ ᠵᠤᠬᠢᠴᠠᠭᠤᠯᠤᠨ ᠵᠤᠬᠢᠶᠠᠨ ᠪᠠᠶᠢᠭᠤᠯᠵᠦ᠂ ︽ᠲᠦᠷᠪᠡ ᠶᠢ ᠦᠨᠳᠦᠰᠦᠨ ᠱᠠᠳᠤᠨ ᠳᠤ ᠪᠠᠭᠤᠯᠭᠠᠬᠤ︾ | ᠡᠭᠦᠷᠭᠡ ᠶᠢᠨ ᠱᠠᠭᠠᠷᠳᠠᠯᠭ᠎ᠠ ᠪᠠᠷ ᠭᠠᠷᠳᠠᠴᠠ ᠪᠤᠯᠭᠠᠨ᠂ ᠦᠨᠳᠦᠰᠦᠨ ᠱᠠᠳᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠵᠦ᠂ ᠦᠨᠳᠦᠰᠦᠨ ᠱᠠᠳᠤᠨ ᠤ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠪᠠᠷ ᠡᠬᠢᠯᠡᠯᠳᠡ ᠶᠢᠨ ᠴᠡᠭ ᠪᠤᠯᠭᠠᠨ᠂ ᠤᠯᠠᠨ ᠳᠤ ᠭᠡᠷ ᠤᠨ ᠡᠭᠦᠳᠡᠨ ᠳᠤ ᠨᠢ ᠰᠢᠯᠢᠳᠡᠭ ᠡᠮᠴᠢᠯᠡᠭᠡᠨ ᠤ | ᠦᠢᠯᠡᠴᠢᠯᠡᠭᠡ ᠬᠦᠷᠳᠡᠭᠡᠪᠡ᠃ | | | ︽ᠮᠠᠨ ᠤ ᠨᠠᠰᠣᠳᠠᠶᠢᠴᠣᠳ ᠭᠠᠳᠠᠭᠰᠢ ᠭᠠᠷᠴᠦ ᠡᠪᠡᠳᠴᠢᠨ ᠦᠵᠡᠭᠦᠯᠬᠦ ᠳᠤ ᠲᠦᠬᠦᠮ ᠦᠬᠡᠢ᠂ ᠦᠷ᠎ᠡ | ᠬᠡᠥᠬᠡᠳ ᠴᠦ ᠲᠡᠷᠭᠡᠳᠡ ᠪᠠᠶᠢᠬᠤ ᠦᠬᠡᠢ᠂ ᠡᠩ ᠤᠨ ᠪᠠᠶᠢᠳᠠᠯ ᠳᠤ ᠲᠡᠶᠢᠮᠤ ᠦᠨᠳᠦ ᠡᠪᠡᠳᠴᠢᠨ ᠪᠢᠰᠢ ᠪᠤᠯ ᠡᠮᠨᠡᠯᠭᠡ | ᠳᠤ ᠤᠴᠢᠳᠠᠭ ᠦᠬᠡᠢ᠂ ᠤᠳᠤ ᠰᠠᠶᠢᠨ ᠪᠤᠯᠵᠠᠢ᠂ ᠡᠮᠴᠢ ᠭᠡᠷ ᠤᠨ ᠡᠭᠦᠳᠡᠨ ᠳᠤ ᠢᠷᠡᠵᠦ ᠡᠪᠳᠴᠢᠨ ᠦᠵᠡᠵᠦ | ᠦᠨᠡᠭᠡᠷ ᠲᠦᠬᠦᠮ ᠪᠤᠯᠵᠠᠢ︾ ᠭᠡᠵᠦ ᠪᠠᠭ᠎ᠠ ᠤᠩᠭᠤᠨ ᠰᠢᠶᠠᠩ ᠤᠨ ᠠᠷᠠᠳ ᠶᠠᠩ ᠠᠨᠢᠶ᠎ᠠ ᠡᠮᠨᠡᠯᠭᠡ ᠶᠢᠨ ᠬᠠᠮᠳᠦ ᠶᠢᠨ | ᠴᠤᠭᠴᠠ ᠶᠢᠨ ᠲᠤᠭᠳᠠᠮᠠᠯ ᠬᠤᠭᠤᠴᠠᠭ᠎ᠠ ᠲᠠᠢ ᠪᠠᠷ ᠲᠤᠭᠤᠷᠢᠨ ᠡᠮᠴᠢᠯᠡᠵᠦ ᠬᠦᠳᠡᠭᠡ ᠪᠠᠭᠤᠯᠭᠠᠬᠤ ᠠᠵᠢᠯᠯᠠᠭ᠎ᠠ ᠳᠤ | ᠮᠠᠰᠢ ᠰᠡᠳᠬᠢᠯ ᠬᠠᠨᠤᠮᠵᠢᠳᠠᠢ ᠶᠠᠷᠢᠵᠦ ᠪᠠᠶᠢᠯ᠎ᠠ᠃ | ᠪᠤᠶᠢᠳᠠ ᠪᠦᠭᠯᠡᠬᠦᠦ ᠭᠠᠵᠠᠷ ᠤᠷᠤᠨ ᠤ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠬᠦᠴᠢᠷ | ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠪᠠᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠠᠴᠠ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠪᠤᠯᠤᠨ ᠪᠠᠭ᠎ᠠ | ᠤᠩᠭᠤᠨ ᠰᠢᠶᠠᠩ ᠤᠨ2 ᠡᠷᠡᠭᠦᠯ ᠬᠠᠮᠠᠭᠠᠯᠠᠯ ᠤᠨ ᠬᠤᠷᠢᠶ᠎ᠠ ᠶᠢ ᠵᠤᠬᠢᠶᠠᠨ ᠪᠠᠶᠢᠭᠤᠯᠬᠤ ᠪᠠᠷ ᠲᠠᠮᠵᠢᠨ ᠡᠮᠨᠡᠯᠭᠡ ᠶᠢᠨ | ᠬᠠᠮᠳᠦ ᠶᠢᠨ ᠴᠤᠭᠴᠠ ᠪᠠᠶᠢᠭᠤᠯᠵᠦ᠂ ᠲᠤᠭᠳᠠᠭᠰᠠᠨ ᠴᠠᠭ ︵ᠬᠠᠭᠠᠰ ᠰᠠᠷ᠎ᠠ ᠪᠦᠷᠢ︶᠂ ᠲᠤᠭᠳᠠᠭᠰᠠᠨ ᠰᠠᠯᠠᠭ᠎ᠠ | ᠲᠠᠰᠤᠭ ︵5 ᠭᠤᠤᠯᠳᠠᠯᠭ᠎ᠠ ᠲᠠᠢ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ︶ ᠢ ᠦᠨᠳᠦᠰᠦᠨ ᠱᠠᠳᠤᠨ ᠳᠤ | ᠪᠠᠭᠤᠯᠭᠠᠵᠦ ᠲᠦᠪᠯᠡᠷᠡᠭᠦᠯᠦᠨ ᠡᠮᠨᠡᠬᠦ ᠠᠵᠢᠯᠯᠠᠭ᠎ᠠ ᠦᠷᠨᠢᠭᠦᠯᠵᠡᠢ᠃ ᠪᠠᠰᠠ3.84 ᠲᠦᠮᠡᠨ ᠲᠦᠭᠦᠷᠢᠭ ᠭᠠᠷᠭᠠᠵᠦ᠂ | ᠰᠢ ᠭᠧ ᠳ᠋ᠠᠨ ︵ᠰᠢ ᠶᠢᠩ ᠫᠠᠨ︶ ᠡᠷᠡᠭᠦᠯ ᠬᠠᠮᠠᠭᠠᠯᠠᠯ ᠤᠨ ᠬᠤᠷᠢᠶ᠎ᠠ ᠳᠤ ᠵᠢᠯ ᠲᠤᠷᠰᠢ1 ᠬᠢᠳᠡᠳ ᠡᠮᠴᠢ ᠶᠢ | ᠣᠷᠢᠵᠦ ᠬᠢᠳᠠᠳ ᠡᠮᠨᠡᠯᠭᠡ ᠶᠢᠨ ᠤᠷᠳᠤᠨ ᠢ ᠰᠡᠷᠭᠦᠭᠡᠪᠡ ︵ᠭᠠᠷᠠᠭ ᠤᠨ ᠡᠳᠦᠷ1 ᠡᠳᠦᠷ ᠡᠮᠨᠡᠵᠦ᠂ ᠰᠠᠷ᠎ᠠ ᠪᠦᠷᠢ4 | ᠣᠳᠠᠭ᠎ᠠ ᠡᠮᠨᠡᠨ᠎ᠡ︶᠃ ᠠᠩᠬᠠᠨ ᠤ ᠪᠦᠯᠦᠭ ᠲᠤ3.5 ᠲᠦᠮᠡᠨ ᠲᠦᠭᠦᠷᠢᠭ ᠤᠨ ᠬᠢᠳᠠᠳ ᠡᠮ ᠤᠨ ᠮᠠᠲ᠋ᠧᠷᠢᠶᠠᠯ | ᠬᠤᠳᠠᠯᠳᠤᠨ ᠠᠪᠴᠦ᠂ ᠬᠢᠳᠠᠳ ᠡᠮᠨᠡᠯᠭᠡ ᠶᠢᠨ ᠡᠮᠴᠢᠯᠡᠭᠡ ᠦᠷᠨᠢᠭᠦᠯᠬᠦ ᠳᠤ ᠲᠦᠭᠦᠮ ᠪᠤᠯᠭᠠᠬᠤ ᠶᠢᠨ ᠬᠠᠮᠳᠦ1 | ᠰᠤᠪᠢᠯᠠᠭᠴᠢ ᠤᠷᠢᠵᠦ᠂ ᠡᠳᠦᠷ ᠲᠤᠳᠤᠮ ᠤᠨ ᠡᠮ ᠲᠠᠷᠢᠵᠦ ᠡᠮ ᠶᠡᠭᠦᠯᠡᠬᠦ ᠵᠡᠷᠭᠡ ᠡᠩ ᠤᠨ ᠴᠢᠨᠠᠷᠳᠠᠢ ᠡᠸᠦᠷᠦᠫᠡ | ᠡᠮᠨᠡᠯᠭᠡ ᠶᠢᠨ ᠡᠮᠴᠢᠯᠡᠭᠡ ᠶᠢ ᠦᠷᠨᠢᠭᠦᠯᠦᠭᠰᠡᠨ ᠪᠠᠶᠢᠨ᠎ᠠ᠃ ᠪᠠᠭ᠎ᠠ ᠤᠩᠭᠤᠨ ᠰᠢᠶᠠᠩ ᠤᠨ2 ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠴᠢᠷᠮᠠᠶᠢᠨ ᠰᠠᠶᠢᠵᠢᠷᠠᠭᠤᠯᠵᠦ᠂ ᠡᠸᠦ᠋ᠷᠦᠫᠡ ᠡᠮᠨᠡᠯᠭᠡ ᠶᠢᠨ | ᠡᠮᠴᠢᠯᠡᠭᠡᠨ ᠤ ᠲᠠᠷᠢᠯᠭ᠎ᠠ ᠶᠢᠨ ᠡᠮ ᠶᠡᠭᠦᠯᠡᠬᠦ ᠡᠩ ᠤᠨ ᠴᠢᠨᠠᠷᠳᠠᠢ ᠤᠨᠤᠰᠢᠯᠠᠨ ᠡᠮᠨᠡᠬᠦ ᠪᠠ ᠬᠢᠳᠠᠳ ᠡᠮᠨᠡᠯᠭᠡ ᠶᠢᠨ | ᠤᠨᠤᠰᠢᠯᠠᠨ ᠡᠮᠨᠡᠬᠦ ᠲᠤᠬᠠᠶᠢᠯᠠᠭᠰᠠᠨ ᠠᠵᠢᠯ ᠢ ᠬᠡᠪ ᠤᠨ ᠪᠠᠶᠢᠳᠠᠯ ᠢᠶᠠᠷ ᠦᠷᠨᠢᠭᠦᠯᠬᠦ ᠶᠢ ᠦᠨᠡᠨ ᠬᠦ ᠪᠠᠳᠤᠯᠠᠵᠦ᠂ | ᠲᠤᠬᠠᠢ ᠶᠢᠨ ᠭᠠᠵᠠᠷ ᠤᠨ ᠤᠯᠠᠨ ᠲᠦᠮᠡᠨ ᠢᠯᠠᠩᠭᠤᠶ᠎ᠠ ᠨᠠᠰᠤᠳᠠᠶᠢᠴᠣᠳ ᠤᠨ ᠣᠳᠠᠭᠠᠨ ᠴᠢᠨᠠᠷᠳᠠᠢ ᠡᠪᠡᠳᠴᠢᠨ ᠢ | ᠤᠶᠢᠷ᠎ᠠ ᠬᠠᠪᠢ ᠳᠠᠭᠠᠨ ᠡᠮᠨᠡᠭᠦᠯᠬᠦ ᠠᠰᠠᠭᠤᠳᠠᠯ ᠢ ᠦᠨᠳᠦᠰᠡᠨ ᠳᠡᠭᠡᠨ ᠰᠢᠢᠳᠪᠦᠷᠢᠯᠡᠪᠡ᠃ | ᠲᠠᠷᠠᠭᠠᠴᠢ ᠶᠢᠨ ᠠᠯᠬᠤᠮ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠷᠡᠭᠦᠯ ᠬᠠᠮᠠᠭᠠᠠᠯ ᠡᠷᠡᠭᠦᠯ | ᠮᠡᠨᠳᠦ ᠶᠢᠨ ᠰᠢᠰᠲ᠋ᠧᠮ ᠤᠨ ᠬᠢᠨ ᠦᠷᠭᠦᠯᠵᠢᠯᠡᠨ ᠪᠦᠬᠦ ᠬᠤᠰᠢᠭᠤᠨ ᠤ ᠤᠯᠠᠨ ᠲᠦᠮᠡᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠠᠷᠠᠳ ᠤᠨ ᠲᠦᠯᠦᠭᠡ ᠪᠤᠳᠠᠳᠠᠢ | ᠶᠠᠪᠤᠳᠠᠯ ᠬᠢᠬᠦ᠂ ᠰᠠᠶᠢᠨ ᠶᠠᠪᠤᠳᠠᠯ ᠬᠢᠬᠦ᠂ ᠬᠦᠴᠢᠷᠳᠡᠢ ᠶᠠᠪᠤᠳᠠᠯ ᠢ ᠰᠢᠢᠳᠪᠦᠷᠢᠯᠡᠬᠦ ᠪᠠᠷ ᠵᠤᠷᠢᠯᠳᠠ ᠪᠤᠯᠭᠠᠵᠦ᠂ | ᠡᠮᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠯᠠᠭᠤᠯᠤᠯᠳᠠ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ᠂ ᠡᠮᠴᠢᠯᠡᠭᠡᠨ | ᠤ ᠦᠢᠯᠡᠴᠢᠯᠡᠭᠡ ᠶᠢᠨ ᠭᠤᠤᠯᠳᠠᠯᠭ᠎ᠠ ᠶᠢ ᠲᠤᠷᠤᠭᠰᠢ ᠰᠢᠯᠵᠢᠭᠦᠯᠬᠦ᠂ ᠡᠬᠢ ᠪᠠᠶᠠᠯᠢᠭ ᠢ ᠲᠤᠷᠤᠭᠰᠢ ᠪᠠᠭᠤᠯᠭᠠᠬᠤ ᠶᠢ | ᠢᠳᠡᠪᠬᠢᠳᠡᠢ ᠪᠠᠷ ᠠᠬᠢᠭᠤᠯᠵᠦ᠂ ᠤᠯᠠᠨ ᠶᠠᠩᠵᠦ ᠶᠢᠨ ᠬᠡᠯᠪᠡᠷᠢ ᠶᠢᠨ ᠠᠵᠢᠯᠯᠠᠭ᠎ᠠ ᠪᠠᠷ ᠤᠯᠠᠨ ᠲᠦᠮᠡᠨ ᠤ ᠡᠷᠡᠭᠦᠯ | ᠮᠡᠨᠳᠦ ᠶᠢ ᠨᠡᠩ ︽ᠪᠠᠳᠤᠯᠠᠭ᠎ᠠ ᠲᠠᠢ︾ ᠪᠤᠯᠭᠠᠵᠦ᠂ ᠤᠯᠠᠨ ᠲᠦᠮᠡᠨ ᠤ ᠬᠦᠷᠳᠡᠭᠡᠮᠵᠢ ᠶᠢᠨ ᠲᠦᠷᠦᠭᠳᠡᠯ᠂ ᠵᠤᠯ | ᠵᠢᠷᠭᠠᠯᠳᠦ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠪᠤᠯᠤᠨ᠎ᠠ᠃ |