︵2023 ᠣᠨ ᠤ 11 ᠰᠠᠷ᠎ᠠ ᠶᠢᠨ 15 ᠤ ᠡᠳᠦᠷ᠂ ᠰᠠᠨ ᠹᠷᠠᠨᠰᠢᠰᠺᠦ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠄ | ᠰᠠᠨ ᠹᠷᠠᠨᠰᠢᠰᠺᠤ ᠳᠤ ᠠᠮᠧᠷᠢᠺᠠ ᠶᠢᠨ ᠡᠯ᠎ᠡ ᠡᠲᠡᠭᠡᠳ ᠤᠨ ᠨᠠᠶᠢᠵᠠ ᠨᠠᠷ ᠲᠠᠢ ᠠᠭᠤᠯᠵᠠᠵᠤ᠂ ᠨᠥᠬᠦᠷᠯᠡᠯ ᠢᠶᠠᠨ | ᠵᠤᠵᠠᠭᠠᠳᠬᠠᠵᠤ᠂ ᠨᠥᠭᠦᠷᠰᠡᠭ ᠬᠠᠷᠢᠯᠴᠠᠭ᠎ᠠ ᠪᠠᠨ ᠬᠠᠮᠲᠤ ᠪᠠᠷ ᠶᠠᠷᠢᠯᠴᠠᠬᠤ ᠪᠣᠯᠤᠭᠰᠠᠨ ᠳᠠᠭᠠᠨ ᠲᠣᠩ ᠪᠠᠶᠠᠷ ᠲᠠᠢ ᠪᠠᠶᠢᠨ᠎ᠠ᠃ | 1985 ᠣᠨ ᠳᠤ ᠪᠢ ᠠᠩᠬ᠎ᠠ ᠤᠳᠠᠭ᠎ᠠ ᠠᠮᠧᠷᠢᠺᠠ ᠳᠤ ᠠᠶᠢᠯᠴᠢᠯᠠᠬᠤ ᠦᠶ᠎ᠡ ᠳᠤ ᠳᠠᠷᠤᠢ ᠰᠠᠨ ᠹᠷᠠᠨᠰᠢᠰᠺᠤ ᠠᠴᠠ | ᠠᠮᠧᠷᠢᠺᠠ ᠶᠢᠨ ᠬᠢᠯᠢ ᠳᠤ ᠣᠷᠣᠵᠤ ᠢᠷᠡᠭᠰᠡᠨ ᠪᠠᠶᠢᠨ᠎ᠠ᠂ ᠠᠮᠧᠷᠢᠺᠠ ᠶᠢᠨ ᠲᠤᠬᠠᠢ ᠮᠢᠨᠤ ᠠᠩᠬᠠᠨ ᠤ ᠰᠠᠭᠤᠭᠳᠠᠯ ᠪᠣᠯ ᠰᠠᠨ | ᠹᠷᠠᠨᠰᠢᠰᠺᠤ ᠠᠴᠠ ᠢᠷᠡᠯᠲᠡᠢ ᠶᠤᠮ᠂ ᠵᠢᠨᠮᠧᠨ ᠶᠡᠭᠡ ᠬᠥᠭᠦᠷᠭᠡ ᠳᠤ ᠦᠯᠡᠳᠡᠭᠡᠭᠰᠡᠨ ᠰᠡᠭᠦᠳᠡᠷ ᠢᠶᠠᠨ ᠤᠳᠤ ᠪᠤᠯᠲᠠᠯ᠎ᠠ | ᠬᠠᠳᠠᠭᠠᠯᠠᠭᠰᠠᠭᠠᠷ ᠪᠠᠶᠢᠨ᠎ᠠ᠃ | ᠡᠩ ᠲᠡᠷᠢᠭᠦᠨ ᠳᠤ᠂ ᠪᠢ ᠡᠨᠡ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠠᠮᠧᠷᠢᠺᠠ ᠳᠤᠮᠳᠠᠳᠤ ᠶᠢᠨ | ᠬᠠᠷᠢᠯᠴᠠᠭᠠᠨ ᠤ ᠪᠦᠭᠦ ᠤᠯᠤᠰ ᠤᠨ ᠵᠥᠪᠯᠡᠯ᠂ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ ᠵᠥᠪᠯᠡᠯ᠂ | ᠠᠽᠢᠶ᠎ᠠ ᠲᠢᠪ ᠤᠨ ᠨᠡᠶᠢᠭᠡᠮᠯᠢᠭ᠂ ᠠᠮᠧᠷᠢᠺᠠ ᠶᠢᠨ ᠭᠠᠳᠠᠭᠠᠳᠤ ᠬᠠᠷᠢᠯᠴᠠᠭᠠᠨ ᠤ ᠵᠥᠪᠯᠡᠯ᠂ ᠠᠮᠧᠷᠢᠺᠠ ᠶᠢᠨ | ᠬᠤᠳᠠᠯᠳᠤᠭᠠᠴᠢᠳ ᠤᠨ ᠨᠡᠶᠢᠭᠡᠮᠯᠢᠭ ᠵᠡᠷᠭᠡ ᠨᠥᠭᠦᠷᠰᠡᠭ ᠪᠦᠯᠭᠦᠮ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠶ᠎ᠡ︕ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠳᠤ ᠤᠷᠲᠤ ᠬᠤᠭᠤᠴᠠᠭ᠎ᠠ ᠪᠠᠷ ᠵᠢᠳᠬᠦᠭᠰᠡᠨ ᠠᠮᠧᠷᠢᠺᠠ ᠶᠢᠨ | ᠨᠠᠶᠢᠵᠠ ᠨᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠶ᠎ᠡ︕ ᠨᠥᠭᠦᠷᠰᠡᠭ ᠠᠮᠧᠷᠢᠺᠠ ᠶᠢᠨ ᠠᠷᠠᠳ ᠲᠦᠮᠡᠨ ᠳᠤ | ᠰᠠᠶᠢᠨ ᠰᠠᠶᠢᠬᠠᠨ ᠵᠥᠩᠨᠡᠯ ᠢᠶᠠᠨ ᠳᠡᠪᠰᠢᠭᠦᠯᠦᠶ᠎ᠡ︕ | ᠰᠠᠨ ᠹᠷᠠᠨᠰᠢᠰᠺᠤ ᠳᠤᠮᠳᠠᠳᠤ ᠠᠮᠧᠷᠢᠺᠠ ᠬᠤᠶᠠᠷ ᠤᠯᠤᠰ ᠤᠨ ᠠᠷᠠᠳ ᠲᠦᠮᠡᠨ ᠤ ᠵᠠᠭᠤᠨ ᠵᠢᠯ ᠤᠨ ᠶᠠᠪᠤᠯᠴᠠᠭ᠎ᠠ ᠶᠢᠨ | ᠲᠡᠦᠬᠡ ᠶᠢ ᠭᠡᠷᠡᠴᠢᠯᠡᠪᠡ᠃ 158 ᠵᠢᠯ ᠤᠨ ᠡᠮᠦᠨ᠎ᠡ᠂ ᠮᠠᠰᠢ ᠣᠯᠠᠨ ᠳᠤᠮᠳᠠᠳᠤ ᠤᠯᠤᠰ ᠤᠨ ᠠᠵᠢᠯᠴᠢᠳ ᠠᠮᠧᠷᠢᠺᠠ ᠳᠤ | ᠢᠷᠡᠵᠦ᠂ ᠵᠡᠭᠦᠨ ᠪᠠᠷᠠᠭᠤᠨ ᠳᠠᠯᠠᠶ ᠶᠢᠨ ᠡᠷᠭᠢ ᠶᠢ ᠬᠤᠯᠪᠣᠭᠰᠠᠨ ᠨᠣᠮᠣᠬᠠᠨ ᠳᠠᠯᠠᠶ ᠶᠢᠨ ᠲᠡᠮᠦᠷ ᠵᠠᠮ ᠢ ᠵᠠᠰᠠᠨ ᠪᠠᠶᠢᠭᠤᠯᠵᠤ᠂ | ᠬᠦᠴᠢᠷ ᠵᠤᠪᠠᠯᠠᠩ ᠢ ᠢᠯᠠᠨ ᠳᠠᠪᠠᠵᠤ᠂ ᠰᠠᠨ ᠹᠷᠠᠨᠰᠢᠰᠺᠤ ᠳᠤ ᠪᠠᠷᠠᠭᠤᠨ ᠬᠠᠭᠠᠰ ᠪᠥᠮᠪᠥᠷᠴᠡᠭ ᠤᠨ ᠬᠠᠮᠤᠭ ᠤᠨ ᠥᠨᠢ | ᠤᠳᠠᠭᠠᠨ ᠲᠡᠦᠬᠡ ᠲᠠᠢ ᠬᠢᠲᠠᠳᠴᠤᠳ ᠤᠨ ᠵᠡᠭᠡᠯᠢ ᠶᠢ ᠪᠠᠶᠢᠭᠤᠯᠵᠠᠢ᠃ ᠠᠳᠡ ᠠᠴᠠ ᠡᠭᠦᠰᠴᠦ᠂ ᠳᠤᠮᠳᠠᠳᠤ ᠠᠮᠧᠷᠢᠺᠠ | ᠬᠤᠶᠠᠷ ᠤᠯᠤᠰ ᠬᠤᠭᠤᠷᠣᠨᠳᠤ ᠪᠠᠨ 7600 ᠳ᠋ᠦᠩᠰᠢᠭᠤᠷ ᠳ᠋ᠣᠯᠯᠠᠷ ᠤᠨ ᠬᠤᠶᠠᠷ ᠲᠠᠯ᠎ᠠ ᠶᠢᠨ ᠠᠷᠠᠯᠵᠢᠶ᠎ᠠ ᠪᠠ ᠨᠡᠶᠢᠳᠡ | 2600 ᠭᠠᠷᠤᠢ ᠳ᠋ᠦᠩᠰᠢᠭᠤᠷ ᠳ᠋ᠣᠯᠯᠠᠷ ᠤᠨ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢ ᠬᠥᠭᠵᠢᠭᠦᠯᠵᠦ᠂ 284 | ᠬᠤᠣᠰ ᠨᠥᠭᠦᠷᠰᠡᠭ ᠮᠤᠵᠢ ᠵᠧᠦ ᠪᠠ ᠨᠥᠭᠦᠷᠰᠡᠭ ᠬᠤᠳᠠ ᠶᠢᠨ ᠬᠠᠷᠢᠯᠴᠠᠭ᠎ᠠ᠂ ᠬᠠᠮᠤᠭ ᠤᠨ ᠤᠯᠠᠨ ᠳᠠᠭᠠᠨ ᠭᠠᠷᠠᠭ ᠪᠦᠷᠢ | 300 ᠭᠠᠷᠤᠢ ᠡᠭᠡᠯᠵᠢ ᠶᠢᠨ ᠨᠢᠰᠬᠡᠯ ᠪᠠ ᠵᠢᠯ ᠪᠦᠷᠢ 500 ᠭᠠᠷᠤᠢ ᠲᠦᠮᠡᠨ ᠬᠥᠮᠥᠨ ᠤᠳᠠᠭ᠎ᠠ ᠶᠢᠨ ᠬᠤᠭᠤᠷᠤᠨᠳᠤᠭᠢ | ᠶᠠᠪᠤᠯᠴᠠᠭ᠎ᠠ ᠶᠢ ᠪᠠᠶᠢᠭᠤᠯᠪᠠ᠃ ᠡᠨᠡ ᠪᠣᠯ ᠪᠦᠭᠦ ᠳᠡᠯᠡᠬᠡᠢ ᠶᠢᠨ ᠲᠦᠷᠪᠡᠨ ᠤ ᠨᠢᠭᠡ ᠰᠢᠬᠠᠮ ᠤᠨ ᠬᠥᠮᠥᠨ ᠠᠮᠠ ᠶᠢᠨ | ᠬᠠᠮᠲᠤ ᠪᠠᠷ ᠵᠢᠷᠤᠭᠯᠠᠭᠰᠠᠨ ᠠᠤᠭ᠎ᠠ ᠵᠢᠷᠤᠭ ᠪᠣᠯᠣᠨ᠎ᠠ᠃ | ᠰᠠᠨ ᠹᠷᠠᠨᠰᠢᠰᠺᠦ ᠳᠤᠮᠳᠠᠳᠤ ᠠᠮᠧᠷᠢᠺᠠ ᠶᠢᠨ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ | ᠴᠢᠷᠮᠠᠶᠢᠯᠭ᠎ᠠ ᠶᠢ ᠭᠡᠷᠡᠴᠢᠯᠡᠪᠡ᠃ 78 ᠵᠢᠯ ᠤᠨ ᠡᠮᠦᠨ᠎ᠡ᠂ ᠹᠠᠱᠢᠰ ᠦᠵᠡᠯ ᠪᠣᠯᠣᠨ ᠴᠡᠷᠢᠭᠯᠡᠬᠦ ᠦᠵᠡᠯ ᠢ ᠭᠠᠷ ᠬᠤᠯᠪᠣᠨ | ᠢᠯᠠᠭᠰᠠᠨ ᠤ ᠲᠠᠷᠠᠭ᠎ᠠ᠂ ᠳᠤᠮᠳᠠᠳᠤ ᠠᠮᠧᠷᠢᠺᠠ ᠬᠠᠮᠲᠤ ᠪᠠᠷ ᠤᠷᠤᠯᠴᠠᠵᠤ ᠪᠠᠶᠢᠭᠠᠳ ᠰᠠᠨ ᠹᠷᠠᠨᠰᠢᠰᠺᠤ ᠶᠢᠨ ᠦᠨᠳᠦᠰᠦᠨ | ᠬᠠᠤᠯᠢ ᠲᠣᠭᠲᠠᠭᠠᠬᠤ ᠬᠤᠷᠠᠯ ᠢ ᠡᠭᠦᠰᠬᠡᠨ ᠪᠠᠶᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠠᠬᠢᠭᠤᠯᠤᠨ | ᠪᠠᠶᠢᠭᠤᠯᠵᠤ᠂ ᠳᠤᠮᠳᠠᠳᠤ ᠤᠯᠤᠰ ᠬᠠᠮᠤᠭ ᠤᠨ ᠲᠡᠷᠢᠭᠦᠨ ᠳᠤ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ︾ ᠳᠡᠭᠡᠷ᠎ᠡ ᠭᠠᠷ ᠤᠨ ᠦᠰᠦᠭ ᠵᠢᠷᠤᠪᠠ᠃ ᠠᠳᠡ ᠠᠴᠠ ᠡᠬᠢᠯᠡᠵᠦ᠂ ᠳᠡᠯᠡᠬᠡᠢ ᠶᠢᠨ ᠬᠤᠶᠠᠳᠤᠭᠠᠷ | ᠲᠠᠶᠢᠨ ᠤ ᠳᠠᠷᠠᠭᠠᠬᠢ ᠤᠯᠠᠨ ᠤᠯᠤᠰ ᠤᠨ ᠡᠮᠬᠢ ᠳᠢᠭᠯᠢᠮ ᠪᠤᠢ ᠪᠣᠯᠵᠤ᠂ 100 ᠭᠠᠷᠤᠢ ᠤᠯᠤᠰ ᠤᠷᠢᠳ ᠬᠤᠵᠢᠳ | ᠦᠨᠳᠦᠰᠦᠲᠡᠨ ᠤ ᠲᠤᠰᠠᠭᠠᠷ ᠲᠣᠭᠲᠠᠨᠢᠯ ᠢᠶᠠᠨ ᠣᠯᠵᠤ᠂ ᠬᠡᠳᠦᠨ ᠠᠷᠪᠠᠨ ᠳ᠋ᠦᠩᠰᠢᠭᠤᠷ ᠬᠥᠮᠥᠨ ᠠᠮᠠ ᠡᠴᠦᠰ ᠲᠡᠭᠡᠨ | ᠶᠠᠳᠠᠭᠤ ᠠᠴᠠ ᠠᠩᠭᠢᠵᠢᠷᠠᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠲᠠᠪᠰᠢᠯᠳᠠ ᠶᠢᠨ ᠬᠦᠴᠦᠨ ᠴᠢᠳᠠᠯ | ᠲᠠᠰᠤᠷᠠᠯᠳᠠ ᠦᠭᠡᠢ ᠪᠤᠵᠠᠭᠠᠶᠢᠷᠠᠪᠠ᠃ ᠡᠨᠡ ᠪᠣᠯ ᠡᠯ᠎ᠡ ᠤᠯᠤᠰ ᠤᠨ ᠠᠷᠠᠳ ᠲᠦᠮᠡᠨ ᠪᠣᠯᠣᠨ ᠳᠡᠯᠡᠬᠡᠢ ᠨᠡᠶᠢᠭᠡᠮ ᠢᠶᠠᠷ ᠢᠶᠠᠨ | ᠭᠠᠷ ᠬᠤᠯᠪᠣᠨ ᠣᠯᠣᠭᠰᠠᠨ ᠦᠷ᠎ᠡ ᠪᠦᠲᠦᠭᠡᠯ ᠮᠥᠨ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠰᠠᠭᠤᠷᠢ ᠶᠢ ᠠᠷᠠᠳ ᠲᠦᠮᠡᠨ ᠴᠣᠭᠴᠠᠯᠠᠨ ᠪᠣᠰᠬᠠᠭᠰᠠᠨ ᠶᠤᠮ᠃ | ᠳᠡᠯᠡᠬᠡᠢ ᠶᠢᠨ ᠬᠤᠶᠠᠳᠤᠭᠠᠷ ᠲᠠᠶᠢᠨ ᠤ ᠦᠶ᠎ᠡ ᠳᠤ᠂ ᠮᠠᠨ ᠤ ᠬᠤᠶᠠᠷ ᠤᠯᠤᠰ ᠬᠠᠮᠲᠤ ᠪᠠᠷ ᠡᠩᠬᠡ ᠲᠠᠶᠢᠪᠤᠩ ᠪᠠ ᠰᠢᠳᠤᠷᠭᠤ | ᠶᠣᠰᠣᠨ ᠤ ᠲᠥᠯᠥᠭᠡ ᠪᠠᠶᠢᠯᠳᠤᠪᠠ᠃ ᠴᠧᠨᠨᠠᠯᠲ ᠵᠠᠩᠵᠤᠨ ᠠᠮᠧᠷᠢᠺᠠ ᠶᠢᠨ ᠰᠠᠶᠢᠨ ᠲᠤᠷᠠᠴᠤᠳ ᠢ ᠳᠠᠭᠠᠭᠤᠯᠤᠨ ᠳᠤᠮᠳᠠᠳᠤ | ᠤᠯᠤᠰ ᠤᠨ ᠲᠡᠶᠢᠠ ᠤ ᠲᠠᠯᠠᠪᠤᠷ ᠲᠤ ᠬᠦᠷᠴᠦ ᠠᠯᠳᠠᠷᠲᠤ ᠨᠢᠰᠬᠦ ᠪᠠᠷᠰ ᠤᠨ ᠠᠩᠭᠢ ᠶᠢ ᠵᠣᠬᠢᠶᠠᠨ ᠪᠠᠶᠢᠭᠤᠯᠪᠠ᠃ ᠲᠡᠳᠡ | ᠶᠠᠫᠤᠨ ᠤ ᠲᠦᠷᠢᠮᠡᠬᠡᠶᠢᠯᠡᠭᠴᠢᠳ ᠲᠠᠢ ᠰᠢᠭᠤᠳ ᠪᠠᠶᠢᠯᠳᠤᠭᠰᠠᠨ ᠢᠶᠠᠷ ᠪᠠᠷᠠᠬᠤ ᠦᠭᠡᠢ ᠪᠠᠰᠠ ᠳᠤᠮᠳᠠᠳᠤ ᠤᠯᠤᠰ ᠲᠤ ᠪᠠᠴᠢᠮ | ᠬᠡᠷᠡᠭᠰᠡᠬᠦ ᠡᠳ᠋ ᠪᠣᠳᠠᠰ ᠬᠦᠷᠭᠡᠬᠦ ᠲᠡᠮᠡᠭᠡᠨ ᠪᠦᠭᠦ ᠠᠶᠠᠯᠠᠯ ᠤᠨ ᠱᠤᠭᠤᠮ ᠢ ᠪᠠᠶᠢᠭᠤᠯᠵᠤ᠂ 1000 ᠭᠠᠷᠤᠢ ᠳᠤᠮᠳᠠᠳᠤ | ᠠᠮᠧᠷᠢᠺᠠ ᠶᠢᠨ ᠨᠢᠰᠬᠡᠯ ᠤᠨ ᠳᠤᠭᠤᠶᠢᠯᠠᠩ ᠤᠨ ᠬᠥᠮᠥᠰ ᠡᠨᠡ ᠬᠦ ᠠᠶᠠᠯᠠᠯ ᠤᠨ ᠱᠤᠭᠤᠮ ᠳᠡᠭᠡᠷ᠎ᠡ ᠪᠡᠶ᠎ᠡ ᠦᠷᠡᠭᠳᠡᠪᠡ᠃ | ᠶᠠᠫᠤᠨ ᠰᠤᠪᠤᠳ ᠭᠠᠷᠠᠮ ᠢ ᠭᠡᠨᠡᠳᠡᠭᠦᠯᠦᠨ ᠳᠠᠭᠠᠷᠢᠬᠰᠠᠨ ᠤ ᠳᠠᠷᠠᠭ᠎ᠠ᠂ 1942 ᠣᠨ ᠳᠤ ᠠᠮᠧᠷᠢᠺᠠ ᠶᠢᠨ ᠠᠭᠠᠷ ᠤᠨ | ᠴᠡᠷᠢᠭ ᠤᠨ 16 ᠰᠠᠤᠷᠢ B — 25 ᠳᠡᠯᠪᠡᠴᠢᠬᠦ ᠨᠢᠰᠬᠡᠯ ᠶᠠᠫᠤᠨ ᠳᠤ ᠳᠠᠭᠠᠷᠢᠨ ᠣᠷᠣᠵᠤ᠂ ᠲᠣᠰᠣᠨ ᠮᠠᠲ᠋ᠧᠷᠢᠶᠠᠯ ᠨᠢ | ᠬᠦᠷᠦᠯᠴᠡᠬᠦ ᠦᠭᠡᠢ ᠠᠴᠠ ᠪᠣᠯᠵᠤ᠂ ᠳ᠋ᠦᠯᠢᠲ᠋ᠧ ᠳᠡᠳ᠋ ᠬᠤᠷᠠᠩᠳᠠ ᠵᠡᠷᠭᠡ ᠨᠢᠰᠬᠡᠭᠴᠢ ᠳᠤᠮᠳᠠᠳᠤ ᠤᠯᠤᠰ ᠲᠤ ᠨᠢᠰᠬᠡᠯ ᠢᠶᠠᠨ | ᠬᠠᠶᠠᠵᠤ ᠰᠢᠬᠦᠷ ᠢᠶᠠᠷ ᠪᠠᠭᠤᠪᠠ᠂ ᠳᠤᠮᠳᠠᠳᠤ ᠤᠯᠤᠰ ᠤᠨ ᠴᠡᠷᠢᠭ ᠠᠷᠠᠳ ᠡᠷᠡᠯᠬᠡᠭ ᠢᠶᠠᠷ ᠠᠪᠤᠷᠠᠨ ᠲᠤᠰᠠᠯᠠᠭᠰᠠᠨ ᠳᠤ ᠶᠠᠫᠤᠨ | ᠴᠡᠷᠢᠭ ᠡᠭᠦᠨ ᠠᠴᠠ ᠪᠣᠯᠵᠤ ᠳᠤᠮᠳᠠᠳᠤ ᠤᠯᠤᠰ ᠤᠨ 25 ᠲᠦᠮᠡᠨ ᠡᠭᠡᠯ ᠠᠷᠠᠳ ᠢ ᠬᠢᠳᠤᠨ ᠠᠯᠠᠪᠠ᠃ ᠳᠤᠮᠳᠠᠳᠤ | ᠤᠯᠤᠰ ᠤᠨ ᠠᠷᠠᠳ ᠲᠦᠮᠡᠨ ᠨᠢᠰᠬᠦ ᠪᠠᠷᠰ ᠤᠨ ᠠᠩᠭᠢ ᠶᠢ ᠮᠠᠷᠲᠠᠭ᠎ᠠ ᠦᠭᠡᠢ᠃ ᠪᠢᠳᠡ ᠴᠦᠩᠴᠢᠩ ᠳᠤ ᠲᠤᠰᠬᠠᠶᠢᠯᠠᠨ | ᠳᠤᠷᠠᠰᠬᠠᠯ ᠤᠨ ᠣᠷᠳᠣᠨ ᠪᠠᠶᠢᠭᠤᠯᠵᠤ᠂ 1000 ᠭᠠᠷᠤᠢ ᠨᠢᠰᠬᠦ ᠪᠠᠷᠰ ᠤᠨ ᠠᠩᠭᠢ ᠶᠢᠨ ᠠᠬᠠᠮᠠᠳ ᠴᠡᠷᠢᠭ ᠵᠢᠴᠢ | ᠲᠡᠳᠡᠨ ᠤ ᠭᠡᠷ ᠪᠦᠯᠢ ᠶᠢᠨ ᠬᠢᠨ ᠢ ᠳᠤᠮᠳᠠᠳᠤ ᠤᠯᠤᠰ ᠲᠤ ᠤᠷᠢᠵᠤ ᠠᠪᠴᠢᠷᠠᠵᠠᠢ᠂ ᠪᠢ ᠲᠡᠳᠡᠨ ᠤ ᠳᠣᠲᠣᠷᠠᠬᠢ ᠵᠠᠷᠢᠮ | ᠬᠥᠮᠥᠰ ᠲᠠᠢ ᠪᠠᠰᠠ ᠵᠠᠬᠢᠳᠠᠯ ᠢᠶᠠᠷ ᠬᠠᠷᠢᠯᠴᠠᠭᠰᠠᠭᠠᠷ ᠢᠷᠡᠵᠠᠢ᠃ ᠣᠶᠢᠷ᠎ᠠ ᠳᠤ᠂ ᠨᠢᠰᠬᠦ ᠪᠠᠷᠰ ᠤᠨ ᠠᠩᠭᠢ ᠶᠢᠨ ᠠᠬᠠᠮᠠᠳ | ᠴᠡᠷᠢᠭ᠂ 103 ᠥᠨᠳᠥᠷ ᠨᠠᠰᠤᠲᠠᠢ ᠮᠦᠤᠤᠶᠧ ᠪᠣᠯᠣᠨ 98 ᠥᠨᠳᠥᠷ ᠨᠠᠰᠤᠲᠠᠢ ᠮᠠᠶᠢᠺᠧᠮᠠᠷᠧᠨ ᠳᠤᠮᠳᠠᠳᠤ ᠤᠯᠤᠰ ᠲᠤ | ᠢᠷᠡᠵᠦ᠂ ᠤᠷᠳᠤ ᠴᠠᠭᠠᠨ ᠬᠡᠷᠡᠮ ᠳᠤ ᠭᠠᠷᠴᠤ᠂ ᠳᠤᠮᠳᠠᠳᠤ ᠤᠯᠤᠰ ᠤᠨ ᠠᠷᠠᠳ ᠲᠦᠮᠡᠨ ᠤ ᠬᠠᠯᠠᠭᠤᠨ ᠬᠦᠷᠢᠶᠡᠯᠡᠯ ᠢ | ᠣᠯᠵᠠᠢ᠃ ᠠᠮᠧᠷᠢᠺᠠ ᠶᠢᠨ ᠠᠷᠠᠳ ᠲᠦᠮᠡᠨ ᠴᠤ ᠠᠮᠧᠷᠢᠺᠠ ᠶᠢᠨ ᠴᠡᠷᠢᠭ ᠢ ᠠᠮᠢ ᠴᠦᠯᠡᠨ ᠠᠪᠤᠷᠠᠭᠰᠠᠨ ᠳᠤᠮᠳᠠᠳᠤ | ᠤᠯᠤᠰ ᠤᠨ ᠠᠷᠠᠳ ᠲᠦᠮᠡᠨ ᠢ ᠮᠠᠷᠲᠠᠭ᠎ᠠ ᠦᠭᠡᠢ᠃ ᠵᠧᠵᠢᠶᠠᠩ ᠤᠨ ᠴᠢᠦᠢ ᠵᠧᠦ ᠳᠤ ᠨᠢᠭᠡᠨ ᠳ᠋ᠦᠯᠢᠲ᠋ᠧ ᠠᠵᠢᠯᠯᠠᠭᠠᠨ ᠤ | ᠳᠤᠷᠠᠰᠬᠠᠯ ᠤᠨ ᠣᠷᠳᠣᠨ ᠪᠠᠶᠢᠳᠠᠭ᠂ ᠲᠤᠬᠠᠢ ᠶᠢᠨ ᠵᠢᠯ ᠳᠤ ᠠᠪᠤᠷᠠᠭᠳᠠᠭᠰᠠᠨ ᠠᠮᠧᠷᠢᠺᠠ ᠶᠢᠨ ᠴᠡᠷᠢᠭ ᠤᠨ ᠬᠤᠶᠢᠴᠢᠰ | ᠦᠷᠭᠦᠯᠵᠢ ᠠᠳᠡ ᠢᠷᠡᠵᠦ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠳᠤᠮᠳᠠᠳᠤ ᠤᠯᠤᠰ ᠤᠨ ᠠᠷᠠᠳ | ᠲᠦᠮᠡᠨ ᠳᠤ ᠬᠦᠨᠳᠦᠳᠬᠡᠯ ᠢᠶᠠᠨ ᠢᠯᠡᠳᠬᠡᠳᠡᠭ᠃ ᠴᠢᠰᠤ ᠪᠠ ᠭᠠᠯ ᠹᠷᠤᠨᠲ ᠲᠤ ᠳᠠᠪᠲᠠᠭᠳᠠᠭᠰᠠᠨ ᠳᠤᠮᠳᠠᠳᠤ ᠠᠮᠧᠷᠢᠺᠠ | ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠯᠠᠪᠲᠠᠢ ᠦᠶ᠎ᠡ ᠶᠢᠨ ᠦᠶ᠎ᠡ ᠳᠡᠭᠡᠨ ᠤᠯᠠᠮᠵᠢᠯᠠᠭᠳᠠᠨ᠎ᠠ ᠭᠡᠳᠡᠭ ᠢ ᠪᠢ | ᠢᠲᠡᠭᠡᠵᠦ ᠪᠠᠶᠢᠨ᠎ᠠ᠃ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠶᠡᠭᠡ ᠡᠭᠦᠳᠡ ᠶᠢ ᠠᠷᠠᠳ ᠲᠦᠮᠡᠨ ᠨᠡᠭᠡᠭᠡᠭᠰᠡᠨ ᠶᠤᠮ᠃ ᠬᠤᠶᠠᠷ ᠤᠯᠤᠰ | ᠤᠤᠯ ᠳᠠᠭᠠᠨ 22 ᠵᠢᠯ ᠬᠥᠨᠳᠡᠶᠢᠷᠡᠨ ᠡᠰᠡᠷᠭᠦᠴᠡᠯᠳᠦᠭᠰᠡᠨ ᠶᠤᠮ᠃ ᠴᠠᠭ ᠦᠶ᠎ᠡ ᠶᠢᠨ ᠤᠷᠤᠰᠬᠠᠯ ᠨᠢ ᠪᠢᠳᠡᠨ ᠢ ᠬᠠᠷᠢᠯᠴᠠᠨ | ᠶᠠᠪᠤᠯᠴᠠᠭᠤᠯᠤᠭᠰᠠᠨ ᠶᠤᠮ᠂ ᠬᠠᠮᠲᠤ ᠶᠢᠨ ᠠᠰᠢᠭ ᠲᠤᠰᠠ ᠨᠢ ᠳᠤᠮᠳᠠᠳᠤ ᠠᠮᠧᠷᠢᠺᠠ ᠶᠢ ᠵᠥᠷᠢᠯᠳᠦᠭᠡᠨ ᠠᠴᠠ | ᠳᠠᠪᠠᠭᠤᠯᠤᠭᠰᠠᠨ ᠶᠤᠮ᠂ ᠠᠷᠠᠳ ᠲᠦᠮᠡᠨ ᠤ ᠬᠦᠰᠡᠯ ᠡᠷᠡᠮᠡᠯᠵᠡᠯ ᠨᠢ ᠬᠤᠶᠠᠷ ᠤᠯᠤᠰ ᠤᠨ ᠬᠦᠴᠢᠷ ᠪᠡᠷᠬᠡᠰᠢᠶᠡᠯ ᠢ ᠢᠯᠠᠨ | ᠳᠠᠪᠠᠭᠤᠯᠤᠭᠰᠠᠨ ᠶᠤᠮ᠃ 1971 ᠣᠨ ᠳᠤ᠂ ᠠᠮᠧᠷᠢᠺᠠ ᠶᠢᠨ ᠫᠢᠩᠫᠠᠩ ᠪᠥᠮᠪᠦᠭᠡ ᠶᠢᠨ ᠲᠥᠯᠥᠭᠡᠯᠡᠭᠴᠢᠳ ᠤᠨ ᠪᠦᠯᠭᠦᠮ | ᠪᠡᠭᠡᠵᠢᠩ ᠳᠤ ᠢᠷᠡᠵᠦ᠂ ᠵᠢᠵᠢᠭ ᠪᠥᠮᠪᠦᠭᠡ ᠨᠢ ᠲᠣᠮᠣ ᠪᠥᠮᠪᠦᠭᠡ ᠶᠢ ᠡᠷᠭᠢᠯᠳᠦᠭᠦᠯᠦᠭᠰᠡᠨ ᠪᠠᠶᠢᠨ᠎ᠠ᠃ ᠡᠭᠦᠨ ᠤ ᠳᠠᠷᠠᠭᠠᠬᠠᠨ᠂ | ᠮᠠᠨᠰᠹᠢᠯᠳ᠋ ᠠᠪᠤᠭᠠᠢ ᠶᠢᠨ ᠳᠠᠭᠠᠭᠤᠯᠤᠭᠰᠠᠨ ᠠᠮᠧᠷᠢᠺᠠ ᠶᠢᠨ ᠤᠯᠤᠰ ᠤᠨ ᠬᠤᠷᠠᠯ ᠤᠨ ᠭᠡᠰᠢᠭᠦᠨ ᠤ ᠠᠩᠬᠠᠳᠤᠭᠠᠷ | ᠲᠥᠯᠥᠭᠡᠯᠡᠭᠴᠢᠳ ᠤᠨ ᠪᠦᠯᠭᠦᠮ ᠬᠦᠷᠴᠦ ᠢᠷᠡᠪᠡ᠂ ᠠᠶᠢᠶᠤᠸᠠ ᠵᠧᠦ ᠶᠢᠨ ᠳᠠᠷᠤᠭ᠎ᠠ ᠷᠤᠪᠧᠷᠲ · ᠯᠧᠢ ᠶᠢ ᠪᠠᠭᠲᠠᠭᠠᠭᠰᠠᠨ | ᠠᠮᠧᠷᠢᠺᠠ ᠶᠢᠨ ᠵᠧᠦ ᠶᠢᠨ ᠳᠠᠷᠤᠭ᠎ᠠ ᠶᠢᠨ ᠠᠩᠬᠠᠳᠤᠭᠠᠷ ᠲᠥᠯᠥᠭᠡᠯᠡᠭᠴᠢᠳ ᠤᠨ ᠪᠦᠯᠭᠦᠮ ᠬᠦᠷᠴᠦ ᠢᠷᠡᠪᠡ᠂ ᠦᠢᠯᠡᠳᠪᠦᠷᠢ | ᠬᠤᠳᠠᠯᠳᠤᠭᠠᠨ ᠤ ᠡᠲᠡᠭᠡᠳ ᠤᠨ ᠮᠠᠰᠢ ᠤᠯᠠᠨ ᠬᠥᠮᠥᠰ ᠴᠦ ᠬᠦᠷᠴᠦ ᠢᠷᠡᠭᠡᠳ ᠳᠤᠮᠳᠠᠳᠤ ᠠᠮᠧᠷᠢᠺᠠ ᠶᠢᠨ ᠨᠥᠭᠦᠷᠰᠡᠭ | ᠶᠠᠪᠤᠯᠴᠠᠭᠠᠨ ᠤ ᠥᠷᠨᠢᠯᠲᠡ ᠶᠢ ᠪᠤᠢ ᠪᠣᠯᠭᠠᠪᠠ᠃ ᠳᠡᠯᠡᠬᠡᠢ ᠳ᠋ᠠᠬᠢᠨ ᠢᠶᠠᠷ ᠢᠶᠠᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠶᠡᠭᠡ ᠪᠠᠷ ᠳᠡᠯᠭᠡᠷᠡᠭᠰᠡᠨ ᠶᠠᠪᠤᠴᠠ ᠶᠢ ᠥᠩᠭᠡᠷᠡᠭᠡᠭᠰᠡᠨ ᠤ ᠲᠠᠷᠠᠭ᠎ᠠ᠂ ᠪᠢ | ᠪᠡᠭᠡᠵᠢᠩ ᠳᠤ ᠵᠢᠰᠢᠩᠭᠧ ᠳ᠋ᠣᠺᠲ᠋ᠣᠷ᠂ ᠪᠢᠯ · ᠭᠠᠶᠢᠼ ᠠᠪᠤᠭᠠᠢ ᠲᠠᠢ ᠠᠭᠤᠯᠵᠠᠭᠰᠠᠨ ᠪᠥᠭᠡᠳ ᠱᠦᠮᠦ᠋ᠸᠧ ᠠᠪᠤᠭᠠᠢ ᠪᠣᠯᠣᠨ | ᠪᠤᠰᠤᠳ ᠬᠡᠳᠦᠨ ᠳᠡᠭᠡᠳᠦ ᠵᠥᠪᠯᠡᠯ ᠤᠨ ᠭᠡᠰᠢᠭᠦᠨ᠂ ᠨᠢᠦ᠋ᠰᠧᠨ ᠵᠧᠦ ᠶᠢᠨ ᠳᠠᠷᠤᠭ᠎ᠠ ᠲᠠᠢ ᠴᠤ ᠠᠭᠤᠯᠵᠠᠵᠠᠢ᠃ ᠪᠢ | ᠲᠡᠳᠡᠨ ᠳᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠦᠰᠡᠯ ᠡᠷᠡᠮᠡᠯᠵᠡᠯ ᠨᠢ ᠠᠷᠠᠳ ᠲᠦᠮᠡᠨ ᠳᠤ ᠪᠤᠢ᠂ ᠰᠠᠭᠤᠷᠢ ᠨᠢ | ᠠᠷᠠᠳ ᠤᠨ ᠳᠤᠮᠳᠠ ᠪᠤᠢ᠂ ᠢᠷᠡᠭᠡᠳᠦᠢ ᠨᠢ ᠵᠠᠯᠠᠭᠤᠴᠤᠳ ᠲᠤ ᠪᠤᠢ᠂ ᠠᠮᠢᠵᠢᠷᠠᠯ ᠤᠨ ᠬᠦᠴᠦᠨ ᠨᠢ ᠣᠷᠣᠨ ᠨᠤᠲᠤᠭ ᠲᠤ | ᠪᠤᠢ ᠭᠡᠵᠦ ᠬᠡᠯᠡᠪᠡ᠃ ᠪᠢ ᠠᠮᠧᠷᠢᠺᠠ ᠶᠢᠨ ᠨᠡᠩ ᠤᠯᠠᠨ ᠵᠧᠦ ᠶᠢᠨ ᠳᠠᠷᠤᠭ᠎ᠠ᠂ ᠵᠥᠪᠯᠡᠯᠭᠡᠨ ᠤ ᠭᠡᠰᠢᠭᠦᠳ ᠤᠨ ᠳᠤᠮᠳᠠᠳᠤ | ᠤᠯᠤᠰ ᠲᠤ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠠᠮᠧᠷᠢᠺᠠ ᠶᠢᠨ ᠡᠯ᠎ᠡ ᠡᠲᠡᠭᠡᠳ ᠤᠨ ᠬᠥᠮᠥᠰ ᠤᠨ ᠳᠤᠮᠳᠠᠳᠤ | ᠤᠯᠤᠰ ᠲᠤ ᠣᠴᠢᠬᠤ ᠶᠢ ᠪᠠᠶᠠᠷᠯᠠᠨ ᠤᠭᠲᠤᠵᠤ ᠪᠠᠶᠢᠨ᠎ᠠ᠃ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠦᠯᠢᠭᠡᠷ ᠢ ᠠᠷᠠᠳ ᠲᠦᠮᠡᠨ ᠪᠢᠴᠢᠭᠯᠡᠭᠰᠡᠨ ᠶᠤᠮ᠃ ᠪᠢ ᠠᠮᠧᠷᠢᠺᠠ ᠳᠤ | ᠠᠩᠬ᠎ᠠ ᠤᠳᠠᠭ᠎ᠠ ᠠᠶᠢᠯᠴᠢᠯᠠᠬᠤ ᠦᠶ᠎ᠡ ᠳᠤ᠂ ᠠᠶᠢᠶᠤᠸᠠ ᠵᠧᠦ ᠶᠢᠨ ᠳ᠋ᠸᠧᠴᠧᠺ ᠤᠨ ᠬᠢᠨ ᠳᠤ ᠰᠠᠭᠤᠵᠤ ᠪᠠᠶᠢᠪᠠ᠂ ᠡᠭᠦᠳᠡᠨ | ᠨᠣᠮᠧᠷ ᠨᠢ ᠪᠠᠩᠨᠢ ᠵᠡᠭᠡᠯᠢ ᠶᠢᠨ 2911 ᠪᠤᠯᠬᠤ ᠶᠢ ᠪᠢ ᠴᠡᠭᠡᠵᠢᠯᠡᠵᠦ ᠪᠠᠶᠢᠨ᠎ᠠ᠃ ᠡᠨᠡ ᠪᠣᠯ ᠪᠢ ᠠᠮᠧᠷᠢᠺᠠ ᠶᠢᠨ | ᠠᠷᠠᠳ ᠲᠠᠢ ᠠᠩᠬ᠎ᠠ ᠤᠳᠠᠭ᠎ᠠ ᠨᠢᠭᠤᠷᠳᠠᠨ ᠠᠭᠤᠯᠵᠠᠭᠰᠠᠨ ᠶᠠᠪᠤᠳᠠᠯ ᠪᠤᠯᠬᠤ ᠶᠤᠮ᠂ ᠪᠠᠰᠠ ᠴᠤ ᠪᠢ ᠠᠮᠧᠷᠢᠺᠠ ᠶᠢᠨ | ᠠᠷᠠᠳ ᠲᠠᠢ ᠬᠠᠮᠲᠤ ᠠᠮᠢᠳᠤᠷᠠᠭᠰᠠᠨ ᠮᠠᠷᠲᠠᠭᠳᠠᠰᠢ ᠦᠭᠡᠢ ᠥᠩᠭᠡᠷᠡᠯᠲᠡ ᠮᠥᠨ᠃ ᠨᠠᠳᠠ ᠳᠤ ᠠᠪᠴᠤ ᠬᠡᠯᠡᠪᠡᠯ᠂ ᠲᠡᠳᠡ | ᠪᠣᠯ ᠳᠠᠷᠤᠢ ᠠᠮᠧᠷᠢᠺᠠ ᠮᠥᠨ᠃ ᠬᠤᠶᠠᠷ ᠤᠯᠤᠰ ᠬᠡᠳᠦ᠋ᠢᠪᠡᠷ ᠲᠡᠦᠬᠡ ᠰᠣᠶᠣᠯ᠂ ᠨᠡᠶᠢᠭᠡᠮ ᠤᠨ ᠪᠠᠶᠢᠭᠤᠯᠤᠯ᠂ | ᠬᠥᠭᠵᠢᠯᠲᠡ ᠶᠢᠨ ᠵᠠᠮ ᠠᠳᠠᠯᠢ ᠦᠭᠡᠢ ᠪᠤᠯᠪᠠᠴᠤ ᠠᠷᠠᠳ ᠲᠦᠮᠡᠨ ᠴᠥᠮ ᠡᠯᠢᠭᠡᠰᠡᠭ ᠨᠥᠭᠦᠷᠰᠡᠭ᠂ ᠠᠵᠢᠯᠴᠢ | ᠭᠦᠳᠡᠯᠮᠦᠷᠢᠴᠢ᠂ ᠴᠥᠮ ᠡᠬᠡ ᠤᠯᠤᠰ ᠲᠠᠭᠠᠨ ᠬᠠᠶᠢᠷᠠᠲᠠᠢ᠂ ᠭᠡᠷ ᠪᠦᠯᠢ ᠳᠡᠭᠡᠨ ᠬᠠᠶᠢᠷᠠᠲᠠᠢ᠂ ᠠᠮᠢᠳᠤᠷᠠᠯ ᠳᠠᠭᠠᠨ ᠬᠠᠶᠢᠷᠠᠲᠠᠢ | ᠂ ᠴᠥᠮ ᠬᠠᠷᠢᠯᠴᠠᠨ ᠪᠠᠭ᠋ᠠᠷᠬᠠᠳᠠᠭ ᠪᠥᠭᠡᠳ ᠬᠠᠷᠢᠯᠴᠠᠨ ᠰᠣᠨᠢᠷᠬᠠᠯᠲᠠᠢ ᠪᠠᠶᠢᠳᠠᠭ ᠢ ᠪᠢ ᠣᠯᠵᠤ ᠮᠡᠳᠡᠵᠡᠢ᠃ ᠶᠠᠭ ᠡᠶᠢᠨ ᠬᠦ | ᠡᠯᠢᠭᠡᠰᠡᠭ ᠨᠥᠭᠦᠷᠰᠡᠭ ᠨᠢ ᠨᠡᠶᠢᠯᠡᠭᠡᠳ ᠤᠷᠤᠰᠬᠠᠯ ᠪᠣᠯᠵᠤ ᠥᠷᠭᠡᠨ ᠠᠭᠤᠳᠠᠮ ᠨᠣᠮᠣᠬᠠᠨ ᠳᠠᠯᠠᠢ ᠶᠢ ᠪᠠᠷᠲᠠᠭ᠎ᠠ ᠪᠢᠰᠢ | ᠪᠤᠯᠭᠠᠪᠠ︔ ᠠᠷᠠᠳ ᠲᠦᠮᠡᠨ ᠥᠭᠡᠳᠡ ᠥᠭᠡᠳᠡ ᠠᠴᠠ ᠪᠠᠨ ᠲᠡᠮᠡᠦᠯᠦᠭᠰᠡᠨ ᠠᠴᠠ᠂ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢ ᠤᠳᠠᠭ᠎ᠠ ᠪᠦᠷᠢ ᠭᠤᠤ ᠭᠠᠩᠭ᠎ᠠ ᠠᠴᠠ ᠵᠥᠪ ᠵᠠᠮ ᠳᠤ ᠣᠷᠣᠭᠤᠯᠤᠭᠰᠠᠨ ᠶᠤᠮ᠃ ᠳᠤᠮᠳᠠᠳᠤ ᠠᠮᠧᠷᠢᠺᠠ ᠶᠢᠨ | ᠬᠠᠷᠢᠯᠴᠠᠭᠠᠨ ᠤ ᠡᠭᠦᠳᠡ ᠨᠡᠭᠡᠭᠡᠭᠳᠡᠪᠡᠯ ᠳᠠᠭᠢᠭᠠᠳ ᠬᠠᠭᠠᠭᠳᠠᠬᠤ ᠦᠭᠡᠢ ᠭᠡᠳᠡᠭ ᠢ ᠪᠢ ᠢᠲᠡᠭᠡᠵᠦ ᠪᠠᠶᠢᠨ᠎ᠠ᠃ ᠬᠤᠶᠠᠷ | ᠤᠯᠤᠰ ᠤᠨ ᠠᠷᠠᠳ ᠲᠦᠮᠡᠨ ᠤ ᠨᠥᠬᠦᠷᠯᠡᠯ ᠤᠨ ᠦᠢᠯᠡᠰ ᠡᠬᠢᠯᠡᠪᠡᠯ ᠳᠤᠲᠠᠭᠤ ᠲᠤᠷᠭᠤᠨ ᠵᠣᠬᠰᠣᠬᠤ ᠦᠭᠡᠢ ᠶᠤᠮ᠃ | ᠠᠷᠠᠳ ᠲᠦᠮᠡᠨ ᠤ ᠨᠥᠬᠦᠷᠯᠡᠯ ᠤᠨ ᠮᠣᠳᠣ ᠨᠢᠭᠡᠨᠲᠡ ᠤᠷᠭᠤᠵᠤ ᠲᠣᠮᠣᠷᠠᠪᠠ᠂ ᠯᠠᠪᠲᠠᠢ ᠰᠠᠯᠬᠢ ᠪᠣᠷᠣᠭᠠᠨ ᠢ ᠲᠤᠭᠤᠯᠵᠤ | ᠴᠢᠳᠠᠨ᠎ᠠ᠃ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠢᠷᠡᠭᠡᠳᠦᠢ ᠶᠢ ᠠᠷᠠᠳ ᠲᠦᠮᠡᠨ ᠡᠭᠦᠳᠦᠨ ᠪᠦᠲᠦᠭᠡᠭᠰᠡᠨ ᠶᠤᠮ᠃ | ᠬᠦᠴᠢᠷ ᠪᠡᠷᠬᠡᠰᠢᠶᠡᠯ ᠲᠠᠢ ᠦᠶ᠎ᠡ ᠪᠤᠯᠬᠤ ᠳᠤᠳᠤᠮ ᠠᠷᠠᠳ ᠲᠦᠮᠡᠨ ᠤ ᠬᠤᠯᠪᠣᠭᠠᠰᠤ ᠶᠢ ᠤᠯᠠᠮ ᠴᠢᠩᠭᠠᠯᠠᠵᠤ᠂ ᠬᠥᠮᠥᠰ ᠤᠨ | ᠰᠡᠳᠬᠢᠯ ᠤᠨ ᠣᠯᠣᠯᠴᠠᠭ᠎ᠠ ᠶᠢ ᠤᠯᠠᠮ ᠨᠡᠮᠡᠭᠳᠡᠭᠦᠯᠬᠦ ᠴᠢᠬᠤᠯᠠᠲᠠᠢ᠂ ᠨᠡᠩ ᠤᠯᠠᠨ ᠬᠥᠮᠥᠨ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢ ᠵᠣᠷᠢᠭᠵᠢᠭᠤᠯᠤᠨ ᠤᠷᠢᠶᠠᠯᠠᠬᠤ ᠴᠢᠬᠤᠯᠠᠲᠠᠢ ᠶᠤᠮ᠃ ᠪᠢᠳᠡ ᠠᠷᠠᠳ ᠲᠦᠮᠡᠨ ᠤ ᠬᠤᠭᠤᠷᠣᠨᠳᠣᠭᠢ | ᠶᠠᠪᠤᠯᠴᠠᠭ᠎ᠠ ᠳᠤ ᠨᠡᠩ ᠤᠯᠠᠨ ᠬᠥᠭᠦᠷᠭᠡ ᠲᠠᠯᠪᠢᠵᠤ᠂ ᠨᠡᠩ ᠤᠯᠠᠨ ᠵᠠᠮ ᠳᠡᠪᠢᠰᠴᠦ ᠥᠭᠭᠦᠶ᠎ᠠ᠂ ᠬᠠᠷᠢᠨ ᠡᠯ᠎ᠡ ᠵᠦᠢᠯ ᠤᠨ | ᠬᠠᠷᠰᠢ ᠰᠠᠭᠠᠳ ᠢ ᠪᠤᠢ ᠪᠤᠯᠭᠠᠵᠥ᠂ ︽ᠨᠠᠵᠠᠭᠠᠢ ᠨᠥᠯᠥᠭᠡ︾ ᠭᠠᠷᠭᠠᠵᠤ ᠪᠤᠯᠬᠤ ᠦᠭᠡᠢ᠃ ᠡᠨᠡ ᠡᠳᠦᠷ ᠪᠢ | ᠶᠡᠷᠦᠩᠬᠡᠶᠢᠯᠡᠭᠴᠢ ᠪᠠᠶᠢᠳᠧᠨ ᠲᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ ᠤᠯᠤᠰ ᠬᠥᠮᠥᠰ ᠤᠨ | ᠶᠠᠪᠤᠯᠴᠠᠭ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠳᠤ ᠳᠦᠭᠦᠮ ᠦᠵᠡᠭᠦᠯᠭᠦ ᠠᠷᠭ᠎ᠠ ᠬᠡᠮᠵᠢᠶ᠎ᠡ ᠭᠠᠷᠭᠠᠨ᠎ᠠ᠂ ᠡᠭᠦᠨ ᠳᠤ | ᠳᠤᠮᠳᠠᠳᠤ ᠠᠮᠧᠷᠢᠺᠠ ᠶᠢᠨ ᠠᠶᠠᠨᠴᠢᠳ ᠤᠨ ᠰᠢᠭᠤᠳ ᠨᠡᠪᠲᠡᠷᠡᠬᠦ ᠵᠢᠰᠢᠶᠠᠨ ᠤ ᠨᠢᠰᠬᠡᠯ ᠢ ᠨᠡᠮᠡᠭᠳᠡᠭᠦᠯᠬᠦ᠂ ᠳᠤᠮᠳᠠᠳᠤ | ᠠᠮᠧᠷᠢᠺᠠ ᠶᠢᠨ ᠵᠢᠭᠤᠯᠴᠢᠯᠠᠯ ᠤᠨ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠢ ᠡᠷᠭᠢᠯᠡᠭᠦ᠂ ᠸᠢᠰᠠ ᠭᠤᠶᠤᠴᠢᠯᠠᠬᠤ ᠳᠡᠰ | ᠳᠠᠷᠠᠭᠠᠯᠠᠯ ᠢ ᠰᠢᠯᠢᠳᠡᠭᠵᠢᠭᠦᠯᠬᠦ ᠵᠡᠷᠭᠡ ᠶᠢ ᠪᠠᠭᠲᠠᠭᠠᠨ᠎ᠠ᠃ ᠪᠢᠳᠡ ᠬᠤᠶᠠᠷ ᠤᠯᠤᠰ ᠤᠨ ᠠᠷᠠᠳ ᠲᠦᠮᠡᠨ ᠤ ᠢᠯᠡᠭᠦᠬᠡᠨ | ᠬᠠᠷᠢᠯᠴᠠᠵᠤ᠂ ᠢᠯᠡᠭᠦᠬᠡᠨ ᠶᠠᠪᠤᠯᠴᠠᠵᠤ᠂ ᠢᠯᠡᠭᠦᠬᠡᠨ ᠰᠣᠯᠢᠯᠴᠠᠵᠤ᠂ ᠰᠢᠨ᠎ᠡ ᠴᠠᠭ ᠦᠶ᠎ᠡ ᠶᠢᠨ ᠬᠤᠶᠠᠷ ᠤᠯᠤᠰ ᠤᠨ ᠠᠷᠠᠳ | ᠲᠦᠮᠡᠨ ᠤ ᠨᠥᠬᠦᠷᠯᠡᠯ ᠤᠨ ᠦᠯᠢᠭᠡᠷ ᠢ ᠬᠠᠮᠲᠤ ᠪᠠᠷ ᠦᠷᠭᠦᠯᠵᠢᠯᠡᠨ ᠪᠢᠴᠢᠭᠯᠡᠬᠦ ᠶᠢ ᠬᠦᠰᠡᠵᠦ ᠪᠠᠶᠢᠨ᠎ᠠ︕ ᠪᠢ ᠪᠠᠰᠠ | ᠺᠠᠯᠢᠹᠣᠷᠨᠢᠶ᠎ᠠ ᠵᠧᠦ ᠪᠣᠯᠣᠨ ᠰᠠᠨ ᠹᠷᠠᠨᠰᠢᠰᠺᠦ ᠳᠤᠮᠳᠠᠳᠤ ᠠᠮᠧᠷᠢᠺᠠ ᠶᠢᠨ ᠨᠥᠬᠦᠷᠯᠡᠯ ᠤᠨ ᠠᠶᠠᠨ ᠢ ᠦᠷᠭᠦᠯᠵᠢᠯᠡᠨ ᠳᠠᠶᠢᠴᠢᠯᠠᠨ | ᠳᠠᠭᠠᠭᠤᠯᠬᠤ ᠶᠢ ᠬᠦᠰᠡᠵᠦ ᠪᠠᠶᠢᠨ᠎ᠠ︕ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠪᠢᠳᠡ ᠥᠷᠢᠰᠦᠯᠳᠦᠭᠡᠨ ᠬᠤᠪᠢᠷᠠᠯᠲᠠ ᠪᠠᠷ ᠳᠦᠭᠦᠷᠦᠭᠰᠡᠨ ᠴᠠᠭ ᠦᠶ᠎ᠡ ᠳᠤ ᠣᠷᠣᠰᠢᠵᠤ ᠪᠠᠶᠢᠨ᠎ᠠ᠂ ᠪᠠᠰᠠ ᠬᠦᠰᠡᠯ | ᠡᠷᠡᠮᠡᠯᠵᠡᠯ ᠢᠶᠠᠷ ᠪᠢᠯᠬᠠᠭᠰᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠳᠡᠯᠡᠬᠡᠢ ᠶᠢᠨ ᠢᠷᠡᠭᠡᠳᠦᠢ ᠳᠤᠮᠳᠠᠳᠤ ᠠᠮᠧᠷᠢᠺᠠ ᠶᠢᠨ | ᠬᠠᠮᠲᠤᠷᠠᠯᠴᠠᠭ᠎ᠠ ᠶᠢ ᠬᠡᠷᠡᠭᠰᠡᠨ᠎ᠡ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠬᠥᠭᠵᠢᠵᠦ ᠪᠠᠶᠢᠭ᠎ᠠ ᠤᠯᠤᠰ ᠪᠠ ᠬᠥᠭᠵᠢᠭᠰᠡᠨ | ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠠᠮᠧᠷᠢᠺᠠ ᠰᠠᠶᠢᠲᠤᠷ ᠬᠠᠷᠢᠯᠴᠠᠬᠤ ᠬᠡᠷᠡᠭᠲᠡᠢ᠃ ᠬᠤᠪᠢᠷᠠᠯᠲᠠ ᠪᠠ | ᠳᠡᠪᠵᠢᠶᠡᠨ ᠶᠡᠬᠡᠲᠡᠢ ᠳᠡᠯᠡᠬᠡᠢ ᠶᠢᠷᠲᠢᠨᠴᠦ ᠳᠤ᠂ ᠳᠤᠮᠳᠠᠳᠤ ᠠᠮᠧᠷᠢᠺᠠ ᠨᠡᠩ ᠠᠭᠤᠳᠠᠮᠴᠢ ᠪᠠᠭᠲᠠᠭᠠᠮᠵᠢᠲᠠᠢ ᠪᠠᠶᠢᠵᠤ᠂ ᠲᠣᠮᠣ | ᠤᠯᠤᠰ ᠤᠨ ᠬᠡᠪ ᠨᠠᠮᠪᠠ ᠶᠢ ᠢᠯᠡᠷᠡᠭᠦᠯᠵᠦ᠂ ᠲᠣᠮᠣ ᠤᠯᠤᠰ ᠤᠨ ᠡᠭᠦᠷᠭᠡᠯᠡᠯ ᠬᠠᠷᠢᠭᠤᠴᠠᠯᠭ᠎ᠠ ᠶᠢ ᠬᠠᠷᠠᠭᠤᠯᠵᠤ᠂ ᠲᠣᠮᠣ | ᠤᠯᠤᠰ ᠤᠨ ᠦᠢᠯᠡᠳᠦᠯ ᠢ ᠪᠠᠳᠠᠷᠠᠭᠤᠯᠬᠤ ᠶᠢ ᠱᠠᠭᠠᠷᠳᠠᠵᠤ ᠪᠠᠶᠢᠨ᠎ᠠ᠃ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠨᠡ ᠬᠦ ᠲᠣᠮᠣ ᠣᠩᠭᠤᠴᠠ ᠶᠢ ᠬᠡᠷᠬᠢᠨ ᠲᠠᠯᠳᠠ ᠪᠣᠱᠤᠭ᠎ᠠ ᠠᠴᠠ | ᠵᠠᠶᠢᠯᠠᠭᠤᠯᠵᠤ᠂ ᠲᠤᠬᠰᠢᠨ ᠰᠠᠯᠬᠢ ᠰᠢᠷᠦᠭᠦᠨ ᠳᠠᠪᠠᠯᠭᠠᠨ ᠢ ᠲᠤᠭᠤᠯᠤᠭᠤᠯᠵᠤ᠂ ᠬᠡᠯᠪᠠᠶᠢᠬᠦ ᠦᠭᠡᠢ᠂ ᠬᠤᠷᠳᠤᠴᠠ ᠪᠠᠨ | ᠠᠯᠳᠠᠬᠤ ᠦᠭᠡᠢ᠂ ᠮᠥᠷᠭᠦᠯᠳᠦᠬᠦ ᠦᠭᠡᠢ ᠪᠠᠶᠢᠯᠭᠠᠬᠤ ᠪᠤᠢ︖ ᠭᠡᠳᠡᠭ ᠢ ᠪᠢ ᠪᠣᠳᠣᠯᠬᠢᠯᠠᠭᠰᠠᠭᠠᠷ ᠢᠷᠡᠵᠠᠢ᠃ ᠡᠩ | ᠲᠡᠷᠢᠭᠦᠨ ᠳᠤ ᠬᠠᠷᠢᠭᠤᠯᠬᠤ ᠨᠢ᠂ ᠳᠤᠮᠳᠠᠳᠤ ᠠᠮᠧᠷᠢᠺᠠ ᠴᠣᠬᠤᠮ ᠡᠰᠡᠷᠭᠦᠴᠡᠯᠳᠦᠬᠦ ᠡᠲᠡᠭᠡᠳ ᠶᠤᠮ ᠦᠦ᠂ ᠡᠰᠡᠬᠦᠯ᠎ᠡ | ᠬᠠᠨᠢᠲᠠᠨ ᠶᠤᠮ ᠦᠦ᠃ ᠡᠨᠡ ᠪᠣᠯ ᠨᠢᠭᠡᠨ ᠦᠨᠳᠦᠰᠦᠨ ᠮᠥᠷᠲᠡᠭᠡᠨ ᠡᠯ᠎ᠡ ᠵᠦᠢᠯ ᠤᠨ ᠶᠠᠪᠤᠳᠠᠯ ᠢ ᠨᠢᠭᠡᠳᠦᠯᠲᠡᠢ ᠬᠠᠮᠢᠶᠠᠷᠬᠤ | ᠠᠰᠠᠭᠤᠳᠠᠯ ᠮᠥᠨ᠃ ᠡᠭᠦᠨ ᠤ ᠶᠣᠰᠣ ᠤᠴᠢᠷ ᠨᠢ ᠮᠠᠰᠢ ᠳᠥᠭᠦᠮᠬᠡᠨ᠂ ᠬᠡᠷᠪᠡ ᠨᠥᠭᠦᠭᠡ ᠡᠲᠡᠭᠡᠳ ᠢᠶᠠᠨ ᠬᠠᠮᠤᠭ ᠤᠨ | ᠭᠤᠣᠯ ᠥᠷᠢᠰᠦᠯᠳᠦᠭᠴᠢ᠂ ᠬᠠᠮᠤᠭ ᠤᠨ ᠴᠢᠬᠤᠯᠠ ᠶᠡᠭᠡ ᠭᠠᠵᠠᠷ ᠣᠷᠣᠨ ᠤ ᠤᠯᠤᠰ ᠲᠥᠷᠥ ᠶᠢᠨ ᠥᠷᠢᠰᠦᠯᠳᠦᠭᠡᠨ ᠪᠠ | ᠠᠯᠬᠤᠮ ᠠᠯᠬᠤᠮ ᠢᠶᠠᠷ ᠰᠢᠬᠠᠮᠳᠠᠭᠤᠯᠬᠤ ᠰᠦᠷᠳᠡᠭᠦᠯᠦᠯ ᠢᠶᠠᠷ ᠦᠵᠡᠪᠡᠯ᠂ ᠵᠠᠶᠢᠯᠠᠰᠢ ᠦᠭᠡᠢ ᠪᠤᠷᠤᠭᠤ ᠲᠥᠷᠥ ᠶᠢᠨ | ᠪᠣᠳᠣᠯᠭ᠎ᠠ ᠶᠢ ᠪᠤᠢ ᠪᠤᠯᠭᠠᠵᠤ᠂ ᠪᠤᠷᠤᠭᠤ ᠠᠵᠢᠯᠯᠠᠭ᠎ᠠ ᠠᠪᠴᠤ᠂ ᠪᠤᠷᠤᠭᠤ ᠦᠷ᠎ᠡ ᠳ᠋ᠦᠩ ᠭᠠᠷᠭᠠᠬᠤ ᠪᠣᠯᠣᠨ᠎ᠠ᠃ ᠳᠤᠮᠳᠠᠳᠤ | ᠤᠯᠤᠰ ᠳᠤᠷᠠᠲᠠᠶ᠎ᠠ ᠠᠮᠧᠷᠢᠺᠠ ᠯᠤᠭ᠎ᠠ ᠬᠠᠨᠢᠲᠠᠨ ᠪᠣᠯᠵᠤ᠂ ᠨᠠᠶᠢᠵᠠ ᠪᠣᠯᠣᠨ᠎ᠠ᠃ ᠪᠢᠳᠡᠨ ᠤ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢ ᠰᠢᠢᠳᠪᠦᠷᠢᠯᠡᠬᠦ ᠦᠨᠳᠦᠰᠦᠨ ᠵᠢᠷᠤᠮᠯᠠᠯ ᠪᠣᠯ ᠳᠠᠷᠤᠢ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ | ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠠᠪᠤᠳᠠᠯ ᠪᠣᠯᠣᠨ᠎ᠠ᠃ | ᠬᠠᠷᠢᠯᠴᠠᠨ ᠬᠦᠨᠳᠦᠳᠬᠡᠬᠦ ᠪᠣᠯ ᠬᠥᠮᠥᠨ ᠬᠥᠮᠥᠨ ᠤ ᠬᠤᠭᠤᠷᠣᠨᠳᠣᠭᠢ ᠬᠠᠷᠢᠯᠴᠠᠭᠠᠨ ᠤ ᠦᠨᠳᠦᠰᠦᠨ ᠶᠣᠰᠣ ᠮᠥᠨ᠂ | ᠪᠠᠰᠠ ᠴᠤ ᠳᠤᠮᠳᠠᠳᠤ ᠠᠮᠧᠷᠢᠺᠠ ᠬᠤᠶᠠᠷ ᠤᠯᠤᠰ ᠤᠨ ᠬᠠᠷᠢᠯᠴᠠᠬᠤ ᠨᠠᠭᠠᠲᠤ ᠵᠠᠬ᠎ᠠ ᠶᠢᠨ ᠪᠠᠷᠢᠮᠵᠢᠶ᠎ᠠ ᠮᠥᠨ᠃ ᠠᠮᠧᠷᠢᠺᠠ | ᠥᠪᠡᠷᠮᠢᠴᠡ ᠲᠡᠦᠬᠡ ᠰᠣᠶᠣᠯ ᠪᠠ ᠭᠠᠵᠠᠷ ᠵᠦᠢ ᠶᠢᠨ ᠪᠠᠶᠢᠷᠢ ᠰᠠᠭᠤᠷᠢ ᠲᠠᠢ ᠪᠠᠶᠢᠵᠤ᠂ ᠲᠤᠰ ᠪᠡᠶ᠎ᠡ ᠶᠢᠨ ᠢᠶᠠᠨ | ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠪᠤᠢ ᠪᠣᠯᠭᠠᠪᠠ᠂ ᠪᠢᠳᠡ ᠭᠦᠢᠴᠡᠳ ᠭᠦᠨᠳᠦᠳᠭᠡᠵᠦ ᠪᠠᠶᠢᠨ᠎ᠠ᠃ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠪᠣᠯ ᠰᠢᠨᠵᠢᠯᠡᠬᠦ ᠤᠬᠠᠭᠠᠨᠴᠢ ᠨᠡᠶᠢᠭᠡᠮ ᠵᠢᠷᠤᠮ ᠤᠨ | ᠤᠨᠤᠯ ᠤᠨ ᠵᠢᠯᠣᠭᠤᠳᠤᠯᠭ᠎ᠠ ᠳᠣᠣᠷ᠎ᠠ ᠶᠠᠪᠤᠵᠤ ᠢᠷᠡᠭᠰᠡᠨ ᠶᠤᠮ᠂ 5000 ᠭᠠᠷᠤᠢ ᠵᠢᠯ ᠦᠷᠭᠦᠯᠵᠢᠯᠡᠭᠰᠡᠨ ᠳᠤᠮᠳᠠᠳᠤ ᠶᠢᠨ | ᠪᠣᠯᠪᠠᠰᠤᠨ ᠳᠤ ᠦᠨᠳᠦᠰᠦᠯᠡᠭᠰᠡᠨ ᠶᠤᠮ᠂ ᠪᠢᠳᠡ ᠮᠥᠨ ᠠᠳᠠᠯᠢᠬᠠᠨ ᠢᠶᠠᠷ ᠣᠮᠣᠭᠰᠢᠵᠤ ᠪᠠᠶᠢᠨ᠎ᠠ᠃ ᠡᠨᠡ ᠬᠤᠶᠠᠷ ᠵᠠᠮ | ᠠᠳᠠᠯᠢ ᠦᠭᠡᠢ ᠪᠤᠯᠪᠠᠴᠤ ᠴᠥᠮ ᠠᠷᠠᠳ ᠲᠦᠮᠡᠨ ᠤ ᠰᠣᠩᠭᠤᠯᠲᠠ ᠮᠥᠨ᠂ ᠴᠥᠮ ᠪᠦᠭᠦ ᠬᠥᠮᠥᠨ ᠲᠥᠷᠥᠯᠬᠢᠲᠡᠨ ᠤ | ᠬᠠᠮᠲᠤ ᠶᠢᠨ ᠦᠷᠲᠡᠭ ᠲᠤ ᠬᠦᠷᠬᠦ ᠲᠤᠯᠠ ᠪᠦᠷ ᠬᠦᠨᠳᠦᠳᠬᠡᠭᠳᠡᠬᠦ ᠶᠣᠰᠣᠲᠠᠢ ᠶᠤᠮ᠃ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠪᠣᠯ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠵᠠᠷᠴᠢᠮ ᠮᠥᠨ᠂ | ᠨᠡᠩ ᠴᠤ ᠳᠤᠮᠳᠠᠳᠤ ᠠᠮᠧᠷᠢᠺᠠ ᠬᠤᠶᠠᠷ ᠲᠣᠮᠣ ᠤᠯᠤᠰ ᠤᠨ ᠡᠷᠬᠡᠪᠰᠢ ᠪᠠᠲᠤ ᠰᠠᠬᠢᠬᠤ ᠬᠤᠷᠢᠭ᠎ᠠ ᠱᠤᠭᠤᠮ ᠮᠥᠨ᠃ ᠡᠩᠬᠡ | ᠲᠠᠶᠢᠪᠤᠩ ᠬᠥᠭᠵᠢᠯᠲᠡ ᠶᠢ ᠪᠠᠷᠢᠮᠲᠠᠯᠠᠵᠤ ᠪᠠᠶᠢᠭ᠎ᠠ ᠳᠤᠮᠳᠠᠳᠤ ᠤᠯᠤᠰ ᠢ ᠰᠦᠷᠳᠡᠭᠦᠯᠦᠯ ᠤᠨ ᠡᠲᠡᠭᠡᠳ ᠢᠶᠠᠷ ᠦᠵᠡᠵᠦ᠂ | ᠢᠯᠠᠵᠤ ᠢᠯᠠᠭᠳᠠᠬᠤ ᠪᠠᠨ ᠦᠵᠡᠯᠴᠡᠬᠦ᠂ ᠮᠠᠨᠳᠤᠵᠤ ᠪᠠᠭᠤᠷᠠᠬᠤ ᠪᠠᠨ ᠠᠳᠠᠯᠢᠳᠬᠠᠨ ᠦᠯᠦ ᠡᠪᠰᠡᠬᠦ ᠦᠵᠡᠯᠴᠡᠭᠡᠨ ᠬᠢᠬᠦ ᠨᠢ | ᠴᠢᠭᠯᠡᠯ ᠬᠡᠯᠪᠠᠶᠢᠭ᠍ᠰᠡᠨ ᠶᠠᠪᠤᠳᠠᠯ ᠪᠣᠯᠣᠨ᠎ᠠ᠃ ᠳᠤᠮᠳᠠᠳᠤ ᠤᠯᠤᠰ ᠶᠡᠷᠦ ᠠᠴᠠ ᠠᠮᠧᠷᠢᠺᠠ ᠢᠯᠠᠭᠳᠠᠬᠤ ᠶᠢ ᠪᠤᠳᠤᠬᠤ ᠦᠭᠡᠢ᠂ | ᠶᠡᠷᠦ ᠠᠴᠠ ᠠᠮᠧᠷᠢᠺᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ᠂ ᠠᠮᠧᠷᠢᠺᠠ ᠲᠠᠢ ᠥᠷᠢᠰᠦᠯᠳᠦᠬᠦ ᠪᠠ | ᠠᠮᠧᠷᠢᠺᠠ ᠶᠢ ᠣᠷᠣᠯᠠᠬᠤ ᠰᠠᠨᠠᠭ᠎ᠠ ᠴᠤ ᠦᠭᠡᠢ᠂ ᠢᠲᠡᠭᠡᠯ ᠲᠠᠢ ᠪᠥᠭᠡᠳ ᠨᠡᠭᠡᠭᠡᠯᠲᠡᠲᠡᠢ᠂ ᠬᠥᠭᠵᠢᠨ ᠴᠡᠴᠡᠭᠯᠡᠭᠰᠡᠨ | ᠠᠮᠧᠷᠢᠺᠠ ᠶᠢ ᠣᠯᠵᠤ ᠬᠠᠷᠠᠬᠤ ᠳᠤᠷᠠᠲᠠᠢ ᠶᠤᠮ᠃ ᠡᠭᠦᠨ ᠲᠠᠢ ᠠᠳᠠᠯᠢ ᠪᠠᠷ᠂ ᠠᠮᠧᠷᠢᠺᠠ ᠴᠤ ᠳᠤᠮᠳᠠᠳᠤ ᠤᠯᠤᠰ | ᠢᠯᠠᠭᠳᠠᠬᠤ ᠶᠢ ᠪᠤᠳᠤᠬᠤ ᠦᠭᠡᠢ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ ᠪᠠᠶᠢᠵᠤ᠂ | ᠡᠩᠬᠡ ᠲᠠᠶᠢᠪᠤᠩ᠂ ᠲᠣᠭᠲᠠᠭᠤᠨ᠂ ᠴᠡᠴᠡᠭᠯᠡᠨ ᠬᠥᠭᠵᠢᠭᠰᠡᠨ ᠳᠤᠮᠳᠠᠳᠤ ᠤᠯᠤᠰ ᠢ ᠤᠭᠲᠤᠪᠠᠯ ᠵᠣᠬᠢᠨ᠎ᠠ᠃ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠣᠯ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠮᠥᠨ᠂ ᠮᠥᠨ | ᠴᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠪᠠᠶᠢᠪᠠᠰᠤ ᠵᠣᠬᠢᠬᠤ ᠳᠡᠪᠢᠰᠬᠡᠷ ᠥᠩᠭᠡ ᠮᠥᠨ᠃ ᠳᠤᠮᠳᠠᠳᠤ ᠤᠯᠤᠰ ᠶᠠᠭ | ᠴᠢᠨᠠᠷ ᠰᠠᠶᠢᠲᠠᠢ ᠬᠥᠭᠵᠢᠯᠲᠡ ᠶᠢᠨ ᠲᠥᠯᠥᠭᠡ ᠴᠢᠷᠮᠠᠶᠢᠵᠤ ᠪᠠᠶᠢᠨ᠎ᠠ᠂ ᠠᠮᠧᠷᠢᠺᠠ ᠪᠠᠰᠠ ᠠᠵᠤ ᠠᠬᠤᠢ ᠪᠠᠨ ᠬᠥᠭᠵᠢᠭᠦᠯᠦᠨ | ᠮᠠᠨᠳᠤᠭᠤᠯᠬᠤ ᠪᠠᠷ ᠬᠦᠴᠦᠯᠡᠵᠦ ᠪᠠᠶᠢᠨ᠎ᠠ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠷᠣᠨ ᠵᠠᠢ ᠬᠢᠵᠠᠭᠠᠷ ᠦᠭᠡᠢ ᠥᠷᠭᠡᠨ | ᠠᠭᠤᠳᠠᠮ ᠪᠠᠶᠢᠵᠤ᠂ ᠬᠠᠷᠢᠯᠴᠠᠨ ᠠᠮᠵᠢᠯᠲᠠ ᠣᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠵᠦ ᠪᠣᠯᠣᠨ᠎ᠠ᠃ | ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠵᠢᠴᠢ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠢᠮᠠᠭᠲᠠ ᠠᠮᠧᠷᠢᠺᠠ ᠶᠢ | ᠪᠠᠭᠲᠠᠭᠠᠭᠰᠠᠨ ᠡᠯ᠎ᠡ ᠤᠯᠤᠰ ᠲᠤ ᠬᠠᠨᠳᠤᠭᠤᠯᠤᠨ ᠨᠡᠭᠡᠭᠡᠯᠲᠡ ᠬᠢᠵᠦ ᠪᠤᠢ᠃ ᠳᠤᠮᠳᠠᠳᠤ ᠤᠯᠤᠰ ᠪᠠᠰᠠ ᠳᠤᠷᠠᠲᠠᠶ᠎ᠠ | ᠠᠮᠧᠷᠢᠺᠠ ᠶᠢᠨ ᠳᠤᠷᠠᠳᠤᠭᠰᠠᠨ ᠤᠯᠠᠨ ᠲᠠᠯᠠᠲᠤ ᠬᠠᠮᠲᠤᠷᠠᠯᠴᠠᠭᠠᠨ ᠤ ᠰᠠᠨᠠᠭᠠᠴᠢᠯᠠᠭ᠎ᠠ ᠳᠤ ᠣᠷᠣᠯᠴᠠᠨ᠎ᠠ᠃ ᠡᠨᠡ ᠦᠳᠡ ᠶᠢᠨ | ᠡᠮᠦᠨ᠎ᠡ᠂ ᠪᠢ ᠶᠡᠷᠦᠩᠬᠡᠶᠢᠯᠡᠭᠴᠢ ᠪᠠᠶᠢᠳᠧᠨ ᠲᠠᠢ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ ᠪᠠᠷ᠂ ᠬᠤᠶᠠᠷ ᠤᠯᠤᠰ ᠤᠨ | ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ᠂ ᠬᠥᠳᠡᠭᠡ ᠠᠵᠤ ᠠᠬᠤᠢ᠂ ᠴᠡᠷᠢᠭ ᠠᠩᠭᠢ᠂ ᠬᠠᠤᠯᠢ ᠬᠡᠷᠡᠭᠵᠢᠭᠦᠯᠬᠦ᠂ ᠵᠣᠬᠢᠶᠠᠮᠠᠯ ᠣᠶᠤᠨᠴᠢ ᠴᠢᠳᠠᠪᠤᠷᠢ | ᠵᠡᠷᠭᠡ ᠬᠦᠷᠢᠶᠡᠨ ᠳᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠬᠠᠮᠲᠤᠷᠠᠯᠴᠠᠭᠠᠨ ᠤ ᠨᠠᠷᠢᠨ ᠲᠠᠩᠰᠠ ᠶᠢ | ᠨᠡᠩ ᠤᠷᠳᠤ ᠪᠤᠯᠭᠠᠵᠤ᠂ ᠬᠠᠮᠲᠤᠷᠠᠯᠴᠠᠭᠠᠨ ᠤ ᠪᠤᠭᠤᠷᠰᠤᠭ ᠢ ᠨᠡᠩ ᠶᠡᠭᠡ ᠪᠤᠯᠭᠠᠬᠤ ᠪᠠᠷ ᠵᠥᠪᠰᠢᠶᠡᠷᠡᠪᠡ᠃ ᠳᠤᠮᠳᠠᠳᠤ | ᠤᠯᠤᠰ ᠹᠢᠨᠲ᠋ᠠᠶᠢᠨᠢ ᠶᠢᠨ ᠠᠮᠧᠷᠢᠺᠠ ᠶᠢᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠢ ᠬᠤᠣᠷᠳᠠᠭᠤᠯᠵᠤ ᠪᠠᠶᠢᠬᠤ ᠶᠠᠪᠤᠳᠠᠯ ᠢ | ᠶᠡᠬᠡᠳᠡ ᠥᠷᠥ ᠡᠪᠡᠳᠴᠦ ᠪᠠᠶᠢᠨ᠎ᠠ᠂ ᠪᠢ ᠶᠡᠷᠦᠩᠬᠡᠶᠢᠯᠡᠭᠴᠢ ᠪᠠᠶᠢᠳᠧᠨ ᠲᠠᠢ ᠬᠤᠣᠷ ᠴᠠᠭᠠᠵᠠᠯᠠᠬᠤ ᠠᠵᠢᠯ ᠤᠨ ᠳᠤᠭᠤᠶᠢᠯᠠᠩ | ᠪᠠᠶᠢᠭᠤᠯᠵᠤ᠂ ᠤᠯᠠᠮ ᠴᠢᠨᠠᠭᠰᠢᠳᠠ ᠬᠠᠮᠲᠤᠷᠠᠯᠴᠠᠭ᠎ᠠ ᠥᠷᠨᠢᠭᠦᠯᠵᠦ᠂ ᠠᠮᠧᠷᠢᠺᠠ ᠶᠢ ᠬᠠᠪᠰᠤᠷᠤᠨ ᠬᠤᠣᠷᠲᠤ ᠡᠳ᠋ ᠢ | ᠳᠤᠷ᠎ᠠ ᠪᠠᠷ ᠢᠶᠠᠨ ᠬᠡᠷᠡᠭᠯᠡᠬᠦ ᠶᠢ ᠠᠷᠭᠠᠴᠠᠭᠠᠨ᠎ᠠ ᠭᠡᠵᠦ ᠣᠯᠠᠨ ᠳᠤ ᠬᠡᠯᠡᠵᠦ ᠥᠭᠭᠦᠶ᠎ᠡ᠃ ᠳᠤᠮᠳᠠᠳᠤ ᠠᠮᠧᠷᠢᠺᠠ ᠬᠤᠶᠠᠷ | ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠨᠢᠭᠡ ᠦᠶ᠎ᠡ ᠶᠢᠨ ᠬᠢᠨ ᠤ ᠰᠣᠯᠢᠯᠴᠠᠭ᠎ᠠ ᠶᠢ | ᠥᠷᠭᠡᠳᠬᠡᠬᠦ ᠶᠢᠨ ᠲᠥᠯᠥᠭᠡ᠂ ᠳᠤᠮᠳᠠᠳᠤ ᠤᠯᠤᠰ ᠢᠷᠡᠬᠦ 5 ᠵᠢᠯ ᠳᠤ ᠳᠤᠷᠠᠲᠠᠶ᠎ᠠ 5 ᠲᠦᠮᠡᠨ ᠠᠮᠧᠷᠢᠺᠠ ᠶᠢᠨ ᠵᠠᠯᠠᠭᠤᠴᠤᠳ | ᠪᠠᠭᠠᠴᠤᠳ ᠢ ᠳᠤᠮᠳᠠᠳᠤ ᠤᠯᠤᠰ ᠲᠤ ᠤᠷᠢᠵᠤ ᠰᠣᠯᠢᠯᠴᠠᠨ ᠰᠤᠷᠤᠯᠴᠠᠭᠤᠯᠤᠨ᠎ᠠ ᠭᠡᠵᠦ ᠪᠢ ᠠᠳᠡ ᠨᠡᠶᠢᠲᠡᠯᠡᠬᠦ ᠳᠤ ᠤᠷᠮᠠᠲᠠᠢ | ᠪᠠᠶᠢᠨ᠎ᠠ᠃ | ᠲᠦᠷᠦᠭᠦᠬᠡᠨ ᠸᠠᠰᠢᠩᠲ᠋ᠣᠨ ᠤ ᠤᠯᠤᠰ ᠤᠨ ᠠᠮᠢᠲᠠᠨ ᠤ ᠬᠦᠷᠢᠶᠡᠯᠡᠩ ᠤᠨ 3 ᠲᠣᠮᠣ ᠮᠠᠯᠤᠷ ᠥᠲᠡᠭᠡ ᠳᠤᠮᠳᠠᠳᠤ | ᠤᠯᠤᠰ ᠲᠤ ᠪᠤᠴᠠᠵᠤ ᠢᠷᠡᠪᠡ᠃ ᠠᠮᠧᠷᠢᠺᠠ ᠶᠢᠨ ᠣᠯᠠᠨ ᠲᠦᠮᠡᠨ ᠣᠨᠴᠠᠭᠠᠶᠢᠯᠠᠨ ᠬᠡᠦᠬᠡᠳ ᠰᠠᠯᠵᠤ ᠶᠠᠳᠠᠨ᠂ ᠲᠤᠰᠬᠠᠶᠢᠯᠠᠨ | ᠠᠮᠢᠲᠠᠨ ᠤ ᠬᠦᠷᠢᠶᠡᠯᠡᠩ ᠳᠤ ᠣᠴᠢᠵᠤ ᠬᠦᠷᠭᠡᠭᠰᠡᠨ ᠭᠡᠵᠦ ᠪᠢ ᠰᠣᠨᠣᠰᠴᠠᠢ᠃ ᠪᠢ ᠪᠠᠰᠠ ᠣᠶᠢᠯᠠᠭᠠᠭᠰᠠᠨ ᠢᠶᠠᠷ᠂ ᠰᠠᠨ | ᠸᠢᠶᠧᠭᠤ᠋ ᠠᠮᠢᠲᠠᠨ ᠤ ᠬᠦᠷᠢᠶᠡᠯᠡᠩ ᠪᠣᠯᠣᠨ ᠺᠠᠯᠢᠹᠣᠷᠨᠢᠶ᠎ᠠ ᠵᠧᠦ ᠶᠢᠨ ᠠᠷᠠᠳ ᠲᠦᠮᠡᠨ ᠲᠣᠮᠣ ᠮᠠᠯᠤᠷ ᠥᠲᠡᠭᠡ ᠶᠢᠨ | ᠺᠠᠯᠢᠹᠣᠷᠨᠢᠶ᠎ᠠ ᠵᠧᠦ ᠳᠤ ᠪᠤᠴᠠᠵᠤ ᠢᠷᠡᠬᠦ ᠶᠢ ᠬᠠᠯᠠᠭᠤᠨ ᠢᠶᠠᠷ ᠬᠦᠰᠡᠵᠦ ᠪᠠᠶᠢᠨ᠎ᠠ᠃ ᠮᠠᠯᠤᠷ ᠦᠲᠡᠭᠡ ᠪᠣᠯ ᠳᠤᠮᠳᠠᠳᠤ | ᠠᠮᠧᠷᠢᠺᠠ ᠶᠢᠨ ᠠᠷᠠᠳ ᠲᠦᠮᠡᠨ ᠤ ᠨᠥᠬᠦᠷᠯᠡᠯ ᠤᠨ ᠡᠯᠴᠢ ᠮᠥᠨ᠃ ᠪᠢᠳᠡ ᠳᠤᠷᠠᠲᠠᠶ᠎ᠠ ᠦᠷᠭᠦᠯᠵᠢᠯᠡᠨ ᠠᠮᠧᠷᠢᠺᠠ ᠯᠤᠭ᠎ᠠ | ᠮᠠᠯᠤᠷ ᠦᠳᠡᠭᠡ ᠶᠢ ᠬᠠᠮᠠᠭᠠᠯᠠᠬᠤ ᠬᠠᠮᠲᠤᠷᠠᠯᠴᠠᠭ᠎ᠠ ᠥᠷᠨᠢᠭᠦᠯᠵᠦ᠂ ᠺᠠᠯᠢᠹᠣᠷᠨᠢᠶ᠎ᠠ ᠵᠧᠦ ᠶᠢᠨ ᠠᠷᠠᠳ ᠲᠦᠮᠡᠨ ᠤ ᠬᠦᠰᠡᠯ | ᠡᠷᠡᠮᠡᠯᠵᠡᠯ ᠢ ᠴᠢᠷᠮᠠᠶᠢᠨ ᠬᠠᠩᠭᠠᠵᠤ᠂ ᠬᠤᠶᠠᠷ ᠤᠯᠤᠰ ᠤᠨ ᠠᠷᠠᠳ ᠲᠦᠮᠡᠨ ᠤ ᠨᠥᠭᠦᠷᠰᠡᠭ ᠬᠠᠶᠢᠷ᠎ᠠ ᠰᠡᠳᠬᠢᠯᠭᠡ ᠶᠢ | ᠨᠡᠮᠡᠭᠳᠡᠭᠦᠯᠦᠨ᠎ᠡ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠲᠣᠮᠣ ᠬᠥᠭᠵᠢᠵᠦ ᠪᠠᠶᠢᠭ᠎ᠠ ᠤᠯᠤᠰ ᠮᠥᠨ᠃ ᠨᠡᠩ ᠰᠠᠶᠢᠨ | ᠠᠵᠢᠯᠯᠠᠵᠤ᠂ ᠨᠡᠩ ᠰᠠᠶᠢᠨ ᠠᠮᠢᠳᠤᠷᠠᠵᠤ᠂ ᠬᠡᠦᠬᠡᠳ ᠨᠡᠩ ᠰᠠᠶᠢᠨ ᠦᠰᠦᠨ ᠪᠤᠶᠢᠵᠢᠬᠤ ᠪᠣᠯ 14 ᠳ᠋ᠦᠩᠰᠢᠭᠤᠷ ᠭᠠᠷᠤᠢ | ᠳᠤᠮᠳᠠᠳᠤ ᠤᠯᠤᠰ ᠤᠨ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠮᠥᠨ᠃ ᠳᠤᠮᠳᠠᠳᠤ ᠤᠯᠤᠰ ᠤᠨ ᠡᠪ | ᠬᠠᠮᠲᠤ ᠨᠠᠮ ᠪᠣᠯ ᠠᠷᠠᠳ ᠲᠦᠮᠡᠨ ᠳᠤ ᠤᠴᠢᠷ ᠶᠠᠪᠤᠳᠠᠯ ᠪᠦᠲᠦᠭᠡᠵᠦ ᠦᠭᠳᠡᠭ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠂ ᠡᠷᠬᠡᠪᠰᠢ ᠪᠠᠲᠤ ᠰᠠᠬᠢᠬᠤ ᠬᠡᠷᠡᠭᠲᠡᠢ | ᠠᠷᠠᠳ ᠲᠦᠮᠡᠨ ᠤ ᠰᠡᠳᠬᠢᠯ ᠮᠥᠨ᠃ ᠵᠠᠭᠤᠨ ᠵᠢᠯ ᠤᠨ ᠰᠦᠪᠡᠭᠴᠢᠯᠡᠯᠲᠡ ᠪᠠ ᠦᠷᠭᠦᠯᠵᠢᠯᠡᠭᠰᠡᠨ ᠲᠡᠮᠡᠴᠡᠯ ᠢᠶᠠᠷ ᠳᠠᠮᠵᠢᠭᠠᠳ | ᠂ ᠪᠢᠳᠡ ᠨᠢᠭᠡᠨᠲᠡ ᠥᠪᠡᠷ ᠤᠨ ᠪᠡᠶ᠎ᠡ ᠳᠡᠭᠡᠨ ᠲᠣᠬᠢᠷᠠᠭᠰᠠᠨ ᠬᠥᠭᠵᠢᠯᠲᠡ ᠶᠢᠨ ᠵᠠᠮ ᠢ ᠣᠯᠵᠤ᠂ ᠶᠠᠭ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠵᠤ ᠪᠠᠶᠢᠨ᠎ᠠ᠃ | ᠪᠢᠳᠡ ᠪᠦᠯᠬᠦᠮᠳᠡᠨ ᠲᠡᠮᠡᠴᠡᠬᠦ ᠪᠠᠷ ᠬᠦᠴᠦᠯᠡᠨ ᠴᠢᠷᠮᠠᠶᠢᠵᠤ᠂ ᠪᠦᠭᠦ ᠳᠤᠮᠳᠠᠳᠤ ᠤᠯᠤᠰ ᠤᠨ ᠠᠷᠠᠳ ᠲᠦᠮᠡᠨ ᠢ | ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠤᠯᠤᠨ᠎ᠠ᠃ ᠬᠥᠮᠥᠨ ᠠᠮᠠ ᠣᠯᠠᠨ ᠪᠣᠯ ᠳᠤᠮᠳᠠᠳᠤ ᠤᠯᠤᠰ ᠤᠨ | ᠦᠨᠳᠦᠰᠦᠨ ᠤᠯᠤᠰ ᠤᠨ ᠪᠠᠶᠢᠳᠠᠯ ᠪᠣᠯᠣᠨ᠎ᠠ᠃ ᠬᠡᠳᠦᠢ ᠶᠡᠭᠡ ᠠᠮᠵᠢᠯᠲᠠ ᠪᠦᠲᠦᠮᠵᠢ ᠶᠢ 14 ᠳ᠋ᠦᠩᠰᠢᠭᠤᠷ ᠢᠶᠠᠷ | ᠬᠤᠪᠢᠶᠠᠵᠤ ᠪᠤᠳᠣᠪᠠᠯ ᠴᠥᠮ ᠮᠠᠰᠢ ᠪᠠᠭ᠎ᠠ ᠪᠣᠯᠵᠤ ᠬᠤᠪᠢᠷᠠᠨ᠎ᠠ᠂ ᠬᠡᠳᠦᠢ ᠪᠠᠭ᠎ᠠ ᠠᠰᠠᠭᠤᠳᠠᠯ ᠢ 14 ᠳ᠋ᠦᠩᠰᠢᠭᠤᠷ ᠢᠶᠠᠷ | ᠦᠷᠡᠵᠢᠭᠦᠯᠵᠦ ᠪᠤᠳᠣᠪᠠᠯ ᠴᠥᠮ ᠮᠠᠰᠢ ᠶᠡᠭᠡ ᠪᠣᠯᠵᠤ ᠬᠤᠪᠢᠷᠠᠨ᠎ᠠ᠂ ᠡᠨᠡ ᠪᠣᠯ ᠳᠠᠷᠤᠢ ᠶᠡᠭᠡ ᠬᠦᠴᠢᠷᠳᠡᠯ ᠪᠣᠯᠣᠨ᠎ᠠ᠃ | ᠡᠭᠦᠨ ᠤ ᠬᠠᠮᠲᠤ ᠪᠠᠰᠠ ᠶᠡᠭᠡ ᠳᠠᠪᠠᠭᠤᠯᠢᠭ ᠲᠠᠯ᠎ᠠ ᠲᠠᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ᠂ ᠥᠷᠭᠡᠨ ᠤᠯᠠᠨ ᠠᠷᠠᠳ | ᠲᠦᠮᠡᠨ ᠤ ᠬᠦᠷᠢᠶᠡᠯᠡᠯ ᠪᠣᠯᠣᠨ ᠳᠡᠮᠵᠢᠯᠭᠡ ᠪᠣᠯ ᠪᠢᠳᠡᠨ ᠤ ᠬᠠᠮᠤᠭ ᠤᠨ ᠶᠡᠭᠡ ᠳᠠᠪᠠᠭᠤᠯᠢᠭ ᠮᠥᠨ᠃ ᠳᠤᠮᠳᠠᠳᠤ ᠤᠯᠤᠰ ᠪᠣᠯ | ᠭᠡᠲᠦ ᠶᠡᠭᠡ ᠬᠡᠪᠴᠢᠶᠡᠨ ᠤ ᠠᠵᠤ ᠠᠬᠤᠢ ᠶᠢᠨ ᠴᠣᠭᠴᠠ ᠪᠠᠶᠢᠵᠤ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠢ | ᠪᠦᠷᠢᠯᠳᠦᠭᠦᠯᠪᠡ᠃ ᠲᠦᠷᠦᠭᠦᠬᠡᠨ ᠪᠢᠳᠡ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ | ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠠᠮᠧᠷᠢᠺᠠ ᠶᠢ | ᠪᠠᠭᠲᠠᠭᠠᠭᠰᠠᠨ 128 ᠤᠯᠤᠰ ᠤᠨ 3400 ᠭᠠᠷᠤᠢ ᠠᠵᠤ ᠠᠬᠤᠶᠢᠯᠠᠯ ᠦᠵᠡᠰᠭᠦᠯᠡᠩ ᠳᠤ ᠣᠷᠣᠯᠴᠠᠵᠤ᠂ ᠠᠮᠧᠷᠢᠺᠠ | ᠵᠠᠯᠭᠠᠭ᠎ᠠ ᠪᠠᠷ 6 ᠬᠤᠭᠤᠴᠠᠭ᠎ᠠ ᠦᠵᠡᠰᠭᠦᠯᠡᠩ ᠤᠨ ᠲᠠᠯᠠᠪᠠᠶ ᠪᠠᠷ ᠬᠠᠮᠤᠭ ᠤᠨ ᠶᠡᠭᠡ ᠤᠯᠤᠰ ᠪᠣᠯᠵᠠᠢ᠃ 14 ᠳ᠋ᠦᠩᠰᠢᠭᠤᠷ | ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠨᠢ ᠳᠤᠮᠳᠠᠳᠤ ᠤᠯᠤᠰ ᠤᠨ | ᠳᠡᠯᠡᠬᠡᠢ ᠳ᠋ᠠᠬᠢᠨ ᠳᠤ ᠣᠯᠭᠤᠭᠰᠠᠨ ᠯᠤᠲᠤ ᠶᠡᠭᠡ ᠠᠵᠠ ᠲᠣᠭᠢᠶᠠᠯ ᠪᠣᠯᠣᠨ᠎ᠠ᠃ | ᠪᠢᠳᠡ ᠬᠠᠮᠲᠤ ᠪᠠᠷ ᠪᠠᠶᠠᠵᠢᠬᠤ ᠪᠠᠷ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠬᠥᠮᠥᠨ ᠨᠢᠭᠡ ᠪᠦᠷᠢ ᠶᠢ | ᠴᠥᠮ ᠰᠠᠶᠢᠨ ᠰᠠᠶᠢᠬᠠᠨ ᠠᠮᠢᠳᠤᠷᠠᠭᠤᠯᠤᠨ᠎ᠠ᠃ ᠶᠠᠳᠠᠭᠤ ᠠᠴᠠ ᠠᠩᠭᠢᠵᠢᠷᠠᠬᠤ ᠪᠣᠯ ᠳᠤᠮᠳᠠᠳᠤ ᠶᠢᠨ ᠦᠨᠳᠦᠰᠦᠲᠡᠨ ᠤ | ᠮᠢᠩᠭᠠᠨ ᠣᠨ ᠤ ᠬᠦᠰᠡᠯ ᠵᠡᠭᠦᠳᠦ ᠮᠥᠨ᠃ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠠᠷᠠᠳ ᠲᠦᠮᠡᠨ ᠤ | ᠬᠠᠮᠲᠤ ᠶᠢᠨ ᠬᠦᠰᠡᠯ ᠡᠷᠡᠮᠡᠯᠵᠡᠯ ᠮᠥᠨ᠃ ᠪᠢ 16 ᠨᠠᠰᠤ ᠭᠦᠷᠦᠭᠡᠳᠦᠢ ᠪᠠᠷ ᠱᠠᠨᠰᠢ ᠶᠢᠨ ᠬᠤᠶᠢᠲᠤ ᠬᠡᠰᠡᠭ ᠤᠨ ᠨᠢᠭᠡᠨ | ᠵᠢᠵᠢᠭ ᠲᠣᠰᠬᠤᠨ ᠳᠤ ᠲᠠᠷᠢᠶᠠᠴᠢᠨ ᠲᠠᠢ ᠬᠠᠮᠲᠤ ᠰᠠᠭᠤᠵᠤ᠂ ᠬᠠᠮᠲᠤ ᠠᠵᠢᠯᠯᠠᠭᠰᠠᠨ ᠪᠣᠯᠬᠤᠷ ᠠᠷᠠᠳ ᠲᠦᠮᠡᠨ ᠶᠠᠭᠤᠨ ᠳᠤ | ᠵᠣᠪᠠᠵᠤ᠂ ᠶᠠᠭᠤ ᠬᠦᠰᠡᠵᠦ ᠪᠠᠶᠢᠬᠤ ᠶᠢ ᠮᠡᠳᠡᠨ᠎ᠡ᠃ ᠲᠡᠷᠡ ᠦᠶ᠎ᠡ ᠠᠴᠠ ᠤᠳᠤ ᠪᠤᠯᠲᠠᠯ᠎ᠠ᠂ ᠬᠠᠭᠠᠰ ᠵᠠᠭᠤᠨ ᠥᠩᠭᠡᠷᠡᠯ᠎ᠡ᠂ | ᠠᠷᠠᠳ ᠲᠦᠮᠡᠨ ᠤ ᠳᠤᠮᠳᠠ ᠪᠠᠶᠢᠪᠠᠯ ᠪᠢ ᠰᠠᠨᠠᠭ᠎ᠠ ᠠᠮᠤᠷ ᠪᠣᠯᠵᠤ᠂ ᠠᠷᠠᠳ ᠲᠦᠮᠡᠨ ᠲᠠᠢ ᠬᠠᠮᠲᠤ ᠪᠠᠶᠢᠪᠠᠯ ᠪᠢ ᠬᠦᠴᠦᠨ | ᠴᠢᠳᠠᠯ ᠲᠠᠢ ᠪᠣᠯᠣᠨ᠎ᠠ᠃ ᠠᠮᠢ ᠪᠡᠶ᠎ᠡ ᠪᠠᠨ ᠦᠯᠦ ᠪᠤᠳᠤᠵᠤ᠂ ᠠᠷᠠᠳ ᠲᠦᠮᠡᠨ ᠳᠤ ᠣᠰᠣᠯᠳᠠᠬᠤ ᠦᠭᠡᠢ᠂ ᠡᠨᠡ ᠪᠣᠯ ᠮᠢᠨᠤ | ᠨᠠᠰᠤᠨ ᠲᠤᠷᠰᠢᠲᠠ ᠶᠢᠨ ᠢᠲᠡᠭᠡᠯ ᠪᠢᠰᠢᠷᠡᠯ ᠮᠥᠨ᠃ ᠪᠢ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠪᠠ ᠪᠦᠭᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠠᠩᠬ᠎ᠠ ᠬᠠᠷᠢᠭᠤᠴᠠᠬᠤ ᠦᠶ᠎ᠡ ᠳᠤ᠂ | ᠳᠤᠮᠳᠠᠳᠤ ᠤᠯᠤᠰ ᠲᠤ ᠪᠠᠰᠠ 1 ᠳ᠋ᠦᠩᠰᠢᠭᠤᠷ ᠬᠥᠮᠥᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠪᠠᠷᠢᠮᠵᠢᠶ᠎ᠠ ᠶᠢᠨ ᠶᠠᠳᠠᠭᠤ ᠬᠦᠴᠢᠷᠳᠡᠯ ᠤᠨ ᠱᠤᠭᠤᠮ ᠠᠴᠠ ᠳᠣᠣᠷ᠎ᠠ ᠲᠦᠪᠰᠢᠨ ᠳᠤ ᠠᠮᠢᠳᠤᠷᠠᠵᠤ ᠪᠠᠶᠢᠪᠠ᠃ 8 ᠵᠢᠯ ᠤᠨ | ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ᠂ ᠡᠳᠡᠭᠡᠷ ᠶᠠᠳᠠᠭᠤ ᠬᠦᠴᠢᠷᠳᠡᠯᠲᠡᠢ ᠬᠥᠮᠥᠨ ᠠᠮᠠ ᠨᠢᠭᠡᠨᠲᠡ | ᠪᠦᠭᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ | ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ | 10 ᠵᠢᠯ ᠤᠷᠢᠳᠴᠢᠯᠠᠨ ᠪᠡᠶᠡᠯᠡᠭᠦᠯᠵᠦ᠂ 1800 ᠭᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ | ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠠᠵᠢᠯ ᠤᠨ ᠪᠠᠶᠢᠷᠢ ᠳᠡᠭᠡᠷ᠎ᠡ ᠠᠮᠢ ᠪᠡᠶ᠎ᠡ ᠪᠠᠨ ᠵᠣᠷᠢᠭᠤᠯᠪᠠ᠃ | ᠪᠢᠳᠡᠨ ᠤ ᠬᠠᠷᠠᠯᠲᠠ ᠪᠣᠯ ᠴᠥᠭᠡᠨ ᠲᠣᠭᠠᠨ ᠤ ᠬᠥᠮᠥᠰ ᠤᠨ ᠪᠠᠶᠠᠵᠢᠯ ᠪᠢᠰᠢ᠂ ᠬᠠᠷᠢᠨ ᠪᠦᠭᠦ ᠠᠷᠠᠳ ᠲᠦᠮᠡᠨ ᠤ | ᠬᠠᠮᠲᠤ ᠶᠢᠨ ᠪᠠᠶᠠᠵᠢᠯ ᠪᠣᠯᠣᠨ᠎ᠠ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠬᠡᠦᠬᠡᠳ ᠰᠠᠭᠠᠲᠠᠭᠤᠯᠬᠤ᠂ | ᠨᠠᠰᠤᠵᠢᠯ ᠤᠨ ᠠᠰᠠᠷᠠᠮᠵᠢ᠂ ᠣᠷᠣᠨ ᠰᠠᠭᠤᠴᠠ᠂ ᠣᠷᠴᠢᠨ ᠲᠣᠭᠤᠷᠢᠨ ᠵᠡᠷᠭᠡ ᠤᠯᠠᠨ ᠲᠦᠮᠡᠨ ᠤ ᠳᠡᠷᠭᠡᠳᠡᠬᠢ ᠶᠠᠪᠤᠳᠠᠯ᠂ | ᠳᠣᠲᠣᠨᠣ ᠶᠠᠪᠤᠳᠠᠯ᠂ ᠪᠣᠳᠠᠲᠠᠢ ᠶᠠᠪᠤᠳᠠᠯ ᠨᠢ ᠶᠠᠭ ᠳᠤᠮᠳᠠᠳᠤ ᠤᠯᠤᠰ ᠤᠨ ᠤᠯᠤᠰ ᠤᠨ ᠬᠥᠭᠵᠢᠯᠲᠡ ᠶᠢᠨ ᠦᠵᠦ | ᠲᠥᠯᠥᠪᠯᠡᠭᠡ ᠳᠤ ᠲᠠᠰᠤᠷᠠᠯᠳᠡ ᠦᠭᠡᠢ ᠠᠭᠤᠰᠤᠯᠴᠠᠵᠤ᠂ ᠲᠠᠰᠤᠷᠠᠯᠳᠡ ᠦᠭᠡᠢ ᠤᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠣᠯᠵᠤ ᠬᠤᠪᠢᠷᠠᠵᠤ ᠪᠠᠶᠢᠨ᠎ᠠ᠃ ᠪᠢᠳᠡ ᠴᠢᠨᠠᠷ | ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠪᠦᠭᠦ ᠠᠷᠠᠳ | ᠲᠦᠮᠡᠨ ᠳᠤ ᠬᠦᠷᠲᠡᠭᠡᠨ᠎ᠡ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠮᠥᠨ᠂ ᠪᠢᠳᠡᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠮᠥᠨ᠂ ᠮᠥᠨ ᠴᠤ ᠠᠷᠠᠳ ᠲᠦᠮᠡᠨ ᠤ | ᠳᠡᠮᠵᠢᠯᠭᠡ ᠳᠣᠣᠷ᠎ᠠ ᠪᠡᠶᠡᠯᠡᠭᠳᠡᠬᠦ ᠨᠢ ᠯᠠᠪᠲᠠᠢ ᠶᠤᠮ᠃ | ᠪᠢᠳᠡ ᠪᠦᠭᠦ ᠲᠠᠯ᠎ᠠ ᠶᠢᠨ ᠬᠥᠭᠵᠢᠯᠲᠡ ᠶᠢᠨ ᠲᠥᠯᠥᠭᠡ ᠴᠢᠷᠮᠠᠶᠢᠨ ᠵᠢᠳᠬᠦᠵᠦ᠂ ᠬᠥᠮᠥᠰ ᠤᠨ ᠡᠳ᠋ ᠪᠣᠳᠠᠰ ᠪᠠ | ᠤᠶᠤᠨ ᠰᠠᠨᠠᠭᠠᠨ ᠤ ᠶᠢᠷᠲᠢᠨᠴᠦ ᠶᠢ ᠠᠳᠠᠯᠢᠬᠠᠨ ᠪᠠᠶᠠᠨ ᠴᠢᠨᠡᠭᠡᠯᠢᠭ ᠪᠣᠯᠭᠠᠨ᠎ᠠ᠃ ᠳᠤᠮᠳᠠᠳᠤᠴᠤᠳ ᠠᠯᠢ ᠡᠷᠲᠡ ᠠᠴᠠ ︽ | ᠢᠳᠡᠵᠦ ᠡᠮᠦᠰᠬᠦ ᠡᠯᠪᠡᠭ ᠪᠣᠯᠪᠠᠰᠤ ᠢᠷᠠᠭᠤ ᠠᠯᠳᠠᠷ ᠢᠴᠢᠭᠦᠷᠢ ᠭᠤᠲᠤᠮᠰᠢᠭ ᠢ ᠨᠡᠩ ᠮᠡᠳᠡᠮᠦᠢ︾ ᠭᠡᠳᠡᠭ ᠢ ᠮᠡᠳᠡᠳᠡᠭ᠃ | ᠡᠳ᠋ ᠪᠣᠳᠠᠰ ᠤᠨ ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠨᠡᠶᠢᠭᠡᠮ ᠵᠢᠷᠤᠮ ᠪᠢᠰᠢ᠂ ᠤᠶᠦᠠ ᠰᠠᠨᠠᠭᠠᠨ ᠤ ᠲᠠᠯ᠎ᠠ ᠪᠠᠷ | ᠶᠠᠳᠠᠭᠤ ᠬᠤᠭᠤᠰᠤᠨ ᠪᠠᠶᠢᠬᠤ ᠨᠢ ᠴᠦ ᠨᠡᠶᠢᠭᠡᠮ ᠵᠢᠷᠤᠮ ᠪᠢᠰᠢ ᠶᠤᠮ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠣᠯ ᠠᠷᠠᠳ ᠲᠦᠮᠡᠨ ᠢᠶᠠᠷ ᠭᠤᠣᠯ ᠪᠤᠯᠭᠠᠬᠰᠠᠨ ᠣᠳᠣᠬᠢᠴᠢᠯᠠᠯᠲᠠ ᠮᠥᠨ᠂ ᠲᠡᠭᠦᠨ ᠤ ᠳᠣᠲᠣᠷᠠᠬᠢ ᠨᠢᠭᠡᠨ | ᠴᠢᠬᠤᠯᠠ ᠬᠠᠷᠠᠯᠲᠠ ᠪᠣᠯ ᠳᠠᠷᠤᠢ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠠᠷᠠᠳ ᠲᠦᠮᠡᠨ ᠤ ᠠᠮᠢᠳᠤᠷᠠᠯ ᠤᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠶᠢᠨ ᠬᠠᠮᠲᠤ ᠠᠷᠠᠳ ᠲᠦᠮᠡᠨ ᠤ ᠤᠶᠤᠨ ᠰᠠᠨᠠᠭᠠᠨ ᠤ ᠶᠢᠷᠲᠢᠨᠴᠦ ᠶᠢ | ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠂ ᠬᠥᠮᠥᠨ ᠤ | ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ᠃ ᠪᠢ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠠᠷᠤᠢ ᠳᠡᠯᠡᠬᠡᠢ ᠨᠡᠶᠢᠭᠡᠮ ᠤᠨ ᠬᠢᠨ ᠤ ᠪᠣᠳᠠᠰ ᠤᠨ ᠪᠠ ᠤᠶᠤᠨ ᠰᠠᠨᠠᠭᠠᠨ ᠤ | ᠲᠡᠩᠴᠡᠭᠦᠷᠢ ᠪᠠᠨ ᠠᠯᠳᠠᠭᠰᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ | ᠲᠠᠰᠤᠷᠠᠯᠳᠠ ᠦᠭᠡᠢ ᠲᠠᠪᠰᠢᠬᠤ ᠶᠢ ᠬᠠᠮᠲᠤ ᠪᠠᠷ ᠠᠬᠢᠭᠤᠯᠬᠤ ᠶᠢᠨ ᠲᠥᠯᠥᠭᠡ ᠶᠤᠮ᠃ | ᠪᠢᠳᠡ ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠶᠢᠨ ᠲᠥᠯᠥᠭᠡ ᠴᠢᠷᠮᠠᠶᠢᠨ ᠵᠢᠳᠬᠦᠵᠦ᠂ ᠬᠥᠮᠥᠨ ᠪᠠᠶᠢᠭᠠᠯᠢ ᠶᠢ | ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠤᠯᠤᠨ᠎ᠠ᠃ ︽ᠬᠥᠮᠥᠨ ᠪᠠᠶᠢᠭᠠᠯᠢ ᠨᠢᠭᠡᠳᠬᠦ︾᠂ ︽ᠶᠣᠰᠣᠨ ᠠᠨᠤ ᠪᠠᠶᠢᠭᠠᠯᠢ ᠶᠢ | ᠮᠥᠷᠳᠡᠬᠦ︾ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠣᠶᠢᠯᠠᠭᠠᠭᠳᠠᠬᠤᠨ ᠮᠥᠨ᠃ ᠪᠢᠳᠠ | ᠬᠠᠮᠲᠤ ᠪᠠᠷ ᠨᠢᠭᠡ ᠪᠥᠮᠪᠥᠷᠴᠡᠭ ᠲᠣᠰᠬᠤᠨ ᠳᠤ ᠪᠠᠶᠢᠨ᠎ᠠ᠂ ᠪᠢᠳᠡ ᠠᠮᠢᠳᠤ ᠰᠡᠷᠡᠭᠦᠨ ᠪᠠᠶᠢᠬᠤ ᠳᠠᠭᠠᠨ ᠬᠥᠮᠥᠨ | ᠲᠥᠷᠥᠯᠬᠢᠲᠡᠨ ᠤ ᠣᠷᠣᠰᠢᠨ ᠲᠣᠭᠲᠠᠨᠢᠬᠤ ᠳᠤ ᠲᠣᠬᠢᠷᠠᠬᠤ ᠥᠭᠡᠷ᠎ᠡ ᠨᠢᠭᠡ ᠣᠳᠣᠨ ᠪᠥᠮᠪᠥᠷᠴᠡᠭ ᠢ ᠡᠷᠢᠵᠦ ᠣᠯᠬᠤ ᠦᠭᠡᠢ | ᠮᠠᠭᠠᠳ᠃ ᠠᠩᠭ᠍ᠯᠢ ᠬᠡᠯᠡᠨ ᠳᠤ ᠪᠠᠰᠠ᠄ ︽ᠳᠡᠯᠡᠬᠡᠢ ᠶᠢᠨ ᠪᠥᠮᠪᠥᠷᠴᠡᠭ ᠢ ᠪᠢᠳᠡ ᠡᠪᠦᠭᠡ ᠳᠡᠭᠡᠳᠦᠰ ᠠᠴᠠ ᠪᠠᠨ | ᠵᠠᠯᠭᠠᠮᠵᠢᠯᠠᠭᠰᠠᠨ ᠪᠢᠰᠢ᠂ ᠬᠠᠷᠢᠨ ᠦᠷ᠎ᠡ ᠬᠤᠶᠢᠴᠢᠰ ᠠᠴᠠ ᠪᠠᠨ ᠵᠢᠭᠡᠯᠡᠵᠦ ᠠᠪᠴᠢᠷᠠᠭᠰᠠᠨ ᠶᠤᠮ︾ ᠭᠡᠳᠡᠭ᠃ 2002 | ᠣᠨ ᠳᠤ ᠪᠢ ᠹᠦᠵᠢᠶᠠᠨ ᠳᠤ ᠮᠤᠵᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠬᠤ ᠳᠠᠭᠠᠨ ᠹᠦᠵᠢᠶᠠᠨ ᠢ | ᠳᠤᠮᠳᠠᠳᠤ ᠤᠯᠤᠰ ᠤᠨ ᠠᠩᠬᠠᠳᠠᠭᠴᠢ ᠠᠮᠢ ᠠᠬᠤᠢ ᠶᠢᠨ ᠮᠤᠵᠢ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠳᠤᠷᠠᠳᠤᠭᠰᠠᠨ | ᠶᠤᠮ᠃ ᠵᠧᠵᠢᠶᠠᠩ ᠳᠤ ᠬᠦᠷᠴᠦ ᠠᠵᠢᠯᠯᠠᠭᠰᠠᠨ ᠤ ᠲᠠᠷᠠᠭ᠎ᠠ᠂ 2005 ᠣᠨ ᠳᠤ ᠪᠢ ᠪᠠᠰᠠ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠵᠦ ᠳᠤᠷᠠᠳᠤᠭᠰᠠᠨ ᠶᠤᠮ᠂ ᠤᠳᠤ ᠡᠨᠡ ᠨᠢ ᠨᠢᠭᠡᠨᠲᠡ | ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠶᠢᠨ ᠲᠠᠨᠢᠯᠲᠠ ᠪᠣᠯᠵᠠᠢ᠃ ᠣᠳᠣᠬᠠᠨ ᠳᠤ᠂ ᠪᠦᠭᠦ ᠪᠥᠮᠪᠥᠷᠴᠡᠭ ᠤᠨ | ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ ᠬᠠᠭᠠᠰ ᠰᠢᠬᠠᠮ ᠨᠢ ᠳᠤᠮᠳᠠᠳᠤ | ᠤᠯᠤᠰ ᠲᠤ ᠪᠠᠶᠢᠵᠤ᠂ ᠪᠦᠭᠦ ᠪᠥᠮᠪᠥᠷᠴᠡᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠭᠠᠰ ᠠᠴᠠ ᠳᠡᠭᠡᠭᠰᠢᠬᠢ ᠨᠢ | ᠳᠤᠮᠳᠠᠳᠤ ᠤᠯᠤᠰ ᠲᠤ ᠠᠶᠠᠯᠠᠵᠤ᠂ ᠪᠦᠭᠦ ᠪᠥᠮᠪᠥᠷᠴᠡᠭ ᠤᠨ ᠳᠥᠷᠪᠡᠨ ᠤ ᠨᠢᠭᠡ ᠬᠤᠪᠢ ᠶᠢᠨ ᠰᠢᠨ᠎ᠡ ᠪᠠᠷ ᠨᠡᠮᠡᠭᠳᠡᠭᠰᠡᠨ | ᠨᠣᠭᠤᠭᠠᠷᠠᠭᠤᠯᠤᠯᠲᠠ ᠶᠢᠨ ᠲᠠᠯᠠᠪᠠᠶ ᠨᠢ ᠳᠤᠮᠳᠠᠳᠤ ᠤᠯᠤᠰ ᠠᠴᠠ ᠢᠷᠡᠭᠰᠡᠨ ᠶᠤᠮ᠃ ᠪᠢᠳᠡ 2030 ᠣᠨ ᠠᠴᠠ ᠡᠮᠦᠨ᠎ᠡ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ 2060 ᠣᠨ ᠠᠴᠠ ᠡᠮᠦᠨ᠎ᠡ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠬᠦᠴᠦᠯᠡᠨ᠎ᠡ᠃ ᠪᠢᠳᠡ ᠬᠡᠯᠡᠭᠰᠡᠨ ᠳᠡᠭᠡᠨ ᠭᠦᠷᠦᠨ᠎ᠠ᠃ | ᠪᠢᠳᠡ ᠡᠩᠬᠡ ᠲᠠᠶᠢᠪᠤᠩ ᠬᠥᠭᠵᠢᠯᠲᠡ ᠶᠢᠨ ᠲᠥᠯᠥᠭᠡ ᠴᠢᠷᠮᠠᠶᠢᠨ ᠵᠢᠳᠬᠦᠵᠦ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠶᠢᠨ ᠪᠣᠯᠪᠠᠰᠤᠨ ᠪᠣᠯ ᠡᠩᠬᠡ ᠲᠠᠶᠢᠪᠤᠩ | ᠡᠪ ᠨᠠᠶᠢᠷᠲᠠᠢ ᠡᠶ᠎ᠡ ᠵᠣᠬᠢᠴᠠᠩᠭᠤᠢ ᠣᠶᠢᠯᠠᠭᠠᠭᠳᠠᠬᠤᠨ ᠢ ᠤᠯᠠᠮᠵᠢᠯᠠᠵᠤ ᠪᠠᠶᠢᠳᠠᠭ᠂ ᠳᠤᠮᠳᠠᠳᠤ ᠤᠯᠤᠰ ᠲᠤ ᠭᠠᠳᠠᠭᠰᠢ | ᠲᠦᠷᠢᠮᠡᠬᠡᠶᠢᠯᠡᠨ ᠲᠦᠷᠢᠬᠦ ᠭᠧᠨ ᠪᠠᠶᠢᠬᠤ ᠦᠭᠡᠢ ᠶᠤᠮ᠃ ᠳᠤᠮᠳᠠᠳᠤ ᠤᠯᠤᠰ ᠤᠨ ᠠᠷᠠᠳ ᠲᠦᠮᠡᠨ ᠣᠶᠢᠷ᠎ᠠ ᠦᠶ᠎ᠡ ᠠᠴᠠ | ᠨᠠᠭᠠᠰᠢᠬᠢ ᠥᠪᠡᠷ ᠤᠨ ᠪᠡᠶ᠎ᠡ ᠳᠤᠨᠢ ᠲᠤᠯᠭᠠᠷᠠᠭᠰᠠᠨ ᠦᠢᠮᠡᠭᠡᠨ ᠳᠡᠪᠵᠢᠶᠡᠨ ᠪᠠ ᠭᠠᠰᠠᠯᠠᠩ ᠵᠣᠪᠠᠯᠠᠩ ᠢ ᠡᠭᠦᠷᠢᠳᠡ ᠮᠠᠷᠲᠠᠰᠢ | ᠦᠭᠡᠢ ᠶᠤᠮ᠃ ᠪᠢ ᠦᠷᠭᠦᠯᠵᠢ᠂ ᠳᠤᠮᠳᠠᠳᠤ ᠤᠯᠤᠰ ᠤᠨ ᠠᠷᠠᠳ ᠲᠦᠮᠡᠨ ᠤ ᠡᠰᠡᠷᠭᠦᠴᠡᠵᠦ ᠪᠠᠶᠢᠭ᠎ᠠ ᠨᠢ ᠳᠠᠷᠤᠢ ᠳᠠᠶᠢᠨ | ᠪᠠᠶᠢᠯᠳᠤᠭᠠᠨ ᠶᠤᠮ᠂ ᠱᠠᠭᠠᠷᠳᠠᠵᠤ ᠪᠠᠶᠢᠭ᠎ᠠ ᠨᠢ ᠲᠣᠭᠲᠠᠭᠤᠨ ᠪᠠᠶᠢᠳᠠᠯ ᠶᠤᠮ᠂ ᠬᠦᠰᠡᠵᠦ ᠪᠠᠶᠢᠭ᠎ᠠ ᠨᠢ ᠳᠡᠯᠡᠬᠡᠢ ᠳ᠋ᠠᠬᠢᠨ | ᠠᠮᠤᠷ ᠲᠠᠶᠢᠪᠤᠩ ᠶᠤᠮ ᠭᠡᠵᠦ ᠬᠡᠯᠡᠳᠡᠭ ᠪᠢᠯᠡ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠪᠡᠶᠡᠯᠡᠭᠳᠡᠯ ᠨᠢ ᠡᠩᠬᠡ ᠲᠠᠶᠢᠪᠤᠩ ᠲᠣᠭᠲᠠᠭᠤᠨ ᠳᠡᠯᠡᠬᠡᠢ ᠶᠢᠨ ᠣᠷᠴᠢᠨ ᠲᠣᠭᠤᠷᠢᠨ ᠠᠴᠠ ᠰᠠᠯᠵᠤ ᠴᠢᠳᠠᠬᠤ ᠦᠭᠡᠢ ᠶᠤᠮ᠃ | ᠪᠢᠳᠡ ᠲᠠᠶᠢᠨ ᠪᠠᠶᠢᠯᠳᠤᠭᠠᠨ᠂ ᠺᠣᠯᠣᠨᠢᠴᠢᠯᠠᠯ᠂ ᠳᠡᠭᠡᠷᠡᠮᠳᠡᠯ᠂ ᠰᠦᠷᠳᠡᠭᠦᠯᠦᠯ ᠵᠡᠷᠭᠡ ᠠᠷᠭ᠎ᠠ ᠮᠠᠶ᠋ᠢᠭ ᠢᠶᠠᠷ | ᠣᠳᠣᠬᠢᠴᠢᠯᠠᠯᠲᠠ ᠶᠢ ᠪᠡᠶᠡᠯᠡᠭᠦᠯᠬᠦ ᠬᠠᠭᠤᠴᠢᠨ ᠵᠠᠮ ᠢᠶᠠᠷ ᠶᠠᠭᠠᠬᠢᠭᠰᠠᠨ ᠴᠤ ᠵᠠᠮᠨᠠᠬᠤ ᠦᠭᠡᠢ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢ᠂ ᠳᠤᠮᠳᠠᠳᠤ ᠤᠯᠤᠰ ᠶᠠᠮᠠᠷ ᠴᠤ | ᠲᠠᠶᠢᠨ ᠪᠠ ᠮᠥᠷᠭᠦᠯᠳᠦᠭᠡᠨ ᠢ ᠰᠠᠨᠠᠭᠠᠴᠢᠯᠠᠭ᠎ᠠ ᠠᠴᠠ ᠪᠠᠨ ᠥᠳᠥᠭᠡᠭᠰᠡᠨ ᠦᠭᠡᠢ᠂ ᠪᠤᠰᠤᠳ ᠤᠯᠤᠰ ᠤᠨ ᠢᠮᠠᠬᠤ ᠶᠢᠨ | ᠲᠡᠳᠦᠢ ᠭᠠᠵᠠᠷ ᠰᠢᠷᠣᠢ ᠶᠢ ᠴᠤ ᠲᠦᠷᠢᠮᠡᠬᠡᠶᠢᠯᠡᠨ ᠡᠵᠡᠯᠡᠭᠰᠡᠨ ᠦᠭᠡᠢ᠂ ᠡᠩᠬᠡ ᠲᠠᠶᠢᠪᠤᠩ ᠬᠥᠭᠵᠢᠯᠲᠡ ᠶᠢ ᠦᠨᠳᠦᠰᠦᠨ | ᠬᠠᠤᠯᠢ ᠪᠠ ᠲᠦᠷᠦ ᠪᠠᠷᠢᠭᠴᠢ ᠨᠠᠮ ᠤᠨ ᠨᠠᠮ ᠤᠨ ᠳᠦᠷᠢᠮ ᠳᠤ ᠪᠢᠴᠢᠨ ᠣᠷᠣᠭᠤᠯᠵᠤ᠂ ᠤᠯᠤᠰ ᠤᠨ ᠵᠣᠷᠢᠭ ᠰᠠᠨᠠᠭ᠎ᠠ ᠳᠤ | ᠭᠦᠷᠳᠡᠯ᠎ᠡ ᠳᠡᠭᠡᠭᠰᠢᠯᠡᠭᠦᠯᠦᠭᠰᠡᠨ ᠴᠤᠷ ᠤᠨ ᠭᠠᠭᠴᠠ ᠲᠣᠮᠣ ᠤᠯᠤᠰ ᠪᠤᠯᠬᠤ ᠶᠤᠮ᠃ ᠳᠤᠮᠳᠠᠳᠤ ᠤᠯᠤᠰ ᠪᠣᠯ ᠤᠳᠤ ᠶᠢᠨ | ᠬᠡᠷᠡᠭᠵᠢᠭᠦᠯᠵᠦ ᠪᠠᠶᠢᠭ᠎ᠠ ᠤᠯᠠᠨ ᠤᠯᠤᠰ ᠤᠨ ᠡᠮᠬᠢ ᠵᠢᠷᠤᠮ ᠤᠨ ᠠᠰᠢᠭ ᠭᠦᠷᠳᠡᠭᠴᠢ ᠪᠠ ᠬᠠᠮᠠᠭᠠᠯᠠᠭᠴᠢ ᠮᠥᠨ᠃ ᠪᠢᠳᠡ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠡᠷᠡᠰ | ᠬᠠᠮᠠᠭᠠᠯᠠᠵᠤ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠵᠢᠷᠤᠮ ᠢ ᠬᠠᠮᠠᠭᠠᠯᠠᠵᠤ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠨ᠎ᠠ᠃ ᠬᠤᠶᠢᠰᠢᠳᠠ ᠶᠠᠮᠠᠷ | ᠬᠡᠮᠵᠢᠶᠡᠨ ᠳᠤ ᠭᠦᠷᠲᠡᠯ᠎ᠡ ᠬᠥᠭᠵᠢᠭᠰᠡᠨ ᠴᠦ ᠪᠢᠳᠡ ᠬᠡᠵᠢᠶᠡᠳᠡ ᠡᠵᠡᠷᠬᠡᠭᠴᠢ ᠪᠤᠯᠬᠤ ᠦᠭᠡᠢ᠂ ᠭᠠᠳᠠᠭᠰᠢ ᠲᠦᠷᠢᠮᠡᠬᠡᠶᠢᠯᠡᠬᠦ | ᠦᠭᠡᠢ᠂ ᠪᠤᠰᠤᠳ ᠲᠤ ᠠᠯᠪᠠ ᠪᠠᠷ ᠲᠤᠯᠭᠠᠬᠤ ᠦᠭᠡᠢ᠂ ᠡᠷᠬᠡᠰᠢᠶᠡᠯ ᠤᠨ ᠬᠦᠷᠢᠶ᠎ᠡ ᠶᠢ ᠬᠥᠭᠡᠭᠡᠴᠡᠯᠳᠦᠬᠦ ᠦᠭᠡᠢ᠂ ᠶᠠᠮᠠᠷᠪᠠ | ᠤᠯᠤᠰ ᠲᠠᠢ ᠬᠦᠢᠲᠡᠨ ᠳᠠᠶᠢᠨ ᠬᠠᠯᠠᠭᠤᠨ ᠳᠠᠶᠢᠨ ᠬᠢᠬᠦ ᠦᠭᠡᠢ᠃ ᠳᠤᠮᠳᠠᠳᠤ ᠤᠯᠤᠰ ᠶᠠᠷᠢᠯᠴᠠᠭ᠎ᠠ ᠬᠢᠬᠦ ᠠᠴᠠ ᠪᠢᠰᠢ | ᠡᠰᠡᠷᠭᠦᠴᠡᠯᠳᠦᠬᠦ ᠦᠭᠡᠢ᠂ ᠬᠠᠨᠢᠲᠠᠨ ᠪᠤᠯᠬᠤ ᠠᠴᠠ ᠪᠢᠰᠢ ᠬᠤᠯᠪᠤᠭ᠎ᠠ ᠪᠠᠶᠢᠭᠤᠯᠬᠤ ᠦᠭᠡᠢ ᠶᠢ ᠪᠠᠷᠢᠮᠲᠠᠯᠠᠵᠤ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | ᠳᠤᠮᠳᠠᠳᠤ ᠤᠯᠤᠰ ᠤᠨ ᠬᠥᠭᠡᠭᠡᠴᠡᠯᠳᠦᠵᠦ ᠪᠠᠶᠢᠭ᠎ᠠ ᠨᠢ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ | ᠣᠳᠣᠬᠢᠴᠢᠯᠠᠯᠲᠠ ᠪᠢᠰᠢ᠂ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠡᠩᠬᠡ ᠲᠠᠶᠢᠪᠤᠩ ᠬᠥᠭᠵᠢᠯᠲᠡ᠂ ᠬᠠᠷᠢᠯᠴᠠᠨ | ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠵᠦ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ︕ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋︕ | ᠲᠡᠦᠬᠡ ᠶᠢᠨ ᠤᠷᠳᠤ ᠮᠥᠷᠡᠨ ᠤ ᠳᠠᠪᠠᠯᠭᠠᠨ ᠠᠴᠠ ᠡᠯᠡᠰᠦ ᠶᠢ ᠲᠤᠩᠭᠠᠬᠤ ᠳᠤ ᠡᠴᠦᠰ ᠲᠡᠭᠡᠨ ᠲᠤᠨᠤᠵᠤ | ᠦᠯᠡᠳᠡᠭᠰᠡᠨ ᠨᠢ ᠶᠡᠷᠦ ᠨᠢ ᠬᠠᠮᠤᠭ ᠤᠨ ᠦᠨ᠎ᠡ ᠦᠷᠳᠡᠭ ᠲᠠᠢ ᠵᠦᠢᠯ ᠪᠣᠯᠣᠨ᠎ᠠ᠃ ᠪᠠᠶᠢᠳᠠᠯ ᠶᠠᠭᠠᠬᠢᠵᠤ ᠬᠤᠪᠢᠷᠠᠭᠰᠠᠨ ᠴᠤ | ᠳᠤᠮᠳᠠᠳᠤ ᠠᠮᠧᠷᠢᠺᠠ ᠶᠢᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠡᠦᠬᠡ ᠶᠢᠨ ᠯᠣᠭᠢᠭ ᠬᠤᠪᠢᠷᠠᠬᠤ ᠦᠭᠡᠢ᠂ ᠬᠤᠶᠠᠷ | ᠤᠯᠤᠰ ᠤᠨ ᠠᠷᠠᠳ ᠲᠦᠮᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠦᠨᠳᠦᠰᠦᠨ ᠬᠦᠰᠡᠯ ᠡᠷᠡᠮᠡᠯᠵᠡᠯ ᠬᠤᠪᠢᠷᠠᠬᠤ ᠦᠭᠡᠢ᠂ | ᠳᠡᠯᠡᠬᠡᠢ ᠶᠢᠨ ᠠᠷᠠᠳ ᠲᠦᠮᠡᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠳᠤ ᠲᠠᠯᠪᠢᠵᠤ | ᠪᠠᠶᠢᠭ᠎ᠠ ᠨᠡᠶᠢᠳᠡᠮ ᠤᠨ ᠬᠦᠰᠡᠯ ᠡᠷᠡᠮᠡᠯᠵᠡᠯ ᠬᠤᠪᠢᠷᠠᠬᠤ ᠦᠭᠡᠢ ᠶᠤᠮ᠃ ᠶᠠᠮᠠᠷᠪᠠ ᠨᠢᠭᠡᠨ ᠠᠭᠤᠤ ᠶᠡᠭᠡ ᠦᠢᠯᠡᠰ ᠢ | ᠪᠦᠲᠦᠭᠡᠬᠦ ᠳᠤ ᠴᠥᠮ ᠡᠷᠬᠡᠪᠰᠢ ᠠᠷᠠᠳ ᠲᠦᠮᠡᠨ ᠤ ᠳᠤᠮᠳᠠ ᠠᠴᠠ ᠦᠨᠳᠦᠰᠦ ᠰᠠᠭᠤᠷᠢ ᠶᠢ ᠣᠯᠵᠤ᠂ ᠠᠷᠠᠳ ᠲᠦᠮᠡᠨ ᠤ | ᠳᠤᠮᠳᠠ ᠠᠴᠠ ᠬᠦᠴᠦᠨ ᠬᠤᠷᠠᠮᠳᠤᠭᠤᠯᠵᠤ᠂ ᠠᠷᠠᠳ ᠲᠦᠮᠡᠨ ᠬᠠᠮᠲᠤ ᠪᠠᠷ ᠪᠡᠶᠡᠯᠡᠭᠦᠯᠳᠡᠭ᠃ ᠳᠤᠮᠳᠠᠳᠤ ᠠᠮᠧᠷᠢᠺᠠ ᠶᠢᠨ | ᠨᠥᠬᠦᠷᠯᠡᠯ ᠪᠣᠯ ᠳᠠᠷᠤᠢ ᠡᠶᠢᠮᠦ ᠨᠢᠭᠡᠨ ᠠᠭᠤᠤ ᠶᠡᠭᠡ ᠦᠢᠯᠡᠰ ᠮᠥᠨ᠃ ᠪᠢᠳᠠ ᠬᠤᠶᠠᠷ ᠤᠯᠤᠰ ᠤᠨ ᠠᠷᠠᠳ ᠲᠦᠮᠡᠨ ᠤ | ᠬᠦᠴᠦᠨ ᠢ ᠨᠢᠭᠲᠠᠷᠠᠭᠤᠯᠵᠤ᠂ ᠳᠤᠮᠳᠠᠳᠤ ᠠᠮᠧᠷᠢᠺᠠ ᠶᠢᠨ ᠨᠥᠬᠦᠷᠯᠡᠯ ᠢ ᠦᠷᠭᠦᠯᠵᠢᠯᠡᠭᠦᠯᠵᠦ᠂ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠭᠦ ᠪᠠᠷ ᠴᠢᠷᠮᠠᠶᠢᠵᠠᠭᠠᠶ᠎ᠠ︕ | ︵ᠰᠢᠨᠬᠤᠸᠠ ᠬᠤᠷᠢᠶ᠎ᠠ ᠶᠢᠨ ᠰᠠᠨ ᠹᠷᠠᠨᠰᠢᠰᠺᠤ ᠶᠢᠨ 11 ᠰᠠᠷ᠎ᠠ ᠶᠢᠨ 15 ᠤ ᠴᠠᠭᠢᠯᠭᠠᠨ ᠮᠡᠳᠡᠭᠡ︶ | | |