︽ᠳᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/21
      ︽ᠳᠠᠷᠬᠠᠨ ᠮᠤᠤᠮᠢᠩᠭᠠᠨ ᠬᠤᠰᠢᠭᠤᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠳᠦᠷᠢᠮ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢᠨᠢᠭᠡ᠂ ᠲᠣᠭᠲᠠᠭᠠᠭᠰᠠᠨ ᠠᠬᠤᠶ ᠪᠠᠶᠢᠳᠠᠯ      ︽ᠪᠡᠯᠡ ᠣᠷᠣᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠥᠷᠥ ᠲᠠᠷᠬᠠᠭᠠᠭᠰᠠᠨ [ 2004] 20 ᠳ᠋ᠤᠭᠠᠷ ᠲᠣᠭᠠᠲᠤ︶ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠠᠷᠭ᠎ᠠ ᠮᠠᠶᠢᠭ ᠢᠶᠠᠨ ᠰᠠᠶᠢᠵᠢᠷᠠᠭᠤᠯᠬᠤ︾ ᠳᠠᠭᠠᠨ᠄ ︽ᠡᠵᠡᠩᠨᠡᠯᠲᠡ ᠶᠢᠨ ᠪᠤᠰᠤ ᠴᠢᠨᠠᠷᠲᠠᠶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ  ︿ ᠣᠷᠣᠯᠠᠨ ᠪᠠᠶᠢᠭᠤᠯᠬᠤ ᠳᠦᠷᠢᠮ﹀ ᠢ ᠲᠦᠷᠭᠡᠳᠬᠡᠨ ᠶᠠᠪᠤᠭᠤᠯᠬᠤ᠂ ᠲᠤᠬᠠᠶᠢᠯᠠᠪᠠᠯ ᠳᠠᠭᠠᠭᠠᠴᠢᠯᠠᠯᠲᠠ ᠵᠠᠷᠯᠠᠬᠤ ᠵᠡᠷᠭᠡ ᠠᠷᠭ᠎ᠠ ᠮᠠᠶᠢᠭ ᠢᠶᠠᠷ ᠳᠠᠮᠵᠢᠭᠤᠯᠤᠨ᠂ ᠲᠤᠰᠬᠠᠶᠢᠵᠢᠭᠰᠠᠨ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠶᠢ ᠰᠣᠩᠭᠤᠵᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢ ᠬᠠᠷᠢᠭᠤᠴᠠᠨ᠂ ᠲᠥᠷᠥᠯ ᠵᠦᠢᠯ ᠤᠨ ᠪᠡᠯᠡ ᠣᠷᠣᠭᠤᠯᠤᠯᠲᠠ᠂ ᠶᠠᠰᠤ ᠴᠢᠨᠠᠷ ᠪᠣᠯᠤᠨ ᠠᠵᠢᠯ ᠤᠨ ᠬᠤᠭᠤᠴᠠᠭ᠎ᠠ ᠶᠢ ᠴᠢᠩᠭ᠎ᠠ ᠡᠵᠡᠮᠳᠡᠵᠦ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠰᠢᠯᠭᠠᠨ ᠠᠪᠤᠭᠰᠠᠨ ᠤ ᠳᠠᠷᠠᠭ᠎ᠠ ᠬᠡᠷᠡᠭᠯᠡᠬᠦ ᠨᠢᠭᠡᠴᠡ ᠳᠤ ᠰᠢᠯᠵᠢᠭᠦᠯᠦᠨ ᠲᠤᠰᠢᠶᠠᠬᠤ ᠬᠡᠷᠡᠭᠲᠡᠶ ᠭᠡᠵᠦ ᠲᠣᠳᠣᠷᠬᠠᠶᠢᠯᠠᠪᠠ᠃ ᠪᠡᠯᠡ ᠣᠷᠣᠭᠤᠯᠤᠯᠲᠠ ᠶᠢᠨ ᠲᠦᠭᠰᠢᠭᠦᠷᠢ ᠶᠢᠨ ᠦᠵᠡᠯ ᠤᠬᠠᠮᠰᠠᠷ ᠢ ᠨᠡᠮᠡᠭᠳᠡᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠦᠭᠰᠢᠭᠦᠷᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠤᠯᠤᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠣᠳᠣᠬᠠᠨ ᠳᠤ ᠦᠶ᠎ᠡ ᠶᠢᠨ ᠪᠠᠶᠢᠭᠤᠯᠤᠯ ᠨᠢ ᠨᠢᠭᠡᠨᠲᠡ ᠤᠯᠤᠰ ᠤᠨ ᠳᠣᠲᠣᠭᠠᠳᠤ ᠶᠢᠨ ᠣᠯᠠᠩᠬᠢ ᠬᠤᠲᠠ ᠳᠤ ᠳᠡᠯᠭᠡᠷᠡᠭᠦᠯᠦᠨ ᠲᠦᠭᠡᠮᠡᠯᠵᠢᠭᠦᠯᠵᠦ᠂ ᠱᠠᠩᠬᠠᠶ᠂ ᠴᠦᠩᠴᠢᠩ᠂ ᠨᠢᠩᠪᠦ᠋ᠸᠧ᠂ ᠰᠢᠶᠠᠮᠧᠨ᠂ ᠪᠡᠭᠡᠵᠢᠩ᠂ ᠦᠬᠠᠨ ᠵᠢᠴᠢ ᠬᠥᠬᠡᠬᠤᠲᠠ᠂ ᠣᠷᠳᠣᠰ ᠵᠡᠷᠭᠡ ᠬᠤᠲᠠ ᠶᠢᠨ ᠡᠯ᠎ᠡ ᠣᠷᠣᠯᠠᠨ ᠪᠠᠶᠢᠭᠤᠯᠬᠤ ᠲᠥᠷᠥᠯ ᠵᠦᠶ᠋ᠯ ᠳᠤ ᠠᠮᠵᠢᠯᠲᠠ ᠣᠯᠤᠭᠰᠠᠨ ᠪᠠᠶᠢᠨ᠎ᠠ᠃ ᠣᠷᠣᠯᠠᠨ ᠪᠠᠶᠢᠭᠤᠯᠬᠤ ᠠᠵᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠡᠯ᠎ᠡ ᠬᠤᠲᠠ ᠶᠢᠨ ᠬᠢᠨ ᠴᠥᠮ ᠤᠷᠢᠳ ᠬᠤᠵᠢᠳ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠪᠡ᠃ ᠣᠯᠠᠨ ᠵᠢᠯ ᠤᠨ ᠲᠤᠷᠰᠢ ᠡᠯ᠎ᠡ ᠬᠤᠲᠠ ᠳᠤ ᠦᠢᠯᠡᠳᠦᠯᠬᠡ ᠬᠡᠷᠡᠭᠯᠡᠭᠡ ᠪᠠᠷ ᠳᠠᠮᠵᠢᠨ᠂ ᠤᠯᠠᠮᠵᠢᠯᠠᠯᠲᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠲᠠᠢ ᠬᠠᠷᠢᠴᠠᠭᠤᠯᠪᠠᠯ᠂ ᠣᠷᠣᠯᠠᠨ ᠪᠠᠶᠢᠭᠤᠯᠬᠤ ᠳᠦᠷᠢᠮ ᠨᠢ ᠢᠯᠡᠷᠬᠡᠶ ᠳᠠᠪᠠᠭᠤᠯᠢᠭ ᠲᠠᠢ ᠪᠠᠶᠢᠵᠤ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠄ ᠨᠢᠭᠡ ᠳᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ︔ ᠬᠤᠶᠠᠷ ᠲᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠢᠨᠵᠧᠨᠧᠷᠢᠩ ᠤᠨ ᠦᠨ᠎ᠡ ᠶᠢ ᠪᠦᠲᠦᠮᠵᠢᠲᠡᠶ ᠬᠢᠵᠠᠭᠠᠷᠯᠠᠨ᠎ᠠ︔ ᠭᠤᠷᠪᠠ ᠳᠤ᠂ ᠪᠡᠯᠡ ᠣᠷᠣᠭᠤᠯᠤᠯᠲᠠ ᠠᠴᠠ ᠳᠠᠪᠠᠭᠰᠠᠨ᠂ ᠬᠡᠪᠴᠢᠶ᠎ᠡ ᠠᠴᠠ ᠳᠠᠪᠠᠭᠰᠠᠨ᠂ ᠪᠠᠷᠢᠮᠵᠢᠶ᠎ᠠ ᠠᠴᠠ ᠬᠡᠲᠦᠷᠡᠭᠰᠡᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠪᠠᠭᠠᠰᠬᠠᠵᠠᠢ︔ ᠲᠦᠷᠪᠡ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠭᠠᠷᠤᠭᠰᠠᠨ ᠢᠯᠵᠠᠷᠠᠮᠠᠯ ᠦᠵᠡᠭᠳᠡᠯ ᠢ ᠬᠤᠷᠢᠭᠯᠠᠬᠤ ᠳᠤ ᠠᠰᠢᠭᠲᠠᠶ ᠶᠤᠮ᠃      2020 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ 2022 ᠣᠨ ᠤ 7 ᠰᠠᠷ᠎ᠠ ᠶᠢᠨ 28 ᠤ ᠡᠳᠦᠷ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠪᠤᠭᠤᠲᠤ ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ ᠪᠠᠶᠢᠭᠤᠯᠤᠮᠵᠢ ᠶᠢᠨ ᠳᠦᠷᠢᠮ ᠢ ᠬᠤᠰᠢᠭᠤ ᠬᠤᠲᠠ ᠶᠢᠨ ᠵᠠᠰᠠᠭ ᠤᠨ ᠣᠷᠳᠣᠨ ᠠᠴᠠ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠳᠤ ᠪᠡᠯᠡ ᠣᠷᠣᠭᠤᠯᠤᠨ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠶᠢᠨ ᠲᠥᠯᠥᠭᠡ᠂ ᠬᠤᠰᠢᠭᠤᠨ ᠤ ᠲᠤᠰ ᠱᠠᠲᠤᠨ ᠤ ᠵᠠᠰᠠᠭ ᠤᠨ ᠣᠷᠳᠣᠨ ᠤ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠬᠠᠩᠭᠠᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ᠬᠤᠶᠠᠷ᠂ ᠲᠣᠭᠲᠠᠭᠠᠭᠰᠠᠨ ᠦᠨᠳᠦᠰᠦᠯᠡᠯ      1᠂ ︽ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ  ﹇2016 ﹈ 18 ᠳ᠋ᠤᠭᠠᠷ ᠲᠣᠭᠠᠲᠤ︶︔      2. ︽ᠪᠡᠯᠡ ᠣᠷᠣᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠳᠦᠷᠦ ᠲᠠᠷᠬᠠᠭᠠᠭᠰᠠᠨ [ 2004] 20 ᠳ᠋ᠤᠭᠠᠷ ᠲᠣᠭᠠᠲᠤ︶      3. ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 712 ᠳ᠋ᠤᠭᠠᠷ ᠲᠣᠭᠠᠲᠤ︶᠃      4. ︽ᠪᠠᠷᠢᠯᠭ᠎ᠠ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ  ﹇2017﹈ 19 ᠳ᠋ᠤᠭᠡᠷ ᠲᠣᠭᠠᠲᠤ︶︔      5. ︽ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ︾ ︵ᠡᠳ᠋ ᠤᠨ ᠵᠠᠰᠠᠭ ᠤᠨ ᠶᠠᠮᠤᠨ ᠤ ᠵᠠᠷᠯᠢᠭ 81 ᠳ᠋ᠤᠭᠡᠷ ᠲᠣᠭᠠᠲᠤ︶︔      6. ︽  ︿ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠤᠨ ᠬᠠᠮᠢᠶᠠᠷᠤᠯᠲᠠ ᠶᠢᠨ ᠲᠣᠭᠲᠠᠭᠠᠯ ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠡᠳ᠋ ᠪᠦᠲᠦᠭᠡᠨ ᠪᠠᠶᠢᠭᠤᠯᠤᠯᠲᠠ  ﹇2016 ﹈ 504 ᠳ᠋ᠤᠭᠡᠷ ᠲᠣᠭᠠᠲᠤ︶︔      7. ︽ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ  ﹇2017﹈ 11 ᠳ᠋ᠤᠭᠡᠷ ᠲᠣᠭᠠᠲᠤ︶︔      8. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ  ﹇2020﹈ 7 ᠳ᠋ᠤᠭᠠᠷ ᠲᠣᠭᠠᠲᠤ︶᠃      9. ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠪᠤᠭᠤᠲᠤ ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ︵ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠠᠷᠬᠠᠭᠠᠭᠰᠠᠨ  ﹇2022﹈ 102 ᠳ᠋ᠤᠭᠠᠷ ᠲᠣᠭᠠᠲᠤ︶ᠭᠤᠷᠪᠠ᠂ ᠭᠤᠣᠯ ᠠᠭᠤᠯᠭ᠎ᠠ      ︽ᠳᠠᠷᠬᠠᠨ ᠮᠤᠤᠮᠢᠩᠭᠠᠨ ᠬᠤᠰᠢᠭᠤᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ︾ ᠨᠡᠶᠢᠲᠡ ᠲᠤᠯᠤᠭᠠᠨ ᠪᠦᠯᠦᠭ᠂ ᠭᠤᠴᠢᠨ ᠭᠤᠷᠪᠠᠳᠤᠭᠠᠷ ᠵᠤᠷᠪᠤᠰ᠃ ᠡᠭᠦᠨ ᠳᠤ᠂ ᠨᠢᠭᠡᠳᠦᠭᠡᠷ ᠪᠦᠯᠦᠭ ᠲᠤ ᠣᠷᠣᠯᠠᠨ ᠪᠠᠶᠢᠭᠤᠯᠬᠤ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠰᠢᠯᠵᠢᠭᠦᠯᠦᠨ ᠲᠤᠰᠢᠶᠠᠬᠤ ᠵᠡᠷᠭᠡ ᠬᠡᠷᠡᠭᠵᠢᠭᠦᠯᠬᠦ ᠲᠠᠰ ᠳᠠᠷᠠᠭᠠᠯᠠᠯ ᠵᠢᠴᠢ ᠡᠯ᠎ᠡ ᠲᠠᠯ᠎ᠠ ᠶᠢᠨ ᠥᠷᠨᠢᠭᠦᠯᠬᠦ ᠴᠢᠬᠤᠯᠠᠲᠠᠶ ᠠᠵᠢᠯ ᠤᠨ ᠠᠭᠤᠯᠭ᠎ᠠ ᠶᠢ ᠵᠠᠭᠠᠭᠯᠠᠨ ᠲᠣᠭᠲᠠᠭᠠᠪᠠ︔ ᠳᠥᠷᠪᠡᠳᠦᠭᠡᠷ ᠪᠦᠯᠦᠭ ᠲᠤ ᠣᠷᠣᠯᠠᠨ ᠪᠠᠶᠢᠭᠤᠯᠬᠤ ᠲᠥᠷᠥᠯ ᠵᠦᠢᠯ ᠤᠨ ᠪᠠᠯᠠ ᠮᠥᠩᠭᠦ ᠶᠢ ᠬᠠᠮᠢᠶᠠᠷᠬᠤ᠂ ᠬᠡᠷᠡᠭᠯᠡᠬᠦ᠂ ᠬᠢᠨᠠᠯᠲᠠ ᠲᠠᠯᠪᠢᠬᠤ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ︔ ᠵᠢᠷᠭᠤᠳᠤᠭᠠᠷ ᠪᠦᠯᠦᠭ ᠲᠤ ᠣᠷᠣᠯᠠᠨ ᠪᠠᠶᠢᠭᠤᠯᠬᠤ ᠲᠥᠪ᠂ ᠣᠷᠣᠯᠠᠨ ᠪᠠᠶᠢᠭᠤᠯᠬᠤ ᠨᠢᠭᠡᠴᠡ᠂ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠪᠤᠶᠤ ᠬᠡᠷᠡᠭᠯᠡᠬᠦ ᠨᠢᠭᠡᠴᠡ ᠵᠡᠷᠭᠡ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠶ ᠬᠠᠷᠢᠭᠤᠴᠠᠯᠭ᠎ᠠ ᠨᠡᠬᠡᠮᠵᠢᠯᠡᠬᠦ ᠲᠤᠬᠠᠶ ᠲᠣᠭᠲᠠᠭᠠᠯ ᠭᠠᠷᠭᠠᠪᠠ᠃      ᠲᠥᠷᠥ ᠶᠢᠨ ᠪᠣᠳᠣᠯᠭ᠎ᠠ ᠶᠢᠨ ᠣᠭ ᠵᠣᠬᠢᠶᠠᠯ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠳᠦᠷᠢᠮ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠷᠤᠨ ᠰᠠᠭᠤᠴᠠ ᠪᠤᠯᠤᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号