ᠲᠦᠷᠦᠯᠬᠢ ᠵᠢᠷᠦᠬᠡᠨ ᠡᠪᠡᠳᠴᠢᠨ ᠲᠠᠢ ᠬᠡᠥᠬᠡᠳ ᠢ ᠠᠪᠤᠷᠠᠨ ᠲᠤᠰᠠᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠵᠦᠢᠯᠡᠰ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/11/2
ᠡᠯ᠎ᠡ ᠰᠤᠮᠤ᠂ ᠰᠢᠶᠠᠩ᠂ ᠪᠠᠯᠭᠠᠰᠣ ︵ᠨᠡᠶᠢᠭᠡᠮ ᠲᠤᠭᠤᠷᠢᠭ᠂ ᠲᠤᠰᠬᠤᠨ᠂ ᠭᠠᠴᠠᠭ᠎ᠠ︶᠄      ᠡᠳᠦᠬᠡ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠦᠷᠦᠯᠬᠢ ᠵᠢᠷᠦᠬᠡᠨ ᠡᠪᠡᠳᠴᠢᠨ ᠲᠠᠢ ᠬᠡᠥᠬᠡᠳ ᠢ ᠠᠪᠤᠷᠠᠨ ᠲᠤᠰᠠᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠬᠤᠯᠪᠤᠭᠳᠠᠯ ᠪᠦᠬᠦᠢ ᠵᠦᠢᠯᠡᠰ ᠢ ᠮᠡᠳᠡᠭᠳᠡᠶ᠎ᠡ᠄      ᠨᠢᠭᠡ᠂ ᠠᠪᠤᠷᠠᠨ ᠲᠤᠰᠠᠯᠠᠬᠤ ᠡᠳᠡᠭᠡᠳ      ︵ᠨᠢᠭᠡ︶ ᠪᠤᠭᠤᠳᠦ ᠬᠤᠳᠠ᠂ ᠬᠦᠯᠦᠨ ᠪᠤᠶᠢᠷ ᠬᠤᠳᠠ᠂ ᠰᠢᠯᠢ ᠶᠢᠨ ᠭᠤᠤᠯ ᠠᠶᠢᠮᠠᠭ᠂ ᠤᠷᠳᠤᠰ ᠬᠤᠳᠠ᠂ ᠪᠠᠶᠠᠠᠨᠠᠭᠤᠷ ᠬᠤᠳᠠ ᠶᠢᠨ ᠡᠷᠦᠬᠡ ᠠᠮᠠ ᠶᠢᠨ ᠲᠠᠩᠰᠠ ᠲᠠᠢ0— ᠪᠦᠬᠦᠯᠢ18 ᠨᠠᠰᠤᠨ ᠤ ᠮᠠᠰᠡ ᠵᠠᠰᠠᠯ ᠢᠶᠠᠷ ᠡᠮᠨᠡᠨ ᠵᠠᠰᠠᠭᠰᠠᠨ ᠲᠦᠷᠦᠯᠬᠢ ᠵᠢᠷᠦᠬᠡᠨ ᠡᠪᠡᠳᠴᠢᠨ ᠲᠠᠢ ᠬᠡᠥᠬᠡᠳ ᠪᠠᠭᠳᠠᠨ᠎ᠠ᠃      ︵ᠬᠤᠶᠠᠷ︶ ᠡᠪᠡᠳᠴᠢᠨ ᠲᠠᠢ ᠬᠡᠥᠬᠡᠳ ᠪᠤᠶᠤ ᠡᠪᠡᠳᠴᠢᠨ ᠲᠠᠢ ᠬᠡᠥᠬᠡᠳ ᠤᠨ ᠬᠠᠷᠠᠭᠠᠯᠵᠠᠨ ᠬᠠᠮᠠᠭᠠᠯᠠᠭᠴᠢ  ᠨᠢ ᠬᠤᠳᠠ ᠬᠦᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ᠂ ᠤᠨᠴᠠ ᠬᠦᠴᠢᠷᠳᠡᠯᠳᠡᠢ᠂ ᠰᠢᠯᠭᠠᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠤᠷᠤᠭᠤᠯᠭᠰᠠᠨ ᠲᠠᠬᠢᠨ ᠶᠠᠳᠠᠭᠤᠷᠠᠭᠰᠠᠨ ᠶᠠᠳᠠᠭᠤ ᠬᠦᠴᠢᠷᠳᠡᠯᠳᠡᠢ ᠭᠡᠷ ᠪᠦᠯᠢ  ᠶᠢᠨ ᠡᠪᠡᠳᠴᠢᠨ ᠲᠠᠢ ᠬᠡᠥᠬᠡᠳ ᠲᠤ ᠲᠤᠰᠠᠯᠠᠮᠵᠢ ᠦᠵᠡᠭᠦᠯᠦᠨ᠎ᠡ᠃ ︵ᠲᠡᠭᠡᠷ᠎ᠡ ᠲᠤᠷᠠᠳᠤᠭᠰᠠᠨ ᠨᠦᠬᠦᠴᠡᠯ ᠳᠤ ᠨᠡᠶᠢᠴᠡᠬᠦ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠤᠨᠴᠠ ᠬᠦᠴᠢᠷᠳᠡᠯᠳᠡᠢ᠂ ᠵᠡᠮᠳᠡᠭᠴᠣᠳ ᠤᠨ ᠭᠡᠷ ᠪᠦᠯᠢ  ᠶᠢ ᠤᠷᠢᠳᠠᠪᠠᠷ ᠠᠪᠤᠷᠠᠨ ᠲᠤᠰᠠᠯᠠᠨ᠎ᠠ︶᠃      ᠬᠤᠶᠠᠷ᠂ ᠲᠤᠰᠠᠯᠠᠬᠤ ᠪᠠᠷᠢᠮᠵᠢᠶ᠎ᠠ      ᠲᠠᠩᠰᠠ ᠲᠠᠶᠢᠯᠬᠤ ᠬᠡᠯᠪᠡᠷᠢ ᠳᠤ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ  ᠠᠴᠠ ᠲᠤᠰᠬᠠᠢ ᠵᠦᠢᠯ ᠤᠨ ᠪᠡᠯᠡ ᠮᠦᠩᠭᠦ ᠶᠢ ᠬᠡᠷᠡᠭᠯᠡᠨ ᠠᠪᠤᠷᠠᠨ ᠲᠤᠰᠠᠯᠠᠨ᠎ᠠ᠂ ᠪᠠᠷᠢᠮᠵᠢᠶ᠎ᠠ ᠨᠢ ᠪᠤᠳᠠᠳᠠᠢ ᠪᠠᠶᠢᠳᠠᠯ ᠢ ᠦᠨᠳᠦᠰᠦᠯᠡᠨ ᠠᠪᠤᠷᠠᠨ ᠲᠤᠰᠠᠯᠠᠵᠦ᠂2 ᠲᠦᠮᠡᠨ ᠲᠦᠭᠦᠷᠢᠭ ᠢᠶᠠᠷ ᠬᠢᠵᠠᠭᠠᠷᠯᠠᠨ᠎ᠠ ᠃ ︵ᠡᠭᠦᠨ ᠳᠤ2 ᠵᠦᠢᠯ ᠬᠤᠪᠢᠶᠠᠨ᠎ᠠ᠄ ᠡᠮ ᠡᠮᠨᠡᠯᠭᠡ ᠶᠢᠨ ᠲᠠᠭᠠᠳᠬᠠᠯ ᠤᠨ ᠲᠠᠩᠰᠠ ᠲᠠᠶᠢᠯᠤᠭᠰᠠᠨ ᠤ ᠲᠠᠷᠠᠭ᠎ᠠ ᠡᠪᠡᠳᠴᠢᠳᠡᠨ ᠦᠪᠡᠷᠳᠡᠭᠡᠨ ᠲᠤᠰᠢᠶᠠᠬᠤ ᠴᠢᠬᠤᠯᠠ ᠲᠠᠢ᠃ ᠬᠡᠰᠡᠭ ᠡᠮ ᠡᠮᠨᠡᠯᠭᠡ ᠶᠢᠨ ᠲᠠᠭᠠᠳᠬᠠᠯ ᠦᠭᠡᠢ ᠡᠪᠡᠳᠴᠢᠳᠡᠨ ᠲᠡᠭᠡᠳᠦ ᠬᠢᠵᠠᠭᠠᠷ ᠢᠶᠠᠷ ᠪᠠᠷᠢᠮᠵᠢᠶ᠎ᠡ ᠪᠤᠯᠭᠠᠨ᠎ᠠ︶᠃      ᠭᠤᠷᠪᠠ᠂ ᠲᠤᠰᠠᠯᠠᠬᠤ ᠴᠠᠭ ᠬᠤᠭᠤᠴᠠᠭ᠎ᠠ ᠬᠢᠬᠡᠳ ᠴᠤᠪᠤᠷᠠᠯ7 ᠰᠠᠷ᠎ᠠ ᠶᠢᠨ28 ᠤ ᠡᠳᠦᠷ ᠠᠴᠠ12 ᠰᠠᠷ᠎ᠠ ᠶᠢᠨ15 ᠤ ᠡᠳᠦᠷ ᠪᠤᠯᠳᠠᠯᠠᠬᠢ ᠬᠤᠭᠤᠴᠠᠭᠠᠨ ᠳᠤ ᠡᠮᠨᠡᠯᠭᠡ ᠳᠤ ᠤᠷᠤᠬᠤ᠂ ᠡᠮᠨᠡᠯᠭᠡ ᠠᠴᠠ ᠭᠠᠷᠬᠤ ᠭᠠᠷ ᠭᠦᠢᠴᠡᠳᠭᠡᠯ ᠬᠢᠵᠦ᠂ ᠡᠮᠨᠡᠯᠭᠡ ᠠᠴᠠ ᠭᠠᠷᠤᠭᠰᠠᠨ ᠤ ᠲᠠᠷᠠᠭᠠᠬᠢ1 ᠰᠠᠷ᠎ᠠ  ᠶᠢᠨ ᠲᠤᠳᠤᠷ᠎ᠠ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ ᠭᠤᠶᠤᠴᠢᠯᠠᠯ ᠭᠠᠷᠭᠠᠵᠦ᠂ ᠠᠪᠤᠷᠠᠨ ᠲᠤᠰᠠᠯᠠᠬᠤ ᠨᠦᠬᠦᠴᠡᠯ ᠳᠤ ᠨᠡᠶᠢᠴᠡᠬᠦ ᠬᠡᠥᠬᠡᠳ ᠤᠨ ᠭᠡᠷ ᠤᠨ ᠠᠬᠠᠮᠠᠳ ᠦᠪᠡᠷᠳᠡᠭᠡᠨ ᠡᠮᠨᠡᠯᠭᠡ ᠶᠢᠨ ᠬᠤᠷᠢᠶ᠎ᠠ ᠶᠢ ᠰᠤᠩᠭᠤᠵᠦ᠂ ᠬᠡᠥᠬᠡᠳ ᠲᠤ ᠮᠡᠰᠡ ᠵᠠᠰᠠᠯ ᠬᠢᠬᠦ ︵ᠮᠡᠰᠡ ᠵᠠᠰᠠᠯ ᠬᠢᠭᠰᠡᠨ ᠪᠠ ᠮᠡᠰᠡ ᠵᠠᠰᠠᠯ ᠬᠢᠬᠦ ᠪᠠᠷ ᠪᠡᠯᠡᠳᠭᠡᠭᠰᠡᠨ︶᠂ ᠬᠠᠮᠢᠶ᠎ᠠ ᠪᠦᠬᠦᠢ ᠮᠠᠲ᠋ᠧᠷᠢᠶᠠᠯ ᠪᠠ ᠬᠤᠪᠢ ᠶᠢᠨ ᠵᠠᠷᠤᠳᠠᠯ ᠤᠨ ᠬᠡᠰᠡᠭ ᠪᠠᠷᠢᠮᠳᠠ ᠶᠢ ᠬᠤᠰᠢᠭᠤᠨ ᠤ ᠣᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ ᠬᠠᠩᠭᠠᠨ ᠦᠭᠴᠦ᠂ ᠱᠠᠳᠦ ᠲᠠᠷᠠᠭᠠᠯᠠᠨ ᠬᠢᠨᠠᠨ ᠬᠠᠷᠠᠭᠤᠯᠵᠦ᠂ ᠲᠡᠭᠡᠳᠦ ᠱᠠᠳᠤᠨ  ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ ᠬᠠᠩᠭᠠᠨ ᠦᠭᠴᠦ᠂ ᠱᠠᠳᠦ ᠲᠠᠷᠠᠭᠠᠯᠠᠨ ᠬᠢᠨᠠᠨ ᠬᠠᠷᠠᠭᠤᠯᠵᠦ ᠲᠡᠭᠡᠳᠦ ᠱᠠᠳᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠤ ᠮᠡᠳᠡᠭᠦᠯᠦᠨ ᠬᠦᠷᠭᠡᠵᠦ᠂ ᠬᠢᠨᠠᠨ ᠪᠠᠶᠢᠴᠠᠭᠠᠭᠰᠠᠨ ᠤ ᠲᠡᠷᠡᠭᠡ ᠠᠪᠤᠷᠠᠨ ᠲᠤᠰᠠᠯᠠᠬᠤ ᠵᠠᠷᠤᠳᠠᠯ ᠢ ᠰᠢᠭᠤᠳ ᠬᠡᠥᠬᠡᠳ ᠤᠨ ᠬᠠᠷᠠᠭᠠᠯᠵᠠᠨ ᠬᠠᠮᠠᠭᠠᠯᠠᠭᠴᠢ ᠳᠤ ᠦᠭᠬᠦᠨ᠎ᠡ᠃      ᠡᠯ᠎ᠡ ᠰᠤᠮᠤ᠂ ᠰᠢᠶᠠᠩ᠂ ᠪᠠᠯᠭᠠᠰᠤ ︵ᠨᠡᠶᠢᠭᠡᠮ ᠲᠤᠭᠤᠷᠢᠭ᠂ ᠲᠤᠰᠬᠤᠨ᠂ ᠭᠠᠴᠠᠭ᠎ᠠ︶ ᠨᠤᠭᠤᠳ ᠸᠢᠴᠠᠲ ᠵᠡᠷᠭᠡ ᠬᠡᠯᠪᠡᠷᠢ ᠪᠠᠷ ᠦᠷᠭᠡᠨ ᠤᠯᠠᠨ ᠰᠠᠭᠤᠭᠠᠯᠢ ᠠᠷᠠᠳ ᠪᠠ  ᠮᠠᠯᠴᠢᠨ ᠲᠠᠷᠢᠶᠠᠴᠢᠳ ᠲᠤ ᠲᠤᠰ ᠠᠵᠢᠯᠯᠠᠭ᠎ᠠ ᠶᠢᠨ ᠠᠭᠤᠯᠭ᠎ᠠ ᠶᠢ ᠦᠷᠭᠡᠨ ᠢᠶᠠᠷ ᠤᠬᠠᠭᠤᠯᠵᠦ᠂ ᠠᠪᠤᠷᠠᠨ ᠲᠤᠰᠠᠯᠬᠤ ᠶᠢ ᠦᠨᠡᠨᠬᠦ ᠪᠠᠳᠤᠯᠠᠬᠤ ᠬᠡᠷᠡᠭᠳᠡᠢ᠃ ᠬᠡᠷᠪᠡ ᠨᠦᠬᠦᠴᠡᠯ ᠳᠤ ᠨᠡᠶᠢᠴᠡᠭᠰᠡᠨ ᠡᠪᠡᠳᠴᠢᠨ ᠲᠠᠢ ᠬᠡᠥᠬᠡᠳ ᠤᠨ ᠭᠡᠷ ᠪᠦᠯᠢ ᠪᠠᠶᠢᠪᠠᠯ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠠᠢ ᠰᠢᠭᠤᠳ ᠬᠠᠷᠢᠯᠴᠠᠭᠠᠷᠠᠢ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠷᠢᠯᠴᠠᠬᠤ ᠤᠳᠠᠰᠦ᠄6172667᠂6172668᠂15049324997᠂13947271605᠂15904721066            ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ           ᠤᠯᠠᠭᠠᠨ ᠵᠠᠭᠠᠯᠮᠠᠶᠢᠳᠠᠨ ᠤ ᠨᠡᠶᠢᠭᠡᠮᠯᠢᠭ                2023 ᠤᠨ ᠤ11 ᠰᠠᠷ᠎ᠠ ᠶᠢᠨ1
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号