ᠮᠠᠨᠳᠤᠯ ᠪᠤᠭᠤᠮᠳᠠ ᠶᠢᠨH986 ᠲᠤᠮᠤ ᠬᠡᠯᠪᠡᠷᠢ ᠶᠢᠨ ᠴᠢᠩᠭᠡᠯᠢᠭ ᠤᠨ ᠮᠠᠰᠢᠨ ᠤ ᠪᠠᠶᠢᠴᠠᠭᠠᠯᠳᠠ ᠶᠢᠨ ᠵᠠᠮ ᠠᠰᠢᠭᠯᠠᠯᠳᠠ
ᠨᠡᠶᠢᠲᠡᠯᠡᠭᠰᠡᠨ ᠴᠠᠭ᠄
2023/11/15
      ᠮᠠᠨᠳᠤᠯ ᠪᠤᠭᠤᠮᠳᠠ ᠶᠢᠨH986 ᠲᠤᠮᠤ ᠬᠡᠯᠪᠡᠷᠢ ᠶᠢᠨ ᠴᠢᠩᠭᠡᠯᠢᠭ ᠢ ᠮᠠᠰᠢᠨ ᠢᠶᠠᠷ ᠪᠠᠶᠢᠴᠠᠭᠠᠬᠤ ᠨᠡᠪᠳᠡᠷᠡᠬᠦ ᠵᠠᠮ ᠢ ᠲᠤᠷᠰᠢᠨ ᠠᠵᠢᠯᠯᠠᠭᠤᠯᠬᠤ ᠶᠢ ᠲᠠᠭᠠᠯᠳᠤᠨ ᠮᠠᠨᠳᠤᠯ ᠪᠤᠭᠤᠮᠳᠠ ᠶᠢᠨ ᠪᠠᠷᠠᠭ᠎ᠠ ᠦᠩᠭᠡᠷᠡᠬᠦ ᠬᠢᠨᠠᠨ ᠬᠠᠮᠢᠶᠠᠷᠤᠯᠳᠠ  ᠶᠢᠨ ᠪᠠᠶᠢᠴᠠᠭᠠᠨ ᠰᠢᠯᠭᠠᠯᠳᠠ ᠳᠤ ᠪᠠᠰᠠ ᠨᠢᠭᠡ ᠵᠦᠢᠯ ᠤᠨ ︽ᠰᠢᠨ᠎ᠡ ᠮᠡᠷᠭᠡᠵᠢᠯ︾ ᠨᠡᠮᠡᠭᠰᠡᠨ ᠪᠠᠶᠢᠨ᠎ᠠ᠃      ᠮᠠᠨᠳᠤᠯ ᠪᠤᠭᠤᠮᠳᠠ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠶᠢᠳᠦ ᠬᠡᠰᠡᠭ᠂ ᠲᠤᠮᠳᠠᠳᠦ ᠮᠤᠩᠭᠤᠯ ᠤᠨ ᠬᠢᠯᠢ ᠶᠢᠨ757 ᠬᠢᠯᠢ ᠶᠢᠨ ᠬᠦᠰᠢᠶ᠎ᠡ ᠶᠢᠨ ᠭᠠᠵᠠᠷ ᠲᠤ ᠪᠠᠶᠢᠷᠢᠯᠠᠵᠦ᠂ ᠮᠤᠩᠭᠤᠯ ᠤᠯᠤᠰ ᠤᠨ ᠲᠤᠷᠤᠨᠠᠭᠤᠪᠢ ᠠᠶᠢᠮᠠᠭ ᠤᠨ ᠬᠠᠩᠭᠢ ᠪᠤᠭᠤᠮᠳᠠ ᠲᠠᠢ ᠵᠠᠯᠭᠠᠯᠳᠤᠨ᠂1992 ᠤᠨ ᠳᠤ ᠦᠪᠡᠷᠳᠡᠭᠡᠨ ᠵᠠᠰᠠᠬᠤ ᠤᠷᠳᠤᠨ ᠤ ᠵᠦᠪᠰᠢᠶᠡᠷᠡᠯ ᠢᠶᠠᠷ ᠨᠡᠭᠡᠭᠡᠭᠭᠰᠡᠨ ᠤᠯᠠᠷᠢᠯ ᠤᠨ ᠴᠢᠨᠠᠷᠳᠠᠢ ᠭᠠᠳᠠᠭᠠᠳᠦ ᠲᠦᠷᠦᠯ ᠤᠨ ᠪᠤᠭᠤᠮᠳᠠ ᠪᠤᠯᠤᠨ᠎ᠠ ᠃2015 ᠤᠨ ᠳᠤ᠂ ᠲᠤᠰ ᠪᠤᠭᠤᠮᠳᠠ ᠶᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠬᠤᠶᠠᠷ ᠲᠠᠯ᠎ᠠ ᠶᠢᠨ ᠪᠠᠶᠢᠩᠭᠤ ᠶᠢᠨ ᠴᠢᠨᠠᠷᠳᠠᠢ ᠵᠠᠮ ᠤᠨ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠪᠤᠭᠤᠮᠳᠠ ᠢᠶᠠᠷ ᠵᠦᠪᠰᠢᠶᠡᠷᠡᠭᠰᠡᠨ ᠪᠠᠶᠢᠨ᠎ᠠ᠃ ᠮᠦᠴᠦ ᠦᠪᠦᠷ ᠮᠤᠩᠭᠤᠯ ᠤᠨ18 ᠬᠠᠭᠤᠷᠠᠢ ᠵᠠᠮ ᠤᠨ ᠪᠤᠭᠤᠮᠳᠠ ᠶᠢᠨ ᠨᠢᠭᠡ᠂ ᠮᠠᠨ ᠤ ᠣᠯᠣᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢᠨ ᠬᠤᠪᠤᠭᠠᠰᠦ᠂ ᠲᠤᠮᠳᠠᠳᠦ ᠮᠤᠩᠭᠤᠯ ᠤᠷᠤᠰ ᠤᠨ ᠠᠵᠦ ᠠᠬᠤᠢ ᠶᠢᠨ ᠬᠤᠩᠭᠢᠯ ᠤᠨ ᠴᠢᠬᠤᠯᠠ ᠪᠠᠬᠢᠯᠡᠯᠳᠡ ᠶᠢᠨ ᠬᠤᠯᠪᠤᠭᠠᠰᠦ᠂ ᠲᠤᠮᠳᠠᠳᠦ ᠮᠤᠩᠭᠤᠯ ᠤᠷᠤᠰ ᠤᠨ ᠠᠵᠦ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠤᠯᠤᠨ᠎ᠠ᠃10 ᠰᠠᠷ᠎ᠠ ᠶᠢᠨ31 ᠤ ᠡᠳᠦᠷ ᠪᠤᠯᠳᠠᠯ᠎ᠠ᠂ ᠮᠠᠨᠳᠤᠯ ᠪᠤᠭᠤᠮᠳᠠ ᠶᠢᠨ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠᠷᠤᠭ404 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ74% ᠪᠠᠷ ᠨᠡᠮᠡᠭᠳᠡᠨ᠂ ᠮᠠᠨᠳᠤᠯ ᠪᠤᠭᠤᠮᠳᠠ ᠶᠢᠨ ᠪᠤᠭᠤᠮᠳᠠ ᠨᠡᠭᠡᠭᠡᠭᠳᠡᠭᠰᠡᠨ ᠠᠴᠠ ᠨᠠᠰᠢᠬᠢ ᠲᠡᠥᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠪᠠᠷᠤᠭ43 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ63% ᠨᠡᠮᠡᠭᠳᠡᠵᠠᠢ᠃     ︽ᠨᠢᠭᠡ ᠪᠦᠰᠡ ᠨᠢᠭᠡ ᠵᠠᠮ︾ ᠢ ᠬᠠᠮᠳᠦ ᠪᠠᠷ ᠪᠦᠳᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠲᠤᠷᠠᠳᠤᠭᠰᠠᠨ ᠤ ᠲᠠᠷᠠᠭ᠎ᠠ᠂ ᠪᠤᠭᠤᠮᠳᠠ ᠪᠠᠷ ᠦᠩᠭᠡᠷᠡᠬᠦ ᠦᠷ᠎ᠡ ᠪᠦᠳᠦᠮᠵᠢ ᠶᠢᠨ ᠲᠡᠭᠡᠭᠰᠢᠯᠡᠯᠳᠡ ᠶᠢ ᠪᠠᠳᠤᠯᠠᠵᠦ᠂ ᠪᠤᠭᠤᠮᠳᠠ ᠪᠠᠷ ᠦᠩᠭᠡᠷᠡᠬᠦ ᠴᠢᠳᠠᠪᠤᠷᠢ ᠶᠢ ᠲᠡᠭᠡᠭᠰᠢᠯᠡᠭᠦᠯᠬᠦ ᠶᠢᠨ ᠲᠦᠯᠦᠭᠡ᠂ ᠮᠠᠨᠳᠤᠯ ᠪᠤᠭᠤᠮᠳᠠ ᠶᠢᠨ ᠬᠢᠨ ᠲᠤᠬᠠᠶᠢᠯᠠᠭᠰᠠᠨ ᠠᠵᠢᠯ  ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠬᠢ ᠤᠯᠭᠤᠬᠤ ︽ᠬᠤᠤᠰ ᠬᠦᠳᠡᠯᠭᠡᠭᠦᠷ︾  ᠢ ᠲᠠᠰᠣᠷᠠᠯᠳᠠ ᠦᠭᠡᠢ ᠴᠢᠩᠭᠠᠳᠬᠠᠵᠦ᠂ ᠪᠤᠭᠤᠳᠢ ᠶᠢᠨ ᠪᠤᠭᠤᠮᠳᠠ ᠶᠢᠨ ᠬᠢᠨ ᠪᠤᠭᠤᠮᠳᠠ ᠶᠢᠨ ᠶᠡᠷᠦᠩᠭᠡᠢ ᠵᠠᠬᠢᠷᠭ᠎ᠠ  ᠳᠤH986 ᠲᠤᠮᠤ ᠬᠡᠯᠪᠡᠷᠢ ᠶᠢᠨ ᠴᠢᠩᠭᠡᠯᠢᠭ ᠢ ᠮᠠᠰᠢᠨ ᠢᠶᠠᠷ ᠪᠠᠶᠢᠴᠠᠭᠠᠬᠤ1 ᠲᠦᠭᠦᠭᠡᠷᠦᠮᠵᠢ ᠲᠤᠬᠢᠷᠠᠭᠤᠯᠬᠤ ᠪᠠᠷ ᠭᠤᠶᠤᠴᠢᠯᠠᠵᠠᠢ᠃ ᠲᠤᠰ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠭᠤᠤᠯ ᠴᠤᠭᠴᠠ ᠨᠢ ᠲᠠᠷᠬᠠᠨ ᠮᠤᠤᠮᠢᠩᠭᠠᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠪᠠᠶᠢᠵᠦ᠂ ᠲᠦᠷᠪᠡᠯᠵᠢᠨ ᠮᠧᠲᠷ ᠤᠨ ᠮᠠᠰᠢᠨ ᠲᠡᠷᠭᠡᠨ ᠤ ᠰᠢᠷᠪᠢᠯᠳᠡ ᠶᠢᠨ ᠶᠡᠭᠡ ᠲᠢᠩᠬᠢᠮ᠂ ᠰᠢᠰᠲ᠋ᠧᠮ ᠤᠨ ᠡᠵᠡᠮᠰᠢᠯ ᠤᠨ ᠲᠠᠰᠤᠭ ᠵᠡᠷᠭᠡ ᠢᠵᠢ ᠪᠦᠷᠢᠯᠳᠦᠭᠦᠯᠬᠦ ᠲᠦᠬᠦᠭᠡᠷᠦᠮᠵᠢ ᠶᠢ ᠪᠠᠶᠢᠭᠤᠯᠤᠭᠰᠠᠨ ᠪᠠᠶᠢᠨ᠎ᠠ᠃ ᠤᠳᠤᠬᠠᠨ ᠳᠤH986 ᠲᠤᠮᠤ ᠬᠡᠯᠪᠡᠷᠢ ᠶᠢᠨ ᠴᠢᠩᠭᠡᠯᠢᠭ ᠢ ᠮᠠᠰᠢᠨ ᠢᠶᠠᠷ ᠪᠠᠶᠢᠴᠠᠭᠠᠬᠤ ᠲᠦᠬᠦᠭᠡᠷᠦᠮᠵᠢ ᠵᠢᠴᠢ ᠢᠵᠢ ᠪᠦᠷᠢᠳᠦᠭᠦᠯᠬᠦ ᠢᠨᠵᠧᠨ᠋ᠷᠢᠩ ᠢ ᠨᠢᠭᠡᠨᠳᠡ ᠲᠤᠷᠰᠢᠨ ᠡᠵᠡᠩᠨᠡᠵᠦ ᠲᠠᠭᠤᠰᠬᠠᠭᠠᠳ᠂ ᠰᠡᠭᠦᠯᠴᠢ ᠶᠢᠨ ᠬᠤᠭᠤᠴᠠᠭᠠᠨ ᠳᠤ ᠪᠤᠭᠤᠮᠳᠠ ᠶᠢᠨ ᠰᠠᠯᠠᠭ᠎ᠠ ᠮᠦᠴᠢᠷ ᠤᠨ ᠰᠢᠯᠭᠠᠨ ᠪᠠᠶᠢᠴᠠᠭᠠᠯᠳᠠ ᠪᠠᠷ ᠲᠠᠮᠵᠢᠨ ᠵᠢᠩᠭᠢᠨᠢ ᠪᠠᠷ ᠠᠰᠢᠭᠯᠠᠯᠳᠠ ᠳᠤ ᠤᠷᠤᠭᠤᠯᠬᠤ ᠪᠤᠯᠤᠨ᠎ᠠ᠃      ᠪᠤᠭᠤᠮᠳᠠ ᠶᠢᠨ ᠠᠵᠦ ᠠᠬᠤᠢ ᠶᠢᠨ ᠶᠠᠰᠤ ᠴᠢᠨᠠᠷ ᠢ ᠲᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠰᠠᠭᠤᠷᠢ ᠲᠦᠬᠦᠭᠡᠷᠦᠮᠵᠢ ᠶᠢᠨ ᠡᠳᠦᠷ ᠢᠷᠡᠬᠦᠶ᠎ᠡ ᠲᠡᠭᠦᠯᠳᠡᠷᠵᠢᠬᠦ ᠪᠠ ᠲᠡᠷᠢᠭᠦᠨ ᠤ ᠮᠡᠷᠭᠡᠵᠢᠯ ᠤᠨ ᠲᠤᠯᠭᠠᠭᠤᠷᠢᠯᠠᠯ  ᠠᠴᠠ ᠰᠠᠯᠵᠦ ᠴᠢᠳᠠᠬᠤ ᠦᠭᠡᠢ ᠶᠤᠮ᠃H986 ᠪᠤᠯ ᠪᠤᠭᠤᠮᠳᠠ ᠶᠢᠨ ᠲᠤᠮᠤ ᠬᠡᠯᠪᠡᠷᠢ ᠶᠢᠨ ᠴᠢᠩᠭᠡᠯᠢᠭ ᠢ ᠪᠠᠶᠢᠴᠠᠭᠠᠬᠤ ᠰᠢᠰᠲ᠋ᠧᠮ ᠤᠨ ᠲᠦᠭᠦᠮ ᠨᠡᠷᠡᠶᠢᠳᠦᠯ ᠪᠤᠯᠤᠨ᠎ᠠ᠃ ᠶᠡᠷᠦ ᠳᠡᠭᠡᠨ ᠪᠤᠭᠤᠮᠳᠠ ᠶᠢᠨ ︽ᠡᠯᠧᠺᠲᠷᠤᠨ ᠪᠠᠶᠢᠴᠠᠭᠠᠭᠴᠢ︾ ᠭᠡᠳᠡᠭ᠂ ᠬᠤᠷᠳᠤᠳᠬᠠᠭᠤᠷ ᠤᠨ ᠡᠭᠦᠰᠭᠡᠭᠰᠡᠨ ᠪᠠᠶᠢᠳᠠᠯ ᠲᠤᠤᠷ᠎ᠠ ᠬᠠᠷᠠᠯᠳᠠ ᠪᠠᠨ ᠲᠦᠷᠭᠡᠨ ᠪᠦᠭᠡᠳ ᠤᠨᠤᠪᠴᠢᠳᠠᠢ ᠪᠠᠶᠢᠴᠠᠭᠠᠨ ᠰᠢᠯᠭᠠᠵᠦ᠂ ᠤᠯᠠᠮᠵᠢᠯᠠᠯᠳᠦ ᠬᠦᠮᠦᠨ ᠤ ᠬᠦᠴᠦᠨ ᠤ ᠪᠠᠶᠢᠴᠠᠭᠠᠨ ᠰᠢᠯᠭᠠᠯᠳᠠ  ᠶᠢᠨ ᠬᠦᠷᠦᠯᠴᠡᠬᠦ ᠦᠭᠡᠢ ᠲᠠᠯ᠎ᠠ ᠶᠢ ᠪᠦᠳᠦᠮᠵᠢᠳᠡᠢ ᠪᠠᠷ ᠨᠦᠬᠦᠪᠦᠷᠢᠯᠡᠵᠦ᠂ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ ᠪᠠᠷᠠᠭ᠎ᠠ ᠶᠢᠨ ᠦᠯᠦ ᠬᠠᠯᠳᠠᠨ ᠤᠷᠤᠬᠤ ᠬᠡᠯᠪᠡᠷᠢ ᠶᠢᠨ ᠪᠠᠶᠢᠴᠠᠭᠠᠨ ᠰᠢᠯᠭᠠᠬᠤ ᠬᠠᠷᠢᠴᠠᠯ ᠢ ᠲᠡᠭᠡᠭᠰᠢᠯᠡᠭᠦᠯᠦᠨ᠂ ᠮᠠᠨᠳᠤᠯ ᠪᠤᠭᠤᠮᠳᠠ ᠶᠢᠨ ᠪᠠᠶᠢᠴᠠᠭᠠᠨ ᠰᠢᠯᠠᠭᠤᠬᠤ ᠦᠷ᠎ᠡ ᠪᠦᠳᠦᠮᠵᠢ ᠶᠢ ᠲᠡᠭᠡᠭᠰᠢᠯᠡᠭᠦᠯᠵᠦ᠂ ᠪᠠᠷᠠᠭ᠎ᠠ ᠶᠢ ᠪᠠᠶᠢᠴᠠᠭᠠᠨ ᠰᠢᠯᠠᠭᠠᠬᠤ ᠴᠠᠭ ᠢ ᠪᠤᠭᠤᠨᠢᠰᠬᠠᠵᠦ᠂ ᠪᠦᠳᠦᠮᠵᠢᠳᠡᠢ ᠬᠢᠨᠡᠨ ᠬᠠᠮᠢᠶᠠᠷᠤᠭᠰᠠᠨ ᠤᠷᠢᠳᠠᠯ ᠲᠤᠤᠷ᠎ᠠ ᠪᠤᠭᠤᠮᠳᠠ ᠪᠠᠷ ᠲᠦᠷᠭᠡᠨ ᠦᠩᠭᠡᠷᠡᠬᠦ ᠶᠢ ᠪᠠᠳᠤᠯᠠᠭᠰᠠᠨ ᠪᠠᠶᠢᠨ᠎ᠠ᠃ ᠪᠤᠭᠤᠮᠳᠠ ᠶᠢᠨ ︽ᠬᠠᠮᠢᠶᠠᠷᠴᠦ ᠲᠡᠶᠢᠯᠬᠦ︾ ᠮᠦᠷᠳᠡᠭᠡᠨ ︽ᠲᠦᠷᠭᠡᠨ ᠨᠡᠪᠳᠡᠷᠡᠬᠦ︾ ᠳᠤ ᠬᠦᠴᠦᠨ ᠨᠡᠮᠡᠷᠢᠯᠡᠵᠦ᠂ ᠤᠯᠤᠰ ᠤᠨ ᠡᠭᠦᠳᠡ ᠶᠢ ᠰᠠᠬᠢᠨ ᠬᠠᠮᠠᠭᠠᠯᠠᠬᠤ ᠠᠮᠤᠷ ᠲᠦᠪᠰᠢᠨ ᠤ ᠴᠢᠳᠠᠪᠤᠷᠢ ᠶᠢ ᠲᠤᠶᠢᠯ ᠤᠨ ᠶᠡᠭᠡ ᠪᠠᠷ ᠲᠡᠭᠡᠭᠰᠢᠯᠡᠭᠦᠯᠵᠦ᠂ ᠮᠠᠨᠳᠤᠯ ᠪᠤᠭᠤᠮᠳᠠ  ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠳᠦᠮᠵᠢᠳᠡᠢ ᠲᠡᠭᠡᠭᠰᠢᠯᠡᠭᠦᠯᠬᠦ ᠪᠤᠯᠤᠨ᠎ᠠ᠃      ᠲᠠᠷᠠᠭᠠᠴᠢ ᠶᠢᠨ ᠠᠯᠬᠤᠮ ᠳᠤ᠂ ᠮᠠᠨᠳᠤᠯ ᠪᠤᠭᠤᠮᠳᠠ ᠦᠨᠳᠦᠷ ᠲᠦᠪᠰᠢᠨ ᠲᠠᠢ ᠨᠡᠭᠡᠭᠡᠯᠳᠡ ᠬᠢᠬᠦ ᠪᠠ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢᠨ ᠲᠤᠭᠤᠷᠢᠨ ᠳᠤ᠂ ᠮᠤᠩᠭᠤᠯ ᠤᠯᠤᠰ ᠲᠠᠢ ᠬᠠᠮᠳᠤᠷᠠᠯᠴᠠᠭ᠎ᠠ ᠬᠢᠵᠦ ᠨᠡᠭᠡᠭᠡᠯᠳᠡ ᠬᠢᠬᠦ ᠪᠠᠶᠢᠯᠳᠤᠬᠤ ᠪᠤᠳᠤᠯᠭ᠎ᠠ ᠶᠢᠨ ᠴᠢᠬᠤᠯᠠ ᠪᠠᠶᠢᠷᠢ ᠰᠠᠭᠤᠷᠢ ᠲᠤᠪᠤᠶᠢᠮ᠎ᠠ᠂ ᠬᠤᠶᠠᠷ ᠲᠠᠯ᠎ᠠ ᠶᠢᠨ ᠠᠵᠦ ᠠᠬᠤᠢ ᠠᠷᠠᠯᠵᠢᠶᠠᠨ ᠤ ᠶᠠᠪᠤᠯᠴᠠᠭ᠎ᠠ ᠨᠢᠠᠠᠳᠠ ᠪᠠᠶᠢᠬᠤ ᠵᠡᠷᠭᠡ ᠤᠯᠠᠨ ᠲᠠᠯ᠎ᠠ ᠶᠢᠨ ᠲᠠᠪᠠᠭᠤᠯᠤᠭ ᠢᠶᠠᠨ ᠭᠦᠢᠴᠡᠳ ᠪᠠᠳᠠᠷᠠᠭᠤᠯᠵᠦ᠂ ᠪᠤᠭᠤᠮᠳᠠ ᠪᠠᠷ ᠦᠩᠭᠡᠷᠡᠬᠦ ᠠᠷᠠᠯᠵᠢᠶ᠎ᠠ ᠶᠢ ᠲᠦᠭᠦᠮ ᠪᠤᠯᠭᠠᠬᠤ᠂ ᠦᠨᠳᠦᠷ ᠦᠷ᠎ᠡ ᠠᠰᠢᠭ ᠲᠠᠢ ᠪᠤᠯᠭᠠᠬᠤ᠂ ᠤᠶᠤᠨᠴᠢᠯᠠᠬᠤ ᠶᠢ ᠠᠬᠢᠭᠤᠯᠵᠦ᠂ ᠪᠤᠭᠤᠮᠳᠠ ᠪᠠᠷ ᠦᠩᠭᠡᠷᠡᠬᠦ ᠪᠠᠷᠠᠭᠠᠨ ᠤ ᠬᠡᠮᠵᠢᠶ᠎ᠡ ᠶᠢᠨ ᠲᠤᠭᠳᠠᠭᠤᠨ  ᠢᠶᠠᠷ ᠨᠡᠮᠡᠭᠳᠡᠬᠦ ᠶᠢ ᠠᠬᠢᠭᠤᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠠᠯᠬᠤᠴᠠ ᠡᠳᠦᠷ ᠢᠷᠡᠬᠦᠶ᠎ᠡ ᠲᠦᠷᠭᠡᠳᠬᠦ ᠶᠢ ᠲᠠᠭᠠᠯᠳᠤᠨ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠭᠦᠨᠵᠡᠭᠡᠶᠢᠷᠡᠨ᠂ ᠮᠠᠨᠳᠤᠯ ᠪᠤᠭᠤᠮᠳᠠ ᠶᠢᠨ ᠠᠵᠦ ᠠᠬᠤᠢ ᠶᠢᠨ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠦᠷᠭᠦᠯᠵᠢᠯᠡᠨ ᠢᠯᠡᠷᠡᠬᠦ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号