ᠲᠠᠷᠬᠠᠨ ᠮᠤᠤᠮᠢᠩᠭᠠᠨ ᠤ ᠴᠤᠭ ᠵᠢᠪᠬᠤᠭ᠎ᠠ ᠳᠠᠬᠢᠨᠲᠠ ︽ᠴᠠᠭᠠᠷᠢᠭᠯᠠᠪᠠ︾︕ ᠬᠤᠰᠢᠭᠤᠨ ᠤ ᠤᠯᠠᠭᠠᠨᠮᠦ᠋ᠴᠢᠷ ᠲᠤᠮᠳᠠᠳᠤ ᠤᠯᠤᠰ ᠤᠨ ᠤᠯᠠᠨ ᠤᠯᠤᠰ ᠤᠨ ᠵᠢᠭᠤᠯᠴᠢᠯᠠᠯ ᠤᠨ ᠰᠤᠯᠢᠯᠴᠠᠭᠠᠨ ᠤ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2023/11/20
      11 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠤᠯᠠᠨ ᠤᠯᠤᠰ ᠤᠨ ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ ᠨᠢ ᠺᠦᠨᠮᠢᠩ ᠳ᠋ᠢᠶᠠᠨ ᡂᠢ ᠤᠯᠠᠨ ᠤᠯᠤᠰ ᠤᠨ ᠦᠵᠡᠰᠬᠦᠯᠡᠩ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ ᠲᠣᠰ ᠬᠤᠭᠤᠴᠠᠭᠠᠨ ᠤ ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ︽ᠲᠠ ᠰᠠᠶᠢᠨ ᠤᠤ︕ ᠳᠤᠮᠳᠠᠳᠤ ᠤᠯᠤᠰ᠃ ᠳᠡᠯᠡᠬᠡᠢ ᠶᠢᠨ 70 ᠭᠠᠷᠤᠢ ᠤᠯᠤᠰ ᠪᠠ ᠭᠠᠵᠠᠷ ᠣᠷᠣᠨ ᠤ ᠵᠤᠭᠠᠴᠠᠯ ᠤᠨ ᠳᠡᠯᠭᠡᠷᠡᠭᠦᠯᠬᠦ ᠪᠠᠶᠢᠭᠤᠯᠤᠮᠵᠢ᠂ ᠵᠤᠭᠠᠴᠠᠯ ᠤᠨ ᠠᠵᠤ ᠠᠬᠤᠶᠢᠯᠠᠯ ᠵᠢᠴᠢ 800 ᠭᠠᠷᠤᠢ ᠣᠯᠠᠨ ᠤᠯᠤᠰ ᠤᠨ ᠵᠤᠭᠠᠴᠠᠯ ᠤᠨ ᠬᠤᠳᠠᠯᠳᠤᠭᠠᠴᠢᠨ ᠳᠡᠯᠭᠡᠨ ᠦᠵᠡᠭᠦᠯᠬᠦ ᠪᠠ ᠶᠠᠷᠢᠯᠴᠠᠬᠤ ᠳᠤ ᠣᠷᠣᠯᠴᠠᠵᠠᠢ᠃
20175523d5z0.jpg
      ᠥᠪᠥᠷ ᠮᠣᠩᠭᠤᠯ ᠤᠨ ᠦᠵᠡᠭᠦᠯᠦᠯᠭᠡ ᠶᠢᠨ ᠲᠣᠭᠤᠷᠢᠭ ᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠨᠠᠷᠢᠨ ᠨᠢᠮᠪᠠᠢ ᠨᠠᠶᠢᠷᠠᠭᠤᠯᠤᠭᠰᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃ ︽ᠲᠦᠮᠡᠨ ᠠᠭᠲᠠ ᠶᠢᠨ ᠲᠦᠪᠡᠷᠭᠡᠨ︾ ᠭᠡᠬᠦ ᠮᠣᠷᠢᠨ ᠬᠤᠭᠤᠷ ᠤᠨ ᠠᠶᠠᠰ ᠬᠥᠳᠡᠯᠭᠡᠭᠡᠨ ᠤ ᠬᠥᠰᠢᠭᠡ ᠶᠢ ᠰᠡᠬᠦᠵᠦ᠂ ᠰᠦᠷ ᠵᠢᠪᠬᠤᠯᠠᠩᠲᠤ ᠬᠤᠭᠤᠷ ᠤᠨ ᠠᠶᠠᠰ ᠬᠥᠮᠥᠰ ᠤᠨ ᠰᠡᠳᠬᠢᠯ ᠢ ᠲᠦᠮᠡᠨ ᠠᠭᠲᠠ ᠶᠢᠨ ᠳᠠᠪᠬᠢᠭ᠎ᠠ ᠥᠷᠭᠡᠨ ᠠᠭᠤᠳᠠᠮ ᠲᠠᠯ᠎ᠠ ᠨᠤᠲᠤᠭ ᠲᠤ ᠲᠠᠯᠪᠢᠭᠳᠠᠭᠰᠠᠨ ᠰᠢᠭ᠋ ᠰᠠᠨᠠᠭᠳᠠᠭᠤᠯᠤᠨ᠎ᠠ᠃ ᠢᠷᠠᠭᠤ ᠰᠠᠶᠢᠬᠠᠨ ᠪᠥᠵᠢᠭ᠂ ᠢᠷᠠᠭᠤ ᠰᠠᠶᠢᠬᠠᠨ ᠳᠠᠭᠤᠤ ᠬᠦᠭᠵᠢᠮ ᠨᠢ ᠲᠤᠬᠠᠢ ᠶᠢᠨ ᠲᠠᠯᠠᠪᠠᠢ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠭᠴᠢᠳ ᠤᠨ ᠪᠠᠭ᠋ᠠᠷᠬᠠᠯ ᠢ ᠲᠠᠳᠠᠵᠤ᠂ ᠤᠯᠠᠨ ᠳᠤ ᠥᠪᠥᠷ ᠮᠣᠩᠭᠤᠯ ᠤᠨ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠵᠠᠩ ᠵᠠᠩᠰᠢᠯ ᠪᠠ ᠭᠦᠨ ᠵᠤᠵᠠᠭᠠᠨ ᠲᠡᠦᠬᠡ ᠰᠣᠶᠣᠯ ᠢ ᠮᠡᠳᠡᠷᠡᠭᠦᠯᠪᠡ᠃
 
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号