ᠡᠨᠡ ᠵᠢᠯ ᠠᠴᠠ ᠨᠠᠰᠢ᠂ ᠮᠠᠨᠳᠤᠯ ᠪᠣᠭᠤᠮᠲᠠ ᠶᠢᠨ ᠬᠢᠨ ︽ᠤᠷᠢᠳᠴᠢᠯᠠᠨ ᠪᠣᠯᠵᠣᠵᠤ ᠪᠣᠭᠤᠮᠲᠠ ᠪᠠᠷ | ᠥᠩᠭᠡᠷᠡᠬᠦ ᠶᠢ ᠲᠥᠪᠯᠡᠷᠡᠭᠦᠯᠦᠨ ᠪᠠᠶᠢᠴᠠᠭᠠᠨ ᠰᠢᠯᠭᠠᠬᠤ︾᠂ ︽ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠴᠠᠭ ᠢ | ᠤᠷᠲᠤᠳᠬᠠᠬᠤ ᠦᠢᠯᠡᠴᠢᠯᠡᠭᠡ︾ ᠵᠡᠷᠭᠡ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠢᠳᠡᠪᠬᠢᠲᠡᠶ ᠬᠡᠷᠡᠭᠵᠢᠭᠦᠯᠵᠦ᠂ | ᠪᠣᠭᠤᠮᠲᠠ ᠪᠠᠷ ᠥᠩᠭᠡᠷᠡᠬᠦ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠣᠭᠤᠮᠲᠠ ᠪᠠᠷ | ᠥᠩᠭᠡᠷᠡᠬᠦ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ | ᠢᠯᠡᠳᠲᠡ ᠳᠡᠭᠡᠭᠰᠢᠯᠡᠭᠦᠯᠬᠦ ᠶᠢ ᠠᠬᠢᠭᠤᠯᠪᠠ᠃ | 10 ᠰᠠᠷ᠎ᠠ ᠶᠢᠨ 31 ᠤ ᠡᠳᠦᠷ ᠪᠣᠯᠲᠠᠯ᠎ᠠ᠂ ᠮᠠᠨᠳᠤᠯ ᠪᠣᠭᠤᠮᠲᠠ ᠨᠡᠶᠢᠲᠡ 404 ᠲᠦᠮᠡᠨ ᠲᠣᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 74% ᠨᠡᠮᠡᠭᠳᠡᠵᠦ᠂ ᠮᠠᠨᠳᠤᠯ ᠪᠣᠭᠤᠮᠲᠠ ᠶᠢᠨ ᠨᠡᠭᠡᠭᠡᠯᠭᠡ ᠠᠴᠠ ᠨᠠᠭᠠᠰᠢᠬᠢ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ | ᠠᠷᠠᠯᠵᠢᠶᠠᠨ ᠤ ᠬᠡᠮᠵᠢᠶ᠎ᠡ ᠪᠠᠷᠤᠭ 43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 63 % ᠪᠠᠷ ᠨᠡᠮᠡᠭᠳᠡᠪᠡ᠃ |