ᠰᠠᠭᠠᠭ ᠲᠤ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠲᠤᠬᠠᠢ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2023/11/21
      ᠨᠢᠭᠡ᠂ ᠪᠣᠷᠳᠣᠭᠤᠷ ᠣᠷᠣᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠪᠠ ᠪᠣᠷᠳᠣᠭᠤᠷ ᠣᠷᠣᠭᠤᠯᠬᠤ  ᠵᠠᠷᠴᠢᠮ            ᠰᠠᠭᠠᠭ ᠲᠤ ᠣᠷᠭᠠᠨᠢᠭ ᠪᠣᠷᠳᠣᠭᠤᠷ ᠢ ᠭᠡᠷᠡᠭᠯᠡᠭᠰᠡᠨ ᠨᠢ ᠳᠤᠳᠠᠮᠠᠭ᠂ ᠴᠢᠨᠠᠭᠰᠢᠯᠠᠪᠠᠯ ᠣᠷᠭᠠᠨᠢᠭ ᠪᠣᠷᠳᠣᠭᠤᠷ ᠢ  ᠬᠡᠷᠡᠭᠯᠡᠬᠦ ᠦᠭᠡᠢ᠂ ᠠᠽᠣᠲ ᠪᠣᠷᠳᠣᠭᠤᠷ ᠢ ᠶᠡᠭᠡ ᠬᠡᠮᠵᠢᠶ᠎ᠡ ᠪᠠᠷ ᠬᠡᠷᠡᠭᠯᠡᠬᠦ᠂ ᠺᠠᠯᠢ ᠶᠢᠨ ᠪᠣᠷᠳᠣᠭᠤᠷ ᠢ  ᠦᠨᠳᠦᠰᠦᠨ ᠳᠤ ᠪᠠᠨ ᠬᠡᠷᠡᠭᠯᠡᠬᠦ ᠦᠭᠡᠢ ᠵᠡᠷᠭᠡ ᠭᠤᠣᠯ ᠠᠰᠠᠭᠤᠳᠠᠯ ᠳᠤ ᠴᠢᠭᠯᠡᠭᠦᠯᠦᠨ᠂ ᠶᠡᠷᠦᠩᠬᠡᠢ ᠳᠤ ᠨᠢ  ᠪᠣᠷᠳᠣᠭᠤᠷ ᠣᠷᠣᠭᠤᠯᠬᠤ ᠲᠠᠯ᠎ᠠ ᠪᠠᠷ ᠳᠣᠣᠷᠠᠬᠢ ᠵᠠᠷᠴᠢᠮ ᠤᠳ ᠢ ᠳᠤᠷᠠᠳᠪᠠ᠄            1. ᠰᠠᠭᠤᠷᠢ ᠪᠣᠷᠳᠣᠭᠤᠷ ᠣᠷᠣᠭᠤᠯᠬᠤ ᠬᠠᠷᠢᠴᠠᠯ ᠢ ᠨᠡᠮᠡᠭᠳᠡᠭᠦᠯᠵᠦ᠂ ᠮᠦ ᠪᠦᠷᠢ ᠳᠤ 1000~2000  ᠺᠢᠯᠣᠭ᠍ᠷᠠᠮ ᠣᠷᠣᠭᠤᠯᠪᠠᠯ ᠵᠣᠬᠢᠨ᠎ᠠ︔            2. ᠬᠥᠷᠥᠰᠥ ᠰᠢᠷᠣᠢ ᠶᠢᠨ ᠥᠩ ᠰᠢᠮ᠎ᠡ ᠶᠢᠨ ᠨᠥᠬᠦᠴᠡᠯ ᠢ ᠦᠨᠳᠦᠰᠦᠯᠡᠨ᠂ ᠠᠽᠣᠲ ᠪᠣᠷᠳᠣᠭᠤᠷ  ᠬᠡᠷᠡᠭᠯᠡᠬᠦ ᠬᠡᠮᠵᠢᠶ᠎ᠡ ᠶᠢ ᠵᠣᠬᠢᠰᠲᠠᠢ ᠪᠠᠷ ᠲᠣᠬᠢᠷᠠᠭᠤᠯᠤᠨ ᠪᠠᠭᠠᠰᠬᠠᠵᠤ᠂ ᠺᠠᠯᠢ ᠪᠣᠷᠳᠣᠭᠤᠷ ᠣᠷᠣᠭᠤᠯᠤᠨ᠎ᠠ᠃            ᠬᠤᠶᠠᠷ᠂ ᠪᠣᠷᠳᠣᠭᠤᠷ ᠣᠷᠣᠭᠤᠯᠬᠤ ᠰᠠᠨᠠᠭᠤᠯᠭ᠎ᠠ       ︵ᠳᠣᠣᠷ᠎ᠠ ᠳᠤᠷᠠᠳᠤᠭᠰᠠᠨ ᠪᠣᠷᠳᠣᠭᠤᠷ ᠣᠷᠣᠭᠤᠯᠬᠤ ᠬᠡᠮᠵᠢᠶ᠎ᠡ ᠶᠢ ᠴᠥᠮ ᠴᠡᠪᠡᠷ ᠬᠡᠮᠵᠢᠶ᠎ᠡ ᠪᠠᠷ  ᠪᠠᠶᠢᠯᠭᠠᠬᠤ ᠪᠠᠷ ᠰᠠᠨᠠᠭᠤᠯᠤᠶ᠎ᠠ︶            1. ᠮᠦ ᠪᠦᠷᠢ ᠳᠤ 100~150 ᠺᠢᠯᠣᠭ᠍ᠷᠠᠮ ᠤᠨᠠᠯᠳᠠ ᠲᠠᠢ ᠰᠠᠭᠠᠭ ᠤᠨ ᠳᠠᠷᠢᠶᠠᠨ ᠭᠠᠵᠠᠷ ᠲᠤ᠂  ᠠᠽᠣᠲ ᠪᠣᠷᠳᠣᠭᠤᠷ ︵N︶ 4~7 ᠺᠢᠯᠣᠭ᠍ᠷᠠᠮ᠂ ᠹᠣᠰᠹᠣᠷ ᠪᠣᠷᠳᠣᠭᠤᠷ ︵P2O5︶ 1~5 ᠺᠢᠯᠣᠭ᠍ᠷᠠᠮ᠂  ᠺᠠᠯᠢ ᠪᠣᠷᠳᠣᠭᠤᠷ ︵K2O︶ 1~3 ᠺᠢᠯᠣᠭ᠍ᠷᠠᠮ ᠭᠡᠷᠡᠭᠯᠡᠵᠦ ᠪᠤᠯᠤᠨ᠎ᠠ᠃            2. ᠰᠠᠭᠠᠭ ᠤᠨ ᠤᠨᠠᠯᠳᠠ ᠨᠢ ᠬᠡᠷᠪᠡ ᠮᠦ ᠪᠦᠷᠢ ᠳᠤ 150 ᠺᠢᠯᠣᠭ᠍ᠷᠠᠮ ᠠᠴᠠ ᠳᠡᠭᠡᠭᠰᠢ ᠪᠠᠶᠢᠪᠠᠯ ᠠᠽᠣᠲ  ᠪᠣᠷᠳᠣᠭᠤᠷ ︵N︶ 7~10 ᠺᠢᠯᠣᠭ᠍ᠷᠠᠮ᠂ ᠹᠣᠰᠹᠣᠷ ᠪᠣᠷᠳᠣᠭᠤᠷ ︵P2O5︶ 5~7 ᠺᠢᠯᠣᠭ᠍ᠷᠠᠮ᠂ ᠺᠠᠯᠢ ᠶᠢᠨ  ᠪᠣᠷᠳᠣᠭᠤᠷ ︵K2O︶ 3~4 ᠺᠢᠯᠣᠭ᠍ᠷᠠᠮ ᠭᠡᠷᠡᠭᠯᠡᠵᠦ ᠪᠤᠯᠤᠨ᠎ᠠ᠃            ᠴᠡᠪᠡᠷ ᠬᠡᠮᠵᠢᠶ᠎ᠡ ᠶᠢ ᠰᠣᠯᠢᠵᠤ ᠪᠤᠳᠤᠬᠤ ᠠᠷᠭ᠎ᠠ ᠶᠢ ᠡᠷᠳᠡᠨᠢ ᠰᠢᠰᠢ ᠶᠢᠨ ᠪᠣᠷᠳᠣᠭᠤᠷ ᠣᠷᠣᠭᠤᠯᠬᠤ  ᠬᠡᠮᠵᠢᠶ᠎ᠡ ᠶᠢ ᠰᠣᠯᠢᠵᠤ ᠪᠤᠳᠤᠬᠤ ᠠᠷᠭ᠎ᠠ ᠪᠠᠷ ᠯᠠᠪᠯᠠᠯᠲᠠ ᠪᠣᠯᠭᠠᠨ᠎ᠠ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号