ᠦᠬᠡᠷ ᠤᠨ ᠬᠢᠮᠤᠷᠠᠭ᠎ᠠ ᠶᠢᠨ ᠬᠡᠳᠦᠨ ᠰᠢᠯᠲᠠᠭᠠᠨ
ᠨᠡᠶᠢᠲᠡᠯᠡᠭᠰᠡᠨ ᠴᠠᠭ᠄
2023/11/21
      ᠦᠬᠡᠷ ᠤᠨ ᠬᠢᠮᠤᠷᠠᠭ᠎ᠠ ᠶᠢᠨ ᠰᠢᠯᠲᠠᠭᠠᠨ ᠮᠠᠰᠢ ᠣᠯᠠᠨ ᠪᠠᠶᠢᠳᠠᠭ᠃ ᠵᠢᠱᠢᠶᠡᠯᠡᠪᠡᠯ᠂ ᠴᠠᠭ ᠠᠭᠤᠷ ᠤᠨ  ᠭᠡᠨᠡᠳᠲᠡ ᠶᠢᠨ ᠬᠤᠪᠢᠷᠠᠯᠲᠠ ᠠᠴᠠ ᠪᠣᠯᠵᠤ ᠦᠬᠡᠷ ᠲᠠᠭᠰᠢᠭᠤᠷ ᠲᠤ ᠨᠡᠷᠪᠡᠭᠳᠡᠵᠦ᠂ ᠢᠳᠡᠭᠡᠨ ᠤᠮᠳᠠᠭᠠᠨ ᠵᠣᠬᠢᠰ  ᠦᠭᠡᠢ ᠠᠴᠠ ᠪᠣᠯᠤᠭᠰᠠᠨ ᠬᠢᠮᠤᠷᠠᠭ᠎ᠠ᠂ ᠤᠷᠲᠤ ᠬᠤᠭᠤᠴᠠᠭ᠎ᠠ ᠪᠠᠷ ᠵᠥᠭᠡᠭᠡᠪᠦᠷᠢᠯᠡᠬᠦ ᠪᠠᠷ ᠳᠠᠮᠵᠢᠨ ᠪᠡᠶ᠎ᠡ ᠶᠢᠨ  ᠠᠵᠢᠯᠯᠠᠭ᠎ᠠ ᠶᠢ ᠮᠠᠭᠤᠳᠠᠭᠤᠯᠤᠭᠰᠠᠨ ᠠᠴᠠ ᠪᠣᠯᠤᠭᠰᠠᠨ ᠬᠢᠮᠤᠷᠠᠭ᠎ᠠ᠂ ᠲᠡᠵᠢᠭᠡᠨ ᠦᠷᠡᠵᠢᠭᠦᠯᠬᠦ ᠲᠠᠯᠠᠪᠤᠷ ᠤᠨ ᠤᠷᠲᠤ  ᠬᠤᠭᠤᠴᠠᠭᠠᠨ ᠤ ᠴᠢᠬᠢᠭᠳᠦᠯ ᠠᠴᠠ ᠪᠣᠯᠤᠭᠰᠠᠨ ᠬᠢᠮᠤᠷᠠᠭ᠎ᠠ᠂ ᠬᠥᠳᠡᠯᠭᠡᠭᠡᠨ ᠭᠡᠲᠦᠷᠡᠵᠦ ᠬᠥᠯᠥᠰᠦ ᠭᠠᠷᠤᠭᠰᠠᠨ ᠠᠴᠠ  ᠪᠣᠯᠤᠭᠰᠠᠨ ᠬᠢᠮᠤᠷᠠᠭ᠎ᠠ᠂ ᠤᠷᠲᠤ ᠬᠤᠭᠤᠴᠠᠭ᠎ᠠ ᠪᠠᠷ ᠬᠥᠳᠡᠯᠭᠡᠭᠡᠨ ᠬᠢᠭᠰᠡᠨ ᠦᠭᠡᠢ ᠠᠴᠠ ᠪᠣᠯᠵᠤ ᠪᠡᠶ᠎ᠡ ᠮᠠᠬᠠᠪᠤᠳ  ᠮᠠᠭᠤᠳᠠᠭᠰᠠᠨ ᠠᠴᠠ ᠪᠣᠯᠤᠭᠰᠠᠨ ᠬᠢᠮᠤᠷᠠᠭ᠎ᠠ ᠵᠢᠴᠢ ᠪᠣᠷᠣᠭᠠᠨ ᠳᠤ ᠨᠣᠷᠣᠭᠳᠠᠭᠰᠠᠨ ᠤ ᠳᠠᠷᠠᠭ᠎ᠠ ᠰᠡᠷᠭᠡᠶᠢᠯᠡᠬᠦ ᠠᠷᠭ᠎ᠠ  ᠬᠡᠮᠵᠢᠶ᠎ᠡ ᠠᠪᠤᠭᠰᠠᠨ ᠦᠭᠡᠢ ᠠᠴᠠ ᠪᠣᠯᠤᠭᠰᠠᠨ ᠬᠢᠮᠤᠷᠠᠭ᠎ᠠ ᠵᠡᠷᠭᠡ᠃ ᠡᠳᠡᠭᠡᠷ ᠨᠢ ᠴᠥᠮ ᠦᠬᠡᠷ ᠤᠨ ᠬᠢᠮᠤᠷᠠᠭ᠎ᠠ ᠶᠢ  ᠡᠭᠦᠰᠬᠡᠭᠰᠡᠨ ᠰᠢᠯᠲᠠᠭᠠᠨ ᠪᠣᠯᠣᠨ᠎ᠠ᠃            ᠬᠢᠮᠤᠷᠠᠭ᠎ᠠ ᠡᠪᠡᠳᠴᠢᠨ ᠤ ᠰᠢᠨᠵᠢ᠄            ᠦᠬᠡᠷ ᠤᠨ ᠬᠢᠮᠤᠷᠠᠭ᠎ᠠ ᠨᠢ ᠠᠮᠢᠰᠬᠤᠯ ᠳᠠᠪᠬᠤᠴᠠᠬᠤ᠂ ᠪᠡᠶ᠎ᠡ ᠶᠢᠨ ᠳᠤᠯᠠᠭᠠᠨ ᠳᠡᠭᠡᠭᠰᠢᠯᠡᠬᠦ᠂ ᠨᠢᠳᠦ ᠨᠢ  ᠪᠦᠷᠲᠦᠯᠵᠡᠵᠦ ᠨᠢᠯᠪᠤᠰᠤ ᠭᠤᠭᠤᠵᠢᠬᠤ᠂ ᠵᠠᠷᠢᠮ ᠳᠠᠭᠠᠨ ᠬᠠᠨᠢᠶᠠᠬᠤ ᠲᠠᠢ ᠠᠳᠠᠯᠢᠪᠲᠤᠷ ᠳᠠᠭᠤᠨ ᠭᠠᠷᠴᠤ ᠡᠭᠦᠨ ᠤ  ᠬᠠᠮᠲᠤ ᠲᠦᠢᠯ ᠢᠶᠠᠷ ᠪᠠᠴᠢᠮᠳᠠᠬᠤ᠂ ᠵᠠᠷᠢᠮ ᠳᠠᠭᠠᠨ ᠪᠠᠰᠠ ᠨᠢᠰᠤ ᠭᠤᠭᠤᠵᠢᠬᠤ ᠪᠠᠶᠢᠳᠠᠯ ᠭᠠᠷᠳᠠᠭ᠂ ᠵᠠᠷᠢᠮ ᠨᠢ  ᠪᠠᠭᠠᠰᠤ ᠠᠯᠳᠠᠬᠤ᠂ ᠲᠠᠭᠤ ᠨᠢ ᠰᠥᠭᠡᠩᠭᠢᠲᠦᠬᠦ᠂ ᠢᠳᠡᠭᠡᠨ ᠤ ᠳᠤᠷᠠᠰᠢᠯ ᠮᠠᠭᠤᠳᠠᠬᠤ ᠵᠡᠷᠭᠡ ᠪᠠᠷ ᠢᠯᠡᠷᠡᠨ᠎ᠡ᠂ ᠪᠠᠰᠠ  ᠵᠠᠷᠢᠮ ᠨᠢ ᠤᠷᠤᠭᠤᠯ ᠬᠡᠯᠡ ᠨᠢ ᠴᠠᠶᠢᠷᠠᠬᠤ᠂ ᠲᠠᠮᠢᠷ ᠲᠡᠩᠬᠡᠭᠡ ᠦᠭᠡᠢ ᠪᠣᠯᠬᠤ ᠵᠢᠴᠢ ᠳᠠᠭᠵᠢᠨ ᠴᠡᠴᠡᠷᠡᠬᠦ ᠪᠠᠶᠢᠳᠠᠯ  ᠭᠠᠷᠤᠨ᠎ᠠ᠂ ᠪᠢᠳᠡ ᠴᠠᠭ ᠲᠤᠬᠠᠢ ᠳᠤ ᠨᠢ ᠡᠮᠨᠡᠨ ᠵᠠᠰᠠᠬᠤ ᠬᠡᠷᠡᠭᠲᠡᠢ᠂ ᠡᠰᠡ ᠲᠡᠭᠡᠪᠡᠯ ᠦᠬᠡᠷ ᠰᠦᠷᠡᠬᠡᠢ ᠡᠴᠡᠵᠦ  ᠲᠤᠷᠠᠬᠤ ᠪᠤᠶᠤ ᠴᠢᠨᠠᠭᠰᠢᠯᠠᠪᠠᠯ ᠦᠬᠦᠵᠦ ᠮᠡᠳᠡᠨ᠎ᠡ᠂ ᠬᠡᠯᠡᠯᠭᠡᠨ ᠦᠭᠡᠢ ᠲᠡᠭᠦᠨ ᠤ ᠡᠮ ᠤᠤᠭᠤᠬᠤ ᠦᠭᠡᠢ ᠪᠠᠷ  ᠡᠳᠡᠭᠡᠷᠡᠬᠦ ᠶᠢ ᠦᠭᠡᠶᠢᠰᠬᠡᠵᠦ ᠪᠣᠯᠬᠤ ᠦᠭᠡᠢ᠂ ᠭᠡᠪᠡᠴᠦ ᠪᠤᠯᠤᠯᠴᠠᠭᠠᠲᠤ ᠴᠢᠨᠠᠷ ᠲᠡᠶᠢᠮᠦ ᠥᠨᠳᠥᠷ ᠪᠢᠰᠢ ᠶᠤᠮ᠃            ᠬᠠᠯᠠᠭᠤᠨ ᠬᠢᠮᠤᠷᠠᠭ᠎ᠠ ︵ᠭᠠᠳᠠᠷ ᠬᠠᠯᠠᠭᠤᠨ ᠤ ᠬᠡᠯᠪᠡᠷᠢ︶᠃ ᠭᠤᠣᠯᠳᠠᠭᠤ ᠭᠠᠳᠠᠨ᠎ᠠ ᠠᠴᠠ ᠰᠠᠯᠬᠢᠨ ᠤ ᠭᠡᠮ᠂ ᠬᠠᠯᠠᠭᠤᠨ ᠤ ᠰᠢᠨᠵᠢ ᠠᠴᠠ ᠡᠭᠦᠰᠴᠦ᠂ ᠵᠢᠯ ᠤᠨ ᠳᠥᠷᠪᠡᠨ ᠤᠯᠠᠷᠢᠯ ᠳᠤ ᠪᠦᠷ ᠡᠭᠦᠰᠳᠡᠭ᠂ ᠲᠡᠭᠦᠨ ᠤ ᠭᠤᠣᠯ  ᠢᠯᠡᠷᠡᠯ ᠨᠢ᠄ ᠪᠡᠶ᠎ᠡ ᠶᠢᠨ ᠬᠠᠯᠠᠭᠤᠨ ᠳᠡᠭᠡᠭᠰᠢᠯᠡᠨ 39 — 40 ᠳᠤ ᠬᠦᠷᠴᠦ᠂ ᠠᠮᠢᠰᠬᠤᠯ ᠲᠦᠷᠭᠡᠰᠴᠦ᠂  ᠠᠮᠢᠰᠬᠤᠭ᠎ᠠ ᠭᠠᠷᠭᠠᠬᠤ ᠨᠢ ᠤᠷᠲᠤ᠂ ᠬᠠᠯᠠᠭᠤᠨ ᠲᠠᠢ ᠰᠠᠨᠠᠭᠳᠠᠬᠤ᠂ ᠠᠭᠤᠰᠬᠢᠨ ᠴᠥᠪᠥᠷᠢᠭᠦᠦ ᠶᠢᠨ ᠠᠮᠢᠰᠬᠤᠯ ᠤᠨ  ᠳᠠᠭᠤᠨ ᠪᠦᠳᠦᠭᠦᠷᠡᠬᠦ᠂ ᠰᠤᠳᠠᠯ ᠤᠨ ᠯᠤᠭᠰᠢᠯᠲᠠ ᠲᠦᠷᠭᠡᠰᠬᠦ᠂ ᠬᠤᠭᠤᠯᠠᠢ ᠬᠠᠪᠤᠳᠬᠤ᠂ ᠬᠡᠯᠡ ᠠᠮᠠ ᠨᠢ ᠤᠯᠠᠶᠢᠬᠤ  ᠂ ᠬᠠᠨᠢᠶᠠᠬᠤ ᠨᠢ ᠰᠢᠯᠤᠭᠤᠨ ᠪᠤᠰᠤ᠂ ᠲᠥᠪᠥᠩᠬᠡᠢ ᠨᠢ ᠬᠦᠨᠳᠦᠭᠦᠷᠢ ᠪᠠᠶᠢᠳᠠᠭ᠃ ᠴᠢᠬᠢ᠂ ᠬᠠᠮᠠᠷ᠂ ᠳᠥᠷᠪᠡᠨ  ᠮᠥᠴᠢ ᠨᠢ ᠪᠦᠷ ᠪᠦᠯᠢᠶᠡᠨ ᠬᠠᠯᠠᠭᠤᠨ᠂ ᠪᠠᠭᠠᠰᠤ ᠨᠢ ᠬᠠᠭᠤᠷᠠᠶᠢᠰᠢᠵᠤ᠂ ᠰᠢᠭᠡᠰᠦ ᠨᠢ ᠪᠠᠭ᠎ᠠ ᠮᠥᠷᠲᠡᠭᠡᠨ ᠰᠢᠷ᠎ᠠ  ᠪᠠᠶᠢᠳᠠᠭ᠃            ᠬᠦᠢᠲᠡᠨ ᠬᠢᠮᠤᠷᠠᠭ᠎ᠠ ︵ᠭᠠᠳᠠᠷ ᠬᠦᠢᠲᠡᠨ ᠤ ᠬᠡᠯᠪᠡᠷᠢ︶᠃ ᠭᠤᠣᠯᠳᠠᠭᠤ ᠭᠠᠳᠠᠨ᠎ᠠ ᠠᠴᠠ ᠰᠠᠯᠬᠢᠨ ᠤ ᠭᠡᠮ᠂  ᠬᠦᠢᠲᠡᠨ ᠤ ᠭᠡᠮ ᠠᠴᠠ ᠡᠭᠦᠰᠳᠡᠭ᠂ ᠡᠪᠦᠯ᠂ ᠬᠠᠪᠤᠷ ᠤᠨ ᠤᠯᠠᠷᠢᠯ ᠳᠤ ᠣᠯᠠᠨ ᠲᠣᠬᠢᠶᠠᠯᠳᠤᠳᠠᠭ᠂ ᠪᠤᠰᠤᠳ  ᠤᠯᠠᠷᠢᠯ ᠳᠤ ᠪᠠᠰᠠ ᠡᠭᠦᠰᠳᠡᠭ᠃ ᠲᠡᠭᠦᠨ ᠤ ᠭᠤᠣᠯ ᠢᠯᠡᠷᠡᠯ ᠨᠢ᠄ ᠪᠡᠶ᠎ᠡ ᠶᠢᠨ ᠬᠠᠯᠠᠭᠤᠨ ᠡᠷᠡᠭᠦᠯ ᠪᠤᠶᠤ ᠵᠢᠭᠠᠬᠠᠨ  ᠳᠡᠭᠡᠭᠰᠢᠯᠡᠬᠦ᠂ ᠴᠤᠭ ᠰᠦᠯᠳᠡ ᠮᠠᠭᠤᠳᠠᠬᠤ᠂ ᠨᠢᠰᠤ ᠭᠤᠭᠤᠵᠢᠬᠤ᠂ ᠠᠮᠠᠨ ᠤ ᠬᠥᠨᠳᠡᠢ ᠨᠢ ᠪᠦᠯᠢᠶᠡᠨ᠂ ᠦᠰᠦ  ᠠᠷᠠᠰᠤ ᠢ ᠰᠢᠷᠢᠯᠳᠦᠬᠦ᠂ ᠦᠷᠭᠦᠯᠵᠢ ᠬᠠᠨᠢᠶᠠᠬᠤ᠂ ᠵᠠᠷᠢᠮ ᠲᠠᠭᠠᠨ ᠨᠢᠰᠤ ᠭᠠᠷᠴᠤ ᠵᠠᠷᠢᠮ ᠲᠠᠭᠠᠨ ᠨᠢᠰᠤ ᠦᠭᠡᠢ᠂  ᠠᠮᠠ ᠨᠢ ᠪᠤᠭᠤᠷᠤᠯ ᠴᠠᠭᠠᠨ ᠪᠣᠯᠬᠤ ᠵᠡᠷᠭᠡ᠃            ᠬᠠᠭᠠᠰ ᠭᠠᠳᠠᠷ ᠬᠠᠭᠠᠰ ᠳᠣᠲᠣᠷ ᠬᠡᠯᠪᠡᠷᠢ ᠲᠠᠢ᠃ ᠲᠡᠭᠦᠨ ᠤ ᠭᠤᠣᠯ ᠢᠯᠡᠷᠡᠯ ᠨᠢ᠄ ᠭᠠᠳᠠᠷ  ᠬᠠᠯᠳᠠᠪᠤᠷᠢᠯᠠᠯ ᠤᠨ ᠡᠪᠡᠳᠴᠢᠨ ᠤ ᠶᠠᠪᠤᠴᠠ ᠤᠷᠲᠤᠳᠬᠠᠭᠳᠠᠬᠤ᠂ ᠪᠠᠭ᠎ᠠ ᠬᠠᠯᠠᠭᠤᠷᠠᠭᠠᠳ ᠪᠠᠭᠤᠷᠠᠬᠤ ᠦᠭᠡᠢ᠂ ᠴᠤᠭ  ᠰᠦᠯᠳᠡ ᠮᠠᠭᠤᠳᠠᠬᠤ᠂ ᠬᠠᠯᠠᠭᠤᠨ ᠬᠦᠢᠲᠡᠨ ᠰᠣᠯᠪᠢᠴᠠᠬᠤ᠂ ᠵᠢᠬᠡᠭᠦᠴᠡᠬᠦ ᠦᠶ᠎ᠡ ᠳᠤ ᠨᠢᠷᠤᠭᠤ ᠨᠢ ᠭᠤᠯᠳᠤᠩᠨᠠᠨ  ᠦᠰᠦ ᠨᠢ ᠪᠣᠰᠴᠤ᠂ ᠬᠡᠯᠡᠨ ᠤ ᠥᠩᠭᠦᠷ ᠨᠢ ᠨᠢᠮᠭᠡᠨ ᠴᠠᠭᠠᠨ ᠪᠣᠯᠬᠤ ᠵᠡᠷᠭᠡ᠃            ᠰᠡᠷᠭᠡᠶᠢᠯᠡᠨ ᠵᠠᠰᠠᠬᠤ ᠠᠷᠭ᠎ᠠ᠄            ᠬᠡᠯᠡᠯᠭᠡᠨ ᠦᠭᠡᠢ ᠦᠬᠡᠷ ᠤᠨ ᠬᠢᠮᠤᠷᠠᠭᠠᠨ ᠤ ᠠᠳᠠᠯᠢ ᠪᠤᠰᠤ ᠢᠯᠡᠷᠡᠯ ᠢ ᠦᠨᠳᠦᠰᠦᠯᠡᠨ ᠠᠳᠠᠯᠢ ᠪᠤᠰᠤ ᠶᠢᠨ  ᠰᠡᠷᠭᠡᠶᠢᠯᠡᠨ ᠵᠠᠰᠠᠬᠤ ᠠᠷᠭ᠎ᠠ ᠪᠠᠶᠢᠳᠠᠭ᠂ ᠭᠡᠪᠡᠴᠦ ᠬᠠᠮᠤᠭ ᠤᠨ ᠭᠤᠣᠯ ᠨᠢ ᠬᠢᠮᠤᠷᠠᠭ᠎ᠠ ᠶᠢ ᠰᠡᠷᠭᠡᠶᠢᠯᠡᠬᠦ ᠪᠠᠷ ᠭᠤᠣᠯ  ᠪᠣᠯᠭᠠᠨ᠎ᠠ᠃ ᠪᠢᠳᠡ ᠬᠢᠵᠢᠭ ᠤᠨ ᠬᠤᠨᠴᠢᠷ ᠤᠨ ᠦᠢᠯᠡᠳᠦᠯ ᠢ ᠨᠡᠮᠡᠬᠦ ᠪᠠᠷ ᠳᠠᠮᠵᠢᠨ ᠡᠪᠡᠳᠴᠢᠨ ᠢ ᠡᠰᠡᠷᠭᠦᠴᠡᠬᠦ  ᠴᠢᠳᠠᠪᠤᠷᠢ ᠶᠢ ᠨᠢ ᠳᠡᠭᠡᠭᠰᠢᠯᠡᠭᠦᠯᠵᠦ ᠪᠣᠯᠣᠨ᠎ᠠ᠂ ᠳᠠᠷᠠᠭ᠎ᠠ ᠳᠤ ᠨᠢ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ  ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠢ ᠳᠤ ᠨᠢ ᠦᠬᠡᠷ ᠤᠨ ᠬᠠᠰᠢᠶ᠎ᠠ ᠶᠢ ᠴᠡᠪᠡᠷᠯᠡᠬᠦ ᠶᠢᠨ ᠬᠠᠮᠲᠤ ᠦᠬᠡᠷ ᠤᠨ  ᠬᠠᠰᠢᠶ᠎ᠠ ᠶᠢᠨ ᠬᠠᠭᠤᠷᠠᠢ ᠠᠷᠢᠭᠤᠨ ᠴᠡᠪᠡᠷ ᠢ ᠪᠠᠲᠤᠯᠠᠵᠤ᠂ ᠲᠣᠭᠲᠠᠭᠰᠠᠨ ᠴᠠᠭ ᠦᠭᠡᠢ ᠪᠠᠷ ᠠᠷᠢᠭᠤᠳᠬᠠᠵᠤ  ᠪᠠᠺᠲ᠋ᠧᠷᠢ ᠶᠢ ᠨᠢ ᠤᠰᠠᠳᠬᠠᠨ᠎ᠠ᠃ ᠲᠡᠵᠢᠭᠡᠯ ᠪᠣᠷᠳᠤᠭ᠎ᠠ ᠳᠤ ᠴᠢᠨᠠᠷ ᠮᠠᠭᠤᠲᠠᠢ ᠦᠢᠯᠡᠳᠬᠦᠨ ᠪᠤᠶᠤ ᠬᠤᠭᠤᠴᠠᠭ᠎ᠠ ᠨᠢ  ᠥᠩᠭᠡᠷᠡᠭᠰᠡᠨ ᠦᠢᠯᠡᠳᠬᠦᠨ ᠢ ᠢᠳᠡᠭᠦᠯᠵᠦ ᠪᠣᠯᠬᠤ ᠦᠭᠡᠢ᠂ ᠤᠤᠭᠤᠬᠤ ᠤᠰᠤ ᠶᠢ ᠴᠡᠪᠡᠷ ᠪᠥᠭᠡᠳ ᠪᠣᠬᠢᠷᠳᠤᠯ  ᠦᠭᠡᠢ ᠪᠠᠶᠢᠯᠭᠠᠬᠤ ᠬᠡᠷᠡᠭᠲᠡᠢ᠃ ᠬᠡᠷᠪᠡ ᠪᠣᠷᠣᠭᠠᠨ ᠳᠤ ᠨᠣᠷᠣᠭᠳᠠᠭᠰᠠᠨ ᠪᠠᠶᠢᠪᠠᠯ ᠳᠤᠯᠠᠭᠠᠯᠠᠵᠤ ᠥᠭᠪᠡᠯ ᠵᠣᠬᠢᠨ᠎ᠠ᠂  ᠡᠰᠡ ᠲᠡᠭᠡᠪᠡᠯ ᠬᠢᠮᠤᠷᠠᠭ᠎ᠠ ᠳᠤ ᠨᠡᠷᠪᠡᠭᠳᠡᠵᠦ ᠮᠡᠳᠡᠨ᠎ᠡ᠃ ᠬᠠᠮᠤᠭ ᠰᠡᠭᠦᠯ ᠳᠤ ᠨᠢ ᠬᠡᠷᠪᠡ ᠬᠢᠮᠤᠷᠠᠭᠰᠠᠨ ᠪᠠᠶᠢᠪᠠᠯ  ᠳᠠᠷᠦ᠋ᠢᠬᠠᠨ ᠲᠤᠰᠠᠭᠠᠷᠯᠠᠨ᠎ᠠ᠂ ᠡᠰᠡ ᠲᠡᠭᠡᠪᠡᠯ ᠬᠠᠯᠳᠠᠪᠤᠷᠢᠯᠠᠵᠤ ᠮᠡᠳᠡᠨ᠎ᠡ᠂ ᠳᠠᠷᠠᠭ᠎ᠠ ᠳᠤ ᠨᠢ ᠡᠪᠡᠰᠦ ᠪᠣᠷᠳᠤᠭ᠎ᠠ ᠶᠢ  ᠢᠯᠡᠭᠦᠬᠡᠨ ᠢᠳᠡᠭᠦᠯᠬᠦ ᠶᠢᠨ ᠬᠠᠮᠲᠤ ᠰᠤ᠋ ᠢ ᠳ᠋ᠠ ᠲᠠᠷᠢᠯᠭ᠎ᠠ ᠶᠢ ᠵᠡᠭᠦᠯᠡᠵᠦ ᠪᠣᠯᠤᠨ᠎ᠠ᠃
 
ᠢᠷᠡᠯᠲᠡ᠄ ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号