ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠭᠠᠶᠢᠯᠢ ᠶᠢᠨ | ᠶᠠᠪᠤᠳᠠᠯ ᠤᠨ ᠶᠡᠷᠦᠩᠬᠡᠶ ᠲᠣᠪᠴᠢᠶ᠎ᠠ ᠠᠴᠠ ︽ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠤᠨ | ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠠᠰᠠᠭᠤᠳᠠᠯ ᠤᠨ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ | ᠵᠠᠯᠭᠠᠭᠠᠳ ︽ᠠᠯᠪᠠᠨ ᠵᠠᠷ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ᠤᠳᠤ ᠳᠣᠤᠷᠠᠬᠢ ᠮᠡᠲᠦ ᠲᠠᠶᠢᠯᠤᠮᠵᠢ ᠬᠢᠶ᠎ᠠ | ᠄ | ᠨᠢᠭᠡ᠂ ︽ᠠᠯᠪᠠᠨ ᠵᠠᠷ︾ ᠢ ᠲᠣᠭᠲᠠᠭᠠᠨ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠣᠶ︖ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ | ᠪᠣᠯᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠠᠴᠠ ︽ᠵᠢᠵᠢᠭ ᠪᠢᠴᠢᠯ ᠠᠵᠤ ᠠᠬᠤᠶᠢᠯᠠᠯ ᠪᠣᠯᠤᠨ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢᠨ ᠲᠤᠬᠠᠶ ᠠᠯᠪᠠᠨ ᠵᠠᠷ︾ ︵2023 ᠣᠨ ᠤ 6 ᠳ᠋ᠤᠭᠠᠷ ᠲᠣᠭᠠᠲᠤ︶ ᠢ ᠨᠡᠶᠢᠲᠡᠯᠡᠵᠦ᠂ | ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ | ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠬᠦ ᠥᠬᠡᠶ ᠬᠡᠰᠡᠭ ᠠᠰᠢᠭ ᠣᠷᠣᠯᠭ᠎ᠠ ᠶᠢᠨ | ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠪᠡ᠃ ᠵᠢᠵᠢᠭ ᠬᠡᠯᠪᠡᠷᠢ ᠶᠢᠨ ᠪᠠᠭ᠎ᠠ | ᠤᠷᠤᠯᠭ᠎ᠠ ᠲᠠᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ | ︽ᠠᠯᠪᠠᠨ ᠵᠠᠷ︾ ᠢ ᠲᠣᠭᠲᠠᠭᠠᠨ ᠲᠠᠷᠬᠠᠭᠠᠵᠤ᠂ ᠲᠠᠲᠠᠪᠤᠷᠢᠯᠠᠨ ᠬᠠᠮᠢᠶᠠᠷᠬᠤ ᠬᠤᠯᠪᠣᠭᠳᠠᠯ ᠪᠦᠬᠦᠢ ᠠᠰᠠᠭᠤᠳᠠᠯ ᠢ | ᠲᠣᠳᠣᠷᠬᠠᠶᠢᠯᠠᠪᠠ᠃ | ᠬᠤᠶᠠᠷ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠳᠠᠬᠢ ᠵᠢᠵᠢᠭ ᠬᠡᠯᠪᠡᠷᠢ ᠶᠢᠨ ᠪᠠᠭ᠎ᠠ | ᠤᠷᠤᠯᠭ᠎ᠠ ᠲᠠᠢ ᠠᠵᠤ ᠠᠬᠤᠶᠢᠯᠠᠯ ᠨᠢ ᠶᠠᠭᠤ ᠶᠢ ᠵᠢᠭᠠᠵᠤ ᠪᠠᠶᠢᠨ᠎ᠠ︖ | ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠭᠡᠳᠡᠭ ᠨᠢ ᠡᠳ᠋ ᠤᠨ ᠵᠠᠰᠠᠭ ᠤᠨ ᠶᠠᠮᠤᠨ᠂ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠣᠭᠲᠠᠭᠠᠯ ᠳᠤ ᠨᠡᠶᠢᠴᠡᠬᠦ ᠵᠢᠵᠢᠭ ᠬᠡᠯᠪᠡᠷᠢ ᠶᠢᠨ ᠪᠠᠭ᠎ᠠ | ᠤᠷᠤᠯᠭ᠎ᠠ ᠲᠠᠢ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠦᠷᠲᠡᠵᠦ ᠪᠣᠯᠬᠤ ᠰᠠᠭᠤᠭᠠᠯᠢ ᠠᠷᠠᠳ ᠤᠨ ᠠᠵᠤ ᠠᠬᠤᠶᠢᠯᠠᠯ ᠢ ᠵᠢᠭᠠᠵᠤ ᠪᠤᠶ᠃ ᠣᠳᠣᠬᠠᠨ ᠳᠤ᠂ | ᠰᠠᠭᠤᠭᠠᠯᠢ ᠠᠷᠠᠳ ᠤᠨ ᠠᠵᠤ ᠠᠬᠤᠶᠢᠯᠠᠯ ︽ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ | ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠬᠡᠷᠡᠭᠵᠢᠭᠦᠯᠬᠦ ᠲᠤᠬᠠᠶ ᠡᠳ᠋ ᠤᠨ | ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵2022 ᠣᠨ ᠤ | 13 ᠳ᠋ᠤᠭᠠᠷ ᠲᠣᠭᠠᠲᠤ︶᠂ ︽ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ | ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵2023 ᠣᠨ ᠤ 6 | ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠵᠢᠵᠢᠭ ᠪᠢᠴᠢᠯ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢᠨ ᠵᠢᠵᠢᠭ ᠬᠡᠯᠪᠡᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ | ᠪᠣᠯᠤᠨ᠎ᠠ᠃ ᠬᠤᠶᠢᠰᠢᠳᠠ ᠲᠥᠷᠥ ᠶᠢᠨ ᠪᠣᠳᠣᠯᠭ᠎ᠠ ᠳᠤᠬᠢᠷᠠᠭᠤᠯᠬᠤ ᠳᠤ ᠬᠦᠷᠪᠡᠯ᠂ ᠲᠡᠷᠡ ᠲᠣᠭᠲᠠᠭᠠᠯ ᠢ ᠳᠠᠭᠠᠨ᠎ᠠ᠃ | ᠭᠤᠷᠪᠠ᠂ ᠠᠵᠤ ᠠᠬᠤᠶᠢᠯᠠᠯ ᠬᠠᠤᠯᠢ ᠶᠢᠨ ᠡᠷᠬᠡᠲᠡᠨ ᠤ ᠬᠢᠷᠢ ᠬᠡᠮ ᠦᠭᠡᠢ ᠰᠠᠯᠪᠤᠷᠢ ᠪᠠᠶᠢᠭᠤᠯᠤᠮᠵᠢ ᠶᠢ | ᠪᠠᠶᠢᠭᠤᠯᠬᠤ ᠳᠤ᠂ ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ | ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠬᠢᠨ ᠬᠡᠷᠡᠭᠯᠡᠬᠦ ᠪᠣᠢ︖ | ᠣᠳᠣ ᠶᠢᠨ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠨᠢ ᠬᠠᠤᠯᠢ ᠶᠢᠨ | ᠡᠷᠬᠡᠲᠡᠨ ᠤ ᠭᠠᠶᠢᠯᠢ ᠶᠢᠨ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠨᠢ ᠬᠠᠤᠯᠢ ᠶᠢᠨ ᠡᠷᠬᠡᠲᠡᠨ ᠢᠶᠠᠷ ᠭᠤᠤᠯ | ᠴᠣᠭᠴᠠ ᠪᠣᠯᠭᠠᠵᠤ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠪᠣᠳᠣᠬᠤ ᠶᠢᠨ ᠬᠠᠮᠲᠤ ᠲᠤᠰᠢᠶᠠᠬᠤ | ᠬᠡᠷᠡᠭᠲᠡᠶ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠣᠯᠵᠠᠪᠤᠷᠢ ᠶᠢᠨ | ᠭᠠᠶᠢᠯᠢ ᠶᠢᠨ ᠬᠠᠤᠯᠢ︾ ᠶᠢᠨ ᠲᠠᠪᠢᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠳᠤ ᠰᠠᠭᠤᠭᠠᠯᠢ | ᠠᠷᠠᠳ ᠤᠨ ᠠᠵᠤ ᠠᠬᠤᠶᠢᠯᠠᠯ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠬᠠᠤᠯᠢ ᠶᠢᠨ ᠡᠷᠬᠡᠲᠡᠨ ᠤ ᠬᠢᠷᠢ ᠬᠡᠮ | ᠦᠭᠡᠶ ᠡᠵᠡᠩᠨᠡᠯᠲᠡ ᠶᠢᠨ ᠪᠠᠶᠢᠭᠤᠯᠤᠮᠵᠢ ᠪᠠᠶᠢᠭᠤᠯᠤᠭᠰᠠᠨ ᠪᠣᠯ ᠬᠤᠷᠢᠶᠠᠩᠭᠤᠶᠢᠯᠠᠨ ᠪᠣᠳᠣᠬᠤ ᠶᠢᠨ ᠬᠠᠮᠲᠤ ᠠᠵᠤ | ᠠᠬᠤᠶᠢᠯᠠᠯ ᠤᠨ ᠣᠯᠵᠠᠪᠤᠷᠢ ᠶᠢᠨ ᠭᠠᠶᠢᠯᠢ ᠲᠤᠰᠢᠶᠠᠬᠤ ᠬᠡᠷᠡᠭᠲᠡᠶ᠃ ᠡᠶᠢᠮᠦ ᠠᠴᠠ᠂ ᠠᠵᠤ ᠠᠬᠤᠶᠢᠯᠠᠯ ᠨᠢ | ᠬᠠᠤᠯᠢ ᠶᠢᠨ ᠡᠷᠬᠡᠲᠡᠨ ᠤ ᠬᠢᠷᠢ ᠭᠡᠮ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠦᠭᠡᠶ ᠪᠠᠶᠢᠪᠠᠯ᠂ ᠶᠡᠷᠦᠩᠬᠡᠶ | ᠪᠠᠶᠢᠭᠤᠯᠤᠮᠵᠢ ᠬᠢᠭᠡᠳ ᠲᠡᠭᠦᠨ ᠤ ᠡᠯ᠎ᠡ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠠᠵᠢᠯ ᠡᠷᠬᠢᠯᠡᠵᠦ ᠪᠠᠶᠢᠭ᠎ᠠ | ᠬᠥᠮᠦᠨ ᠤ ᠲᠤᠭ᠎ᠠ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ᠂ ᠣᠨ ᠤ ᠭᠠᠶᠢᠯᠢ ᠲᠤᠰᠢᠶᠠᠪᠠᠰᠤ ᠵᠣᠬᠢᠬᠤ | ᠣᠯᠵᠠᠪᠤᠷᠢ ᠶᠢᠨ ᠲᠤᠭ᠎ᠠ ᠶᠢ ᠤᠷᠢᠳᠠᠪᠠᠷ ᠬᠤᠷᠢᠶᠠᠩᠭᠤᠶᠢᠯᠠᠨ ᠪᠣᠳᠣᠵᠤ᠂ ᠳᠠᠬᠢᠨ ᠡᠯ᠎ᠡ ᠭᠦᠢᠴᠡᠳᠬᠡᠬᠦ ᠲᠤᠭ᠎ᠠ ᠶᠢᠨ | ᠨᠡᠶᠢᠯᠡᠪᠦᠷᠢ ᠲᠤᠭ᠎ᠠ ᠪᠠᠷ ᠦᠨᠳᠦᠰᠦᠯᠡᠯ ᠪᠣᠯᠭᠠᠨ ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠤᠨ | ᠨᠥᠬᠦᠴᠡᠯ ᠳᠤ ᠨᠡᠶᠢᠴᠡᠬᠦ ᠡᠰᠡᠬᠦ ᠶᠢ ᠮᠠᠭᠠᠳᠯᠠᠨ᠎ᠠ᠃ | ᠳᠥᠷᠪᠡ᠂ ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ | ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠢᠴᠡᠳᠬᠡᠬᠦ ᠳᠡᠰ ᠳᠠᠷᠠᠭᠠᠯᠠᠯ ᠨᠢ ᠶᠠᠭᠤ ᠪᠣᠢ︖ | ᠨᠥᠬᠦᠴᠡᠯ ᠳᠤ ᠨᠡᠶᠢᠴᠡᠬᠦ ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠨᠢ ᠭᠠᠶᠢᠯᠢ | ᠲᠤᠰᠢᠶᠠᠬᠤ ᠭᠤᠶᠤᠴᠢᠯᠠᠯ ᠤᠨ ᠮᠡᠳᠡᠭᠦᠯᠬᠦ ᠬᠦᠰᠦᠨᠦᠭᠲᠦ ᠶᠢ ᠲᠠᠭᠯᠠᠨ ᠪᠢᠴᠢᠬᠦ ᠪᠠᠷ ᠳᠠᠮᠵᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠤᠨ᠎ᠠ᠂ ᠪᠤᠰᠤᠳ ᠭᠠᠷ ᠭᠦᠢᠴᠡᠳᠬᠡᠯ ᠬᠡᠷᠡᠭᠰᠡᠬᠦ ᠦᠭᠡᠢ᠃ ᠵᠢᠵᠢᠭ | ᠬᠡᠯᠪᠡᠷᠢ ᠶᠢᠨ ᠪᠠᠭ᠎ᠠ ᠤᠷᠤᠯᠭ᠎ᠠ ᠲᠠᠢ ᠲᠠᠢ ᠠᠵᠤ ᠠᠬᠤᠶᠢᠯᠠᠯ ᠨᠢ ᠠᠵᠢᠯᠯᠠᠵᠤ ᠪᠠᠶᠢᠭ᠎ᠠ ᠬᠥᠮᠦᠨ ᠤ ᠲᠤᠭ᠎ᠠ᠂ ᠡᠳ᠋ | ᠬᠥᠷᠥᠩᠭᠡ ᠶᠢᠨ ᠶᠡᠷᠦᠩᠬᠡᠶ ᠲᠤᠭ᠎ᠠ᠂ ᠤᠯᠤᠰ ᠠᠴᠠ ᠬᠢᠵᠠᠭᠠᠷᠯᠠᠬᠤ ᠪᠤᠶᠤ ᠴᠠᠭᠠᠵᠠᠯᠠᠬᠤ ᠠᠵᠢᠯ ᠲᠥᠷᠥᠯ ᠵᠡᠷᠭᠡ | ᠰᠠᠭᠤᠷᠢ ᠮᠡᠳᠡᠭᠡ ᠵᠠᠩᠭᠢ ᠶᠢ ᠣᠨᠣᠪᠴᠢᠲᠠᠶ ᠲᠠᠭᠯᠠᠨ ᠮᠡᠳᠡᠭᠦᠯᠵᠦ᠂ ᠭᠠᠶᠢᠯᠢ ᠲᠤᠰᠢᠶᠠᠬᠤ ᠶᠣᠰᠣᠲᠠᠶ ᠠᠰᠢᠭ | ᠣᠷᠣᠯᠭ᠎ᠠ ᠶᠢᠨ ᠲᠤᠭ᠎ᠠ ᠶᠢ ᠪᠤᠳᠤᠭᠰᠠᠨ ᠤ ᠳᠠᠷᠠᠭ᠎ᠠ᠂ ᠮᠡᠳᠡᠭᠡ ᠵᠠᠩᠭᠢ ᠶᠢᠨ ᠰᠢᠰᠲ᠋ᠧᠮ ᠨᠢ ᠬᠠᠮᠢᠶ᠎ᠠ ᠪᠥᠬᠦᠶ ᠲᠤᠭ᠎ᠠ | ᠪᠠᠷᠢᠮᠲᠠ ᠶᠢ ᠠᠰᠢᠭᠯᠠᠨ᠂ ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠳᠤ ᠤᠶᠤᠨᠲᠤ ᠪᠠᠷ | ᠬᠠᠷᠠᠭᠠᠯᠵᠠᠯ ᠤᠨ ᠲᠥᠷᠥᠯ ᠵᠦᠢᠯ ᠢ ᠤᠷᠢᠳᠴᠢᠯᠠᠨ ᠲᠠᠭᠯᠠᠵᠤ᠂ ᠭᠠᠶᠢᠯᠢ ᠶᠢᠨ ᠲᠤᠭ᠎ᠠ ᠶᠢ ᠰᠢᠭᠤᠳ ᠪᠤᠳᠤᠵᠤ | ᠬᠡᠯᠲᠦᠷᠢᠭᠦᠯᠦᠨ᠎ᠡ᠃ | ᠲᠠᠪᠤ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠤᠷᠢᠳᠴᠢᠯᠠᠨ ᠲᠤᠰᠢᠶᠠᠬᠤ ᠦᠶ᠎ᠡ ᠳᠤ | ᠠᠵᠤ ᠠᠬᠤᠶᠢᠯᠠᠯ ᠠᠴᠠ ᠬᠡᠷᠬᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠬᠦ ᠪᠣᠢ︖ | ᠶᠠᠭᠤᠨ ᠤ ᠡᠮᠦᠨ᠎ᠡ᠂ ᠨᠥᠬᠦᠴᠡᠯ ᠳᠤ ᠨᠡᠶᠢᠴᠡᠬᠦ ᠡᠰᠡᠬᠦ ᠶᠢ ᠮᠠᠭᠠᠳᠯᠠᠨ᠎ᠠ᠃ ᠠᠵᠤ ᠠᠬᠤᠶᠢᠯᠠᠯ ᠨᠢ ᠵᠢᠯ ᠤᠨ | ᠳᠤᠮᠳᠠ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠤᠷᠢᠳᠴᠢᠯᠠᠨ ᠲᠤᠰᠢᠶᠠᠯᠭᠠᠬᠤ ᠦ᠊ ᠡᠶ᠎ᠡ ᠳᠤ᠂ | ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠣᠰᠣᠭᠠᠷ ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ | ᠠᠬᠤᠶᠢᠯᠠᠯ ᠤᠨ ᠨᠥᠬᠦᠴᠡᠯ ᠳᠤ ᠨᠡᠶᠢᠴᠡᠬᠦ ᠶᠢ ᠨᠢ ᠮᠠᠭᠠᠳᠯᠠᠪᠠᠯ ᠳᠠᠷᠤᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠬᠦᠷᠲᠡᠵᠦ ᠪᠣᠯᠤᠨ᠎ᠠ᠃ ᠡᠳ᠋ ᠬᠥᠷᠥᠩᠭᠡ ᠶᠢᠨ ᠶᠡᠷᠦᠩᠬᠡᠶ ᠲᠤᠭ᠎ᠠ᠂ ᠠᠵᠢᠯ ᠡᠷᠬᠢᠯᠡᠬᠦ ᠬᠥᠮᠦᠨ ᠤ ᠲᠤᠭ᠎ᠠ᠂ ᠣᠨ ᠤ | ᠭᠠᠶᠢᠯᠢ ᠲᠤᠰᠢᠶᠠᠪᠠᠰᠤ ᠵᠣᠬᠢᠬᠤ ᠣᠯᠵᠠᠪᠤᠷᠢ ᠶᠢᠨ ᠲᠤᠭ᠎ᠠ ᠶᠢᠨ ᠭᠦᠢᠴᠡᠳᠬᠡᠬᠦ ᠲᠤᠭ᠎ᠠ᠂ ᠲᠤᠰ ᠣᠨ ᠤ ᠲᠤᠰ | ᠬᠤᠭᠤᠴᠠᠭᠠᠨ ᠤ ᠤᠷᠢᠳᠴᠢᠯᠠᠨ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠳᠤ ᠬᠠᠷᠢᠶᠠᠯᠠᠭᠳᠠᠬᠤ ᠬᠤᠭᠤᠴᠠᠭᠠᠨ ᠤ | ᠰᠡᠭᠦᠯᠴᠢ ᠶᠢᠨ ᠪᠠᠶᠢᠳᠠᠯ ᠢᠶᠠᠷ ᠨᠢ ᠲᠦᠷ ᠮᠠᠭᠠᠳᠯᠠᠨ᠎ᠠ᠃ ᠡᠭᠦᠨ ᠳᠤ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ᠂ | ᠠᠵᠢᠯᠯᠠᠵᠤ ᠪᠠᠶᠢᠭ᠎ᠠ ᠬᠥᠮᠦᠨ ᠤ ᠲᠤᠭ᠎ᠠ ᠶᠢᠨ ᠭᠦᠢᠴᠡᠳᠬᠡᠯ ᠲᠤᠭ᠎ᠠ ᠶᠢ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢᠨ | ᠳᠣᠲᠣᠷᠠᠬᠢ ︽ᠪᠥᠬᠦ ᠵᠢᠯ ᠤᠨ ᠤᠯᠠᠷᠢᠯ ᠤᠨ ᠳᠤᠮᠳᠠᠴᠢ ᠥᠷᠲᠡᠭ︾ ᠢ ᠪᠤᠳᠤᠬᠤ ᠲᠣᠮᠢᠶ᠎ᠠ ᠶᠣᠰᠣᠭᠠᠷ᠂ ᠲᠣᠰ | ᠬᠤᠭᠤᠴᠠᠭᠠᠨ ᠤ ᠤᠷᠢᠳᠴᠢᠯᠠᠨ ᠲᠤᠰᠢᠶᠠᠵᠤ ᠭᠤᠶᠤᠴᠢᠯᠠᠨ ᠮᠡᠳᠡᠭᠦᠯᠬᠦ ᠳᠤ ᠬᠠᠷᠢᠶᠠᠯᠠᠭᠳᠠᠬᠤ ᠬᠤᠭᠤᠴᠠᠭᠠᠨ ᠤ | ᠡᠴᠦᠰ ᠤᠨ ᠤᠯᠠᠷᠢᠯ ᠤᠨ ᠳᠤᠮᠳᠠᠴᠢ ᠬᠡᠮᠵᠢᠭᠳᠡᠯ ᠢ ᠪᠤᠳᠤᠨ᠎ᠠ᠃ ᠳᠠᠷᠠᠭ᠎ᠠ ᠨᠢ ᠲᠥᠷᠥ ᠶᠢᠨ ᠪᠣᠳᠣᠯᠭ᠎ᠠ ᠶᠢᠨ | ᠲᠣᠭᠲᠠᠭᠠᠯ ᠶᠣᠰᠣᠭᠠᠷ ᠲᠤᠰᠢᠶᠠᠪᠠᠰᠤ ᠵᠣᠬᠢᠬᠤ ᠭᠠᠶᠢᠯᠢ ᠶᠢᠨ ᠲᠤᠭ᠎ᠠ ᠶᠢ ᠪᠣᠳᠣᠨ᠎ᠠ᠃ ᠬᠤᠶᠢᠰᠢᠳᠠ ᠬᠡᠷᠪᠡ | ᠲᠥᠷᠥ ᠶᠢᠨ ᠪᠣᠳᠣᠯᠭ᠎ᠠ ᠶᠢ ᠳᠠᠬᠢᠨ ᠳᠤᠬᠢᠷᠠᠭᠤᠯᠬᠤ ᠳᠤ ᠬᠦᠷᠪᠡᠯ᠂ ᠳᠤᠬᠢᠷᠠᠭᠤᠯᠤᠭᠰᠠᠨ ᠲᠣᠭᠲᠠᠭᠠᠯ ᠢᠶᠠᠷ ᠪᠣᠳᠣᠨ᠎ᠠ | ᠃ ᠵᠢᠱᠢᠶ᠎ᠡ ᠨᠢ ᠳᠣᠣᠷᠠᠬᠢ ᠮᠡᠲᠦ᠄ | ᠵᠢᠱᠢᠶ᠎ᠡ᠄ A ᠠᠵᠤ ᠠᠬᠤᠶᠢᠯᠠᠯ 2022 ᠣᠨ ᠳᠤ ᠪᠠᠶᠢᠭᠤᠯᠤᠭᠳᠠᠵᠤ᠂ ᠤᠯᠤᠰ ᠤᠨ ᠬᠢᠵᠠᠭᠠᠷᠯᠠᠯ ᠦᠭᠡᠢ | ᠪᠠ ᠴᠠᠭᠠᠵᠠᠯᠠᠬᠤ ᠦᠭᠡᠢ ᠠᠵᠢᠯ ᠲᠦᠷᠦᠯ ᠢ ᠡᠷᠬᠢᠯᠡᠵᠤ᠂ 2023 ᠣᠨ ᠤ ᠨᠢᠭᠡᠳᠤᠭᠡᠷ ᠤᠯᠠᠷᠢᠯ ᠤᠨ ᠤᠯᠠᠷᠢᠯ ᠤᠨ | ᠡᠬᠢᠨ ᠤ ᠪᠠ ᠤᠯᠠᠷᠢᠯ ᠤᠨ ᠰᠡᠭᠦᠯᠴᠢ ᠶᠢᠨ ᠠᠵᠢᠯ ᠡᠷᠬᠢᠯᠡᠬᠦ ᠬᠥᠮᠦᠨ ᠤ ᠲᠤᠭ᠎ᠠ ᠲᠤᠰ ᠲᠤᠰ 120 ᠬᠥᠮᠦᠨ᠂ | 200 ᠬᠥᠮᠦᠨ᠂ ᠨᠢᠭᠡᠳᠤᠭᠡᠷ ᠤᠯᠠᠷᠢᠯ ᠤᠨ ᠤᠯᠠᠷᠢᠯ ᠤᠨ ᠡᠬᠢ᠂ ᠤᠯᠠᠷᠢᠯ ᠤᠨ ᠰᠡᠭᠦᠯᠴᠢ ᠶᠢᠨ ᠡᠳ᠋ | ᠬᠦᠷᠦᠩᠭᠡ ᠶᠢᠨ ᠶᠡᠷᠦᠩᠬᠡᠢ ᠲᠤᠭ᠎ᠠ ᠲᠤᠰ ᠲᠤᠰ 2000 ᠲᠦᠮᠡᠨ ᠲᠥᠭᠦᠷᠢᠭ᠂ 4000 ᠲᠦᠮᠡᠨ ᠲᠥᠭᠦᠷᠢᠭ᠂ | ᠨᠢᠭᠡᠳᠤᠭᠡᠷ ᠤᠯᠠᠷᠢᠯ ᠤᠨ ᠭᠠᠶᠢᠯᠢ ᠲᠤᠰᠢᠶᠠᠪᠠᠰᠤ ᠵᠣᠬᠢᠬᠤ ᠠᠰᠢᠭ ᠣᠷᠣᠯᠭ᠎ᠠ ᠶᠢᠨ ᠲᠤᠭ᠎ᠠ 90 ᠲᠦᠮᠡᠨ ᠲᠥᠭᠦᠷᠢᠭ | ᠪᠣᠯᠤᠨ᠎ᠠ᠃ | ᠵᠠᠳᠠᠯᠤᠯᠲᠠ᠄ 2023 ᠣᠨ ᠤ ᠨᠢᠭᠡᠳᠤᠭᠡᠷ ᠤᠯᠠᠷᠢᠯ ᠳᠤ᠂ A ᠠᠵᠤ ᠠᠬᠤᠶᠢᠯᠠᠯ ᠤᠨ ︽ᠠᠵᠢᠯᠯᠠᠵᠤ | ᠪᠠᠶᠢᠭ᠎ᠠ ᠬᠥᠮᠦᠨ ᠤ ᠲᠤᠭ᠎ᠠ︾ ᠶᠢᠨ ᠤᠯᠠᠷᠢᠯ ᠤᠨ ᠳᠤᠮᠳᠠᠴᠢ ᠥᠷᠲᠡᠭ ᠨᠢ 160 ᠬᠥᠮᠦᠨ᠂ ︽ᠡᠳ᠋ | ᠬᠥᠷᠥᠩᠭᠡ ᠶᠢᠨ ᠶᠡᠷᠦᠩᠬᠡᠶ ᠲᠤᠭ᠎ᠠ︾ ᠶᠢᠨ ᠤᠯᠠᠷᠢᠯ ᠤᠨ ᠳᠤᠮᠳᠠᠴᠢ ᠥᠷᠲᠡᠭ ᠨᠢ 3000 ᠲᠦᠮᠡᠨ ᠲᠥᠭᠦᠷᠢᠭ᠂ | ᠲᠤᠰᠢᠶᠠᠪᠠᠰᠤ ᠵᠣᠬᠢᠬᠤ ᠭᠠᠶᠢᠯᠢ ᠶᠢᠨ ᠠᠰᠢᠭ ᠣᠷᠣᠯᠭ᠎ᠠ ᠶᠢᠨ ᠲᠤᠭ᠎ᠠ ᠨᠢ 90 ᠲᠦᠮᠡᠨ ᠲᠥᠭᠦᠷᠢᠭ ᠪᠣᠯᠤᠨ᠎ᠠ᠃ | ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠤᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ | ᠭᠠᠶᠢᠯᠢ ᠶᠢ ᠤᠷᠢᠳᠴᠢᠯᠠᠨ ᠲᠤᠰᠢᠶᠠᠬᠤ ᠶᠢ ᠮᠠᠭᠠᠳᠯᠠᠬᠤ ᠪᠠᠷᠢᠮᠵᠢᠶ᠎ᠠ᠄ ᠤᠯᠤᠰ ᠤᠨ ᠬᠢᠵᠠᠭᠠᠷᠯᠠᠯ ᠦᠭᠡᠢ ᠪᠠ | ᠴᠠᠭᠠᠵᠠᠯᠠᠬᠤ ᠦᠭᠡᠢ ᠠᠵᠢᠯ ᠲᠥᠷᠥᠯ ᠢ ᠡᠷᠬᠢᠯᠡᠭᠰᠡᠨ ᠪᠥᠭᠡᠳ ᠲᠣᠰ ᠬᠤᠭᠤᠴᠠᠭᠠᠨ ᠤ ᠤᠷᠢᠳᠴᠢᠯᠠᠨ ᠲᠤᠰᠢᠶᠠᠬᠤ | ᠮᠡᠳᠡᠭᠦᠯᠦᠯᠲᠡ ᠶᠢᠨ ᠬᠠᠷᠢᠶᠠᠯᠠᠭᠳᠠᠬᠤ ᠬᠤᠭᠤᠴᠠᠭᠠᠨ ᠤ ᠡᠴᠦᠰ ᠤᠨ ᠡᠳ᠋ ᠬᠥᠷᠥᠩᠭᠡ ᠶᠢᠨ ᠶᠡᠷᠦᠩᠬᠡᠶ ᠲᠤᠭ᠎ᠠ ᠶᠢᠨ | ᠤᠯᠠᠷᠢᠯ ᠤᠨ ᠳᠤᠮᠳᠠᠴᠢ ᠥᠷᠲᠡᠭ ᠨᠢ 5000 ᠲᠦᠮᠡᠨ ᠲᠥᠭᠦᠷᠢᠭ ᠠᠴᠠ ᠬᠡᠲᠦᠷᠡᠬᠦ ᠥᠬᠡᠶ᠂ ᠠᠵᠢᠯᠯᠠᠵᠤ ᠪᠠᠶᠢᠭ᠎ᠠ | ᠬᠥᠮᠦᠨ ᠤ ᠲᠤᠭ᠎ᠠ ᠶᠢᠨ ᠤᠯᠠᠷᠢᠯ ᠤᠨ ᠳᠤᠮᠳᠠᠴᠢ ᠥᠷᠲᠡᠭ ᠨᠢ 300 ᠬᠥᠮᠦᠨ ᠠᠴᠠ ᠬᠡᠲᠦᠷᠡᠬᠦ ᠥᠬᠡᠶ᠂ ᠭᠠᠶᠢᠯᠢ | ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 300 ᠲᠦᠮᠡᠨ ᠲᠥᠭᠦᠷᠢᠭ ᠠᠴᠠ ᠬᠡᠲᠦᠷᠡᠬᠦ ᠥᠬᠡᠶ | ᠪᠠᠶᠢᠪᠠᠯ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃ | ︽ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠰᠢᠭ | ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠤ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵2023 ᠣᠨ ᠤ 6 ᠳ᠋ᠤᠭᠠᠷ ᠲᠣᠭᠠᠲᠤ︶ | ᠤᠨ ᠲᠣᠭᠲᠠᠭᠠᠯ ᠳᠤ᠂ ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠤᠨ ᠵᠢᠯ ᠤᠨ ᠭᠠᠶᠢᠯᠢ | ᠲᠤᠰᠢᠶᠠᠪᠠᠰᠤ ᠵᠣᠬᠢᠬᠤ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠬᠡᠲᠦᠷᠡᠬᠦ ᠥᠬᠡᠶ | ᠬᠡᠰᠡᠭ ᠲᠤ᠂ ᠭᠠᠶᠢᠯᠢ ᠲᠤᠰᠢᠶᠠᠪᠠᠰᠤ ᠵᠣᠬᠢᠬᠤ ᠠᠰᠢᠭ ᠣᠯᠵᠠᠪᠤᠷᠢ ᠶᠢᠨ ᠲᠤᠭ᠎ᠠ ᠶᠢ 25% ᠪᠠᠷ ᠬᠠᠰᠤᠵᠤ | ᠣᠷᠣᠭᠤᠯᠤᠨ᠂ 20% ᠶᠢᠨ ᠭᠠᠶᠢᠯᠢ ᠶᠢᠨ ᠨᠣᠷᠮ᠎ᠠ ᠪᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ | ᠲᠤᠰᠢᠶᠠᠨ᠎ᠠ᠃ ᠡᠶᠢᠮᠦ ᠠᠴᠠ᠂ A ᠠᠵᠤ ᠠᠬᠤᠶᠢᠯᠠᠯ ᠤᠨ ᠨᠢᠭᠡᠳᠤᠭᠡᠷ ᠤᠯᠠᠷᠢᠯ ᠤᠨ ᠲᠤᠰᠢᠶᠠᠪᠠᠰᠤ ᠵᠣᠬᠢᠬᠤ | ᠭᠠᠶᠢᠯᠢ ᠶᠢᠨ ᠲᠤᠭ᠎ᠠ ᠨᠢ᠄ 90 × 25% × 20%᠂ 4.5 ︵ᠲᠦᠮᠡᠨ ᠲᠥᠭᠦᠷᠢᠭ︶᠃ | ᠵᠢᠷᠭᠤᠭ᠎ᠠ᠂ ︽ᠠᠯᠪᠠᠨ ᠵᠠᠷ︾ ᠢ ᠬᠡᠷᠡᠭᠵᠢᠭᠦᠯᠬᠦ ᠴᠠᠭ ᠬᠤᠭᠤᠴᠠᠭ᠎ᠠ | ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠭᠠᠶᠢᠯᠢ ᠲᠤᠰᠢᠶᠠᠬᠤ ᠣᠨ ᠢᠶᠠᠷ ᠪᠤᠳᠤᠵᠤ᠂ ︽ | ᠠᠯᠪᠠᠨ ᠵᠠᠷ︾ ᠢ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ | ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠠᠲᠠᠪᠤᠷᠢᠯᠠᠨ ᠬᠠᠮᠢᠶᠠᠷᠬᠤ ᠠᠰᠠᠭᠤᠳᠠᠯ ᠤᠨ ᠲᠤᠬᠠᠢ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠯᠪᠠᠨ ᠵᠠᠷ︾ ︵2022 ᠣᠨ ᠤ 5 ᠳ᠋ᠤᠭᠠᠷ ᠲᠣᠭᠠᠲᠤ︶ | ᠢ ᠬᠠᠮᠲᠤ ᠳᠤ ᠨᠢ ᠬᠦᠴᠦᠨ ᠥᠬᠡᠶ ᠪᠣᠯᠭᠠᠪᠠ᠃ | ᠪᠢᠴᠢᠭ ᠮᠠᠲ᠋ᠧᠷᠢᠶᠠᠯ᠄ ᠵᠢᠵᠢᠭ ᠬᠡᠯᠪᠡᠷᠢ ᠶᠢᠨ ᠪᠠᠭ᠎ᠠ ᠤᠷᠤᠯᠭ᠎ᠠ ᠲᠠᠢ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠲᠠᠪᠤᠷᠢᠯᠠᠨ | ᠬᠠᠮᠢᠶᠠᠷᠬᠤ ᠠᠰᠠᠭᠤᠳᠠᠯ ᠤᠨ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ | ᠵᠠᠷ |