ᠠᠮᠢᠳᠣᠷᠠᠯ ᠳᠠᠭᠠᠨ ᠪᠠᠷᠢᠮᠳᠠᠯᠠᠬᠤ 6 ᠳᠠᠳᠬᠠᠯ
ᠨᠡᠶᠢᠲᠡᠯᠡᠭᠰᠡᠨ ᠴᠠᠭ᠄
2023/11/21
      ᠲᠤᠷᠰᠢᠯᠭ᠎ᠠ ᠬᠤᠷᠠᠮᠳᠤᠭᠤᠯᠬᠤ᠄ ᠬᠥᠮᠥᠨ ᠤ  ᠠᠮᠢᠳᠤᠷᠠᠯ  ᠭᠡᠭᠴᠢ  ᠠᠯᠳᠠᠭ᠎ᠠ  ᠣᠨᠤᠭ᠎ᠠ  ᠨᠤᠭᠤᠷᠠᠯ  ᠪᠦᠳᠦᠷᠡᠯ ᠢᠶᠠᠷ ᠳᠦᠬᠦᠷᠡᠩ ᠪᠠᠶᠢᠳᠠᠭ᠂ ᠲᠡᠶᠢᠮᠤ ᠪᠣᠯᠬᠤᠷ ᠴᠦᠬᠡᠨ ᠪᠦᠳᠦᠷᠢᠬᠦ ᠬᠠᠮᠤᠭ ᠤᠨ ᠰᠠᠶᠢᠨ ᠠᠷᠭ᠎ᠠ  ᠪᠣᠯ  ᠳᠠᠷᠤᠢ  ᠲᠠᠰᠤᠷᠠᠯᠲᠠ  ᠦᠭᠡᠢ ᠲᠤᠷᠰᠢᠯᠭ᠎ᠠ ᠬᠤᠷᠠᠮᠳᠤᠭᠤᠯᠵᠤ᠂ ᠮᠡᠳᠡᠯᠭᠡ ᠪᠠᠨ ᠨᠡᠮᠡᠭᠳᠡᠭᠦᠯᠬᠦ ᠶᠠᠪᠤᠳᠠᠯ ᠪᠣᠯᠣᠨ᠎ᠠ᠃        ᠳᠣᠰᠣᠯ ᠣᠰᠣ ᠬᠤᠷᠠᠮᠳᠣᠵᠦ ᠳᠠᠯᠠᠢ ᠪᠤᠯᠳᠠᠭ ᠤᠨ ᠠᠳᠠᠯᠢ᠂ ᠠᠮᠵᠢᠯᠳᠠ ᠳᠤ ᠬᠦᠷᠦᠶ᠎ᠡ  ᠭᠡᠪᠡᠯ  ᠠᠩᠬᠠᠨ ᠤ  ᠠᠯᠬᠤᠮ ᠠᠴᠠ ᠡᠬᠢᠯᠡᠨ ᠬᠤᠷᠠᠮᠳᠠᠭᠤᠯᠬᠤ ᠯᠡ ᠴᠢᠬᠤᠯᠠ᠃ ᠲᠠᠰᠤᠷᠠᠯᠲᠠ  ᠦᠭᠡᠢ  ᠲᠤᠷᠰᠢᠵᠤ᠂  ᠦᠷᠢᠰᠦᠯᠳᠦᠬᠡᠨ ᠳᠤ  ᠦᠪᠡᠷ ᠢ   ᠪᠠᠨ ᠰᠣᠷᠢᠪᠠᠯ᠂ ᠠᠮᠢᠳᠣᠷᠠᠯ ᠴᠢᠨᠢ ᠶᠠᠪᠤᠭᠠᠨ ᠳᠠᠭᠠᠨ ᠰᠠᠶᠢᠵᠢᠷᠠᠬᠤ ᠪᠤᠯᠤᠨ᠎ᠠ᠃ ᠳᠣᠷᠰᠢᠯᠭ᠎ᠠ ᠴᠢᠬᠤᠯᠠ ᠰᠢᠦ︕ ᠠᠭᠲᠠ ᠶᠢᠨ ᠪᠤᠢ ᠳᠤ ᠭᠠᠵᠠᠷ ᠳᠠᠨᠢᠵᠦ᠂ ᠠᠪᠤ ᠶᠢᠨ ᠪᠤᠢ ᠳᠤ ᠬᠦᠮᠦᠨ ᠳᠠᠨᠢ ᠬᠡᠳᠡᠭ ᠶᠤᠮ ᠳ᠋ᠡ᠃        ᠨᠣᠮ ᠤᠩᠰᠢᠬᠤ᠄ ᠨᠣᠮ ᠤᠩᠰᠢᠬᠤ ᠳᠠᠳᠬᠠᠯ ᠲᠠᠢ ᠪᠣᠯᠬᠤ ᠨᠢ ᠥᠪᠡᠷ ᠢ ᠪᠠᠨ ᠪᠠᠶᠢᠩᠭᠤ ᠮᠡᠳᠡᠯᠭᠡᠵᠢᠭᠦᠯᠵᠦ  ᠪᠠᠶᠢᠭ᠎ᠠ ᠶᠠᠪᠤᠳᠠᠯ ᠪᠣᠯᠣᠨ᠎ᠠ᠃ ᠢᠯᠠᠩᠭᠤᠶ᠎ᠠ ᠨᠡᠶᠢᠬᠡᠮ ᠳᠡᠭᠡᠷ᠎ᠡ ᠭᠠᠷᠴᠦ ᠠᠵᠢᠯᠯᠠᠭᠰᠠᠨ ᠤ ᠳᠠᠷᠠᠭ᠎ᠠ᠂ ᠨᠣᠮ ᠤᠩᠰᠢᠬᠤ  ᠨᠢ  ᠰᠢᠯᠭᠠᠯᠲᠠ   ᠶᠢ ᠠᠷᠭᠠᠴᠠᠭᠠᠬᠤ ᠪᠢᠰᠢ᠂ ᠬᠠᠷᠢᠨ ᠮᠡᠳᠡᠯᠬᠡ ᠪᠠᠨ ᠳᠡᠯᠡᠵᠦ᠂ ᠴᠢᠳᠠᠪᠤᠷᠢ ᠪᠠᠨ ᠳᠡᠭᠡᠭᠰᠢᠯᠡᠬᠦᠯᠬᠦ ᠶᠢᠨ ᠲᠥᠯᠥᠭᠡ ᠪᠠᠶᠢᠳᠠᠭ᠃  ᠮᠢᠩᠭᠠᠨ ᠮᠠᠯ ᠲᠠᠢ ᠶᠠᠪᠤᠬᠤ ᠠᠴᠠ ᠮᠢᠩᠭᠠᠨ ᠨᠤᠮ ᠤᠩᠰᠢᠵᠤ ᠶᠠᠪᠤ ᠬᠡᠳᠡᠭ᠃        ᠵᠣᠷᠢᠭ ᠢᠶᠠᠨ ᠳᠠᠶᠢᠴᠢᠯᠠᠬᠤ᠄ ᠤᠷᠲᠤ ᠬᠤᠭᠤᠴᠠᠭ᠎ᠠ ᠪᠠᠷ ᠠᠩᠬᠠᠷᠤᠯ ᠢᠶᠠᠨ  ᠳᠦᠪᠯᠡᠷᠡᠬᠦᠯᠵᠦ  ᠴᠢᠳᠠᠳᠠᠭ  ᠦᠬᠡᠢ   ᠨᠢ ᠤᠳᠤ ᠶᠢᠨ ᠬᠦᠮᠦᠰ ᠲᠤ ᠲᠤᠯᠭᠠᠷᠠᠵᠤ ᠪᠠᠶᠢᠭ᠎ᠠ ᠨᠡᠶᠢᠳᠡᠮ ᠤᠨ ᠠᠰᠠᠭᠤᠳᠠᠯ ᠤᠨ ᠨᠢᠬᠡ ᠪᠣᠯᠵᠠᠢ᠃  ᠬᠢᠬᠦ  ᠵᠤᠶᠢᠯ  ᠮᠠᠰᠢ  ᠣᠯᠠᠨ ᠪᠠᠶᠢᠭ᠎ᠠ ᠪᠣᠯᠪᠠᠴᠤ ᠬᠠᠶᠢᠩᠭᠤ ᠬᠠᠨᠳᠣᠬᠰᠠᠨ ᠠᠴᠠ ᠪᠤᠯᠵᠦ ᠦᠷ᠎ᠡ ᠪᠦᠲᠦᠮᠵᠢ ᠣᠯᠳᠠᠭ ᠦᠭᠡᠢ᠃ ᠡᠶᠢᠮᠦ ᠪᠤᠯᠬᠤᠷ  ᠬᠢᠶ᠎ᠡ  ᠬᠡᠵᠦ ᠪᠤᠳᠣᠬᠰᠠᠨ ᠵᠣᠶᠢᠯ ᠳᠡᠭᠡᠷ᠎ᠡ ᠪᠠᠨ ᠪᠦᠬᠦ ᠰᠡᠳᠬᠢᠯ ᠵᠢᠷᠦᠬᠡ ᠪᠠᠨ ᠳᠠᠶᠢᠴᠢᠯᠠᠬᠤ ᠬᠡᠷᠡᠭᠳᠡᠢ᠃ ᠵᠤᠷᠢᠭ  ᠪᠠᠶᠢᠪᠠᠯ  ᠵᠤᠷᠢᠬᠰᠠᠨ ᠳᠠᠭᠠᠨ ᠬᠦᠷᠦᠨ᠎ᠡ ᠬᠡᠳᠡᠭ ᠪᠢᠰᠢᠦ᠃        ᠠᠮᠢᠳᠣᠷᠠᠯ ᠢ ᠮᠡᠳᠡᠷᠡᠬᠦ᠄ ᠬᠥᠮᠥᠨ ᠬᠡᠴᠢᠨᠡᠨ ᠠᠭᠤᠷᠯᠠᠵᠦ ᠪᠤᠬᠢᠨᠢᠳᠣᠬᠰᠠᠨ  ᠴᠤ᠂  ᠨᠢᠭᠡᠨᠲᠡ  ᠡᠭᠦᠰᠦᠭᠰᠡᠨ  ᠤᠴᠢᠷ ᠢ ᠬᠤᠪᠢᠷᠠᠭᠤᠯᠵᠤ ᠴᠢᠳᠠᠬᠤ ᠦᠭᠡᠢ ᠣᠴᠢᠷ ᠠᠴᠠ᠂ ᠰᠡᠳᠬᠢᠯ ᠢᠶᠠᠨ ᠵᠠᠰᠠᠵᠦ ᠪᠤᠬᠢᠨᠢᠳᠣᠯ ᠠᠴᠠ ᠪᠠᠨ ᠭᠠᠷᠬᠤ ᠭᠡᠷᠡᠭᠳᠡᠢ᠃ ᠤᠷᠮ᠎ᠠ ᠮᠠᠭᠤᠲᠠᠢ  ᠪᠠᠶᠢᠭ᠎ᠠ  ᠦᠶ᠎ᠡ ᠳᠡᠭᠡᠨ  ᠳᠣᠷᠠᠳᠠᠢ  ᠶᠠᠭᠤᠮ᠎ᠠ   ᠪᠠᠨ  ᠢᠳᠡᠵᠦ᠂  ᠬᠠᠶᠠ  ᠨᠢᠬᠡ  ᠺᠢᠨᠣ᠋  ᠦᠵᠡᠵᠦ᠂   ᠲᠠᠮᠢᠷ ᠤᠨ ᠬᠥᠳᠡᠯᠭᠡᠭᠡᠨ ᠳᠤ ᠣᠷᠣᠯᠴᠠᠨ᠂ ᠭᠡᠷ ᠳᠡᠷᠬᠡ ᠪᠠᠨ ᠴᠡᠪᠡᠷᠯᠡᠬᠦ ᠬᠡᠬᠦ  ᠮᠡᠲᠦ   ᠪᠠᠷ  ᠠᠩᠬᠠᠷᠣᠯ ᠢᠶᠠᠨ  ᠦᠭᠡᠷ᠎ᠡ  ᠵᠣᠶᠢᠯ  ᠣᠷᠣᠭᠤ ᠰᠢᠯᠵᠢᠬᠦᠯᠵᠦ ᠪᠠᠶᠢᠭᠠᠳ ᠰᠡᠳᠬᠢᠯ ᠤᠨ ᠪᠤᠬᠢᠨᠢᠳᠣᠯ ᠢᠶᠠᠨ ᠲᠠᠶᠢᠯᠵᠤ  ᠪᠤᠯᠳᠠᠭ᠃  ᠢᠩᠬᠢᠪᠡᠯ  ᠰᠠᠶ᠋ᠢ  ᠠᠮᠢᠳᠤᠷᠠᠯ   ᠤᠨ  ᠰᠠᠶᠢᠨ ᠰᠠᠶᠢᠬᠠᠨ ᠢ ᠮᠡᠳᠡᠷᠡᠵᠦ ᠴᠢᠳᠠᠨ᠎ᠠ᠃ ᠠᠮᠢᠳᠣᠷᠠᠯ ᠳᠤ ᠪᠠᠶᠠᠷ ᠪᠠᠶᠠᠰᠬᠤᠯᠠᠩ ᠢᠨᠢᠶᠡᠳᠦ ᠬᠦᠷ ᠠᠴᠠ ᠦᠭᠡᠷ᠎ᠡ ᠶᠡᠭᠤ ᠬᠡᠷᠡᠭᠳᠡᠢ ᠪᠢᠯᠡ ᠳ᠋ᠠ︕                                    ᠬᠦᠳᠡᠯᠬᠡᠬᠡᠨ ᠬᠢᠬᠦ᠄ ᠵᠠᠪᠠᠯ ᠪᠡᠶ᠎ᠡ ᠪᠣᠯᠪᠠᠰᠤᠷᠠᠭᠤᠯᠬᠤ ᠭᠠᠵᠠᠷ ᠲᠤ ᠣᠴᠢ ᠭᠡᠰᠡᠨ ᠪᠢᠰᠢ᠂ ᠵᠠᠪ  ᠯᠠ  ᠭᠠᠷᠪᠠᠯ  ᠬᠡᠵᠢᠶ᠎ᠡ ᠬᠠᠮᠢᠭ᠎ᠠ ᠴᠤ ᠶᠠᠭᠠᠬᠢᠬᠤᠪ᠂ ᠪᠡᠶ᠎ᠡ ᠮᠠᠬᠠᠪᠤᠤᠨ ᠢᠶᠠᠨ ᠪᠤᠯᠪᠠᠰᠤᠷᠠᠭᠤᠯᠵᠤ ᠪᠠᠢ᠃ ᠲᠠᠺᠰᠢ ᠳᠤ ᠰᠠᠭᠤᠬᠤ ᠶᠢᠨ  ᠣᠷᠣᠨ ᠳᠤ  ᠬᠠᠶᠠ ᠪᠠᠰᠠ ᠳᠤᠭᠤᠢ ᠣᠨᠣᠵᠦ᠂ ᠭᠡᠷ ᠲᠡᠭᠡᠨ ᠣᠷᠣᠬᠤ ᠳᠠᠭᠠᠨ ᠴᠠᠬᠢᠯᠭᠠᠨ ᠱᠠᠲᠤᠨ ᠳᠤ ᠪᠢᠰᠢ ᠬᠠᠶᠠ  ᠱᠠᠳᠦ  ᠠᠪᠠᠷᠢᠵᠤ᠂  ᠬᠥᠯᠥᠰᠦ ᠪᠠᠨ ᠭᠠᠷᠭᠠᠵᠦ ᠪᠠᠶᠢᠪᠠᠯ ᠰᠠᠶᠢᠨ᠃ ᠪᠠᠷᠢᠮᠳᠠᠯᠠᠭᠠᠳ  ᠪᠠᠶᠢᠪᠠᠯ  ᠪᠡᠶᠡᠨ   ᠳᠤ  ᠴᠢᠨᠢ  ᠬᠤᠪᠢᠷᠠᠯᠳᠠ  ᠭᠠᠷᠬᠤ  ᠶᠤᠮ᠃  ᠬᠦᠮᠦᠨ ᠬᠦᠭᠰᠢᠷᠡᠵᠦ ᠦᠬᠦᠬᠦ ᠦᠬᠡᠢ ᠬᠦᠰᠢᠵᠦ ᠦᠬᠦᠨ᠎ᠡ ᠬᠡᠳᠡᠭ ᠪᠢᠰᠢᠦ᠃                                      ᠳᠠᠳᠬᠠᠯ ᠢᠶᠠᠨ ᠪᠠᠷᠢᠮᠲᠠᠯᠠᠬᠤ᠄ ᠰᠠᠶᠢᠨ ᠰᠠᠶᠢᠬᠠᠨ ᠠᠮᠢᠳᠣᠷᠠᠯ ᠤᠨ ᠳᠠᠳᠬᠠᠯ ᠢᠶᠠᠨ ᠪᠠᠷᠢᠮᠲᠠᠯᠠᠬᠤ ᠨᠢ ᠰᠠᠶ᠋ᠢ ᠬᠠᠮᠤᠭ ᠤᠨ ᠴᠢᠬᠤᠯᠠ ᠪᠠᠶᠢᠳᠠᠭ᠃ ᠶᠢᠷᠲᠢᠨᠴᠦ ᠳᠡᠭᠡᠷ᠎ᠡ ᠴᠢᠷᠮᠠᠶᠢᠯᠭ᠎ᠠ ᠬᠤᠭᠤᠰᠳᠠᠬᠤ ᠶᠤᠰᠣ ᠦᠭᠡᠢ᠂ ᠡᠳᠡᠭᠡᠷ ᠰᠠᠶᠢᠨ ᠰᠠᠶᠢᠬᠠᠨ ᠳᠠᠳᠬᠠᠯ   ᠨᠢ ᠲᠠᠨ ᠢ ᠰᠢᠭᠤᠳ  ᠠᠮᠵᠢᠯᠲᠠ ᠳᠤ  ᠬᠦᠷᠭᠡᠳᠡᠭ  ᠦᠬᠡᠢ  ᠴᠦ  ᠭᠡᠰᠡᠨ  ᠮᠦᠷᠦᠬᠡᠳᠦᠯ  ᠲᠡᠮᠡᠦᠯᠦᠯ   ᠳᠡᠭᠡᠨ  ᠬᠦᠷᠬᠦ ᠳᠤ  ᠴᠢᠨᠢ ᠳᠣᠰᠠᠯᠠᠳᠠᠭ᠃ ᠴᠢᠷᠮᠠᠶᠢᠯᠭ᠎ᠠ ᠬᠦᠮᠦᠨ ᠢ ᠭᠤᠮᠤᠳᠠᠭᠠᠳᠠᠭ ᠦᠬᠡᠢ ᠬᠡᠳᠡᠭ ᠪᠢᠵᠡ ᠳ᠋ᠡ︕      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号