ᠬᠦᠳᠡᠭᠡ ᠲᠤᠰᠬᠤᠨ ᠤ ᠵᠠᠰᠠᠮᠠᠯ ᠵᠠᠮ ᠪᠤᠯ ᠬᠦᠳᠡᠭᠡ ᠲᠤᠰᠬᠤᠨ ᠤ ᠭᠠᠵᠠᠷ ᠤᠷᠤᠨ ᠤ ᠬᠠᠮᠤᠷᠬᠤ ᠬᠡᠪᠴᠢᠶ᠎ᠡ | ᠪᠠᠷ ᠬᠠᠮᠤᠭ ᠤᠨ ᠦᠷᠭᠡᠨ᠂ ᠦᠢᠯᠡᠴᠢᠯᠡᠬᠦ ᠬᠦᠮᠦᠨ ᠠᠮᠠ ᠪᠠᠷ ᠬᠠᠮᠤᠭ ᠤᠨ ᠤᠯᠠᠨ᠂ ᠨᠡᠶᠢᠳᠡ ᠶᠢᠨ ᠠᠠᠷᠠᠮᠵᠢ ᠶᠢᠨ | ᠴᠢᠨᠠᠷ ᠢᠶᠠᠷ ᠬᠠᠮᠤᠭ ᠤᠨ ᠴᠢᠩᠭ᠎ᠠ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠪᠤᠯᠤᠨ᠎ᠠ᠃ ᠭᠤᠤᠯ ᠰᠡᠳᠦᠪᠳᠦ | ᠰᠤᠷᠭᠠᠨ ᠬᠦᠮᠦᠵᠢᠯ ᠢ ᠦᠷᠨᠢᠭᠦᠯᠦᠭᠰᠡᠨ ᠠᠴᠠ ᠨᠠᠰᠢ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠤᠯᠠᠨ | ᠲᠦᠮᠡᠨ ᠤ ᠬᠠᠮᠤᠭ ᠤᠨ ᠪᠠᠴᠢᠮ ᠬᠠᠮᠤᠭ ᠤᠨ ᠵᠤᠪᠠᠭᠤᠷᠢ ᠲᠠᠢ ᠬᠠᠮᠤᠭ ᠤᠨ ᠬᠦᠰᠡᠵᠦ ᠪᠠᠶᠢᠬᠤ ᠠᠰᠠᠭᠤᠳᠠᠯ ᠢ | ᠰᠢᠢᠳᠪᠦᠷᠢᠯᠡᠬᠦ ᠪᠠᠷ ᠭᠤᠤᠯ ᠰᠡᠳᠦᠪᠳᠦ ᠰᠤᠷᠭᠠᠨ ᠬᠦᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠳᠦᠭᠡᠯ ᠤᠨ | ᠬᠤᠪᠢᠷᠠᠭᠤᠯᠤᠯᠳᠠ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠤᠯᠭᠠᠬᠤ ᠶᠢ ᠪᠠᠷᠢᠮᠳᠠᠯᠠᠵᠦ᠂ ︽ᠵᠠᠮ ᠬᠠᠷᠢᠯᠴᠠᠭᠠᠨ ᠤ | ᠰᠠᠭᠤᠷᠢ ᠲᠦᠬᠦᠭᠡᠷᠦᠮᠵᠢ᠂ ᠤᠯᠠᠨ ᠲᠦᠮᠡᠨ ᠤ ᠶᠠᠪᠤᠵᠦ ᠰᠠᠭᠤᠬᠤ ᠬᠡᠷᠡᠭᠴᠡᠭᠡ︾ ᠵᠡᠷᠭᠡ ᠲᠠᠯ᠎ᠠ ᠶᠢᠨ ᠠᠷᠠᠳ ᠤᠨ | ᠠᠮᠢᠳᠤᠷᠠᠯ ᠤᠨ ᠪᠤᠳᠠᠳᠦ ᠶᠠᠪᠤᠳᠠᠯ ᠤᠨ ᠲᠤᠭᠤᠷᠢᠨ ᠳᠤ ᠴᠢᠨᠠᠷ ᠰᠠᠶᠢᠳᠠᠢ ᠠᠷᠠᠳ ᠤᠨ ᠠᠮᠢᠳᠤᠷᠠᠯ ᠤᠨ ᠪᠤᠳᠠᠳᠦ | ᠶᠠᠪᠤᠳᠠᠯ ᠤᠨ ᠬᠠᠷᠢᠭᠤᠯᠳᠠ ᠶᠢᠨ ᠬᠠᠭᠤᠳᠠᠰᠦ ᠶᠢ ᠪᠢᠴᠢᠭᠯᠡᠵᠡᠢ᠃ | ᠲᠤᠰᠬᠤᠨ ᠤ ᠲᠡᠰ ᠤᠨ ᠵᠠᠮ ᠢ ᠬᠠᠳᠠᠷᠠᠭᠤᠯᠬᠤ ᠪᠤᠯ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ | ᠳᠤ ᠬᠦᠴᠦᠨ ᠨᠡᠮᠡᠷᠢᠯᠡᠬᠦ ᠴᠢᠬᠤᠯᠠ ᠭᠤᠭᠴᠤᠭ᠎ᠠ ᠪᠤᠯᠤᠨ᠎ᠠ᠂ ᠨᠡᠩ ᠴᠦ ᠤᠯᠠᠨ ᠲᠦᠮᠡᠨ ᠤ ᠵᠠᠮ ᠬᠠᠷᠢᠯᠴᠠᠭᠠᠨ ᠤ | ᠬᠦᠴᠢᠷ ᠠᠰᠠᠭᠤᠳᠠᠯ ᠢ ᠰᠢᠢᠳᠪᠦᠷᠢᠯᠡᠬᠦ ᠪᠠ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠬᠤ ᠤᠷᠴᠢᠨ | ᠲᠤᠭᠤᠷᠢᠨ ᠢ ᠲᠡᠭᠡᠭᠰᠢᠯᠡᠭᠦᠯᠬᠦ ᠶᠢᠨ ᠵᠠᠩᠭᠢᠯᠠᠭ᠎ᠠ ᠪᠤᠯᠤᠨ᠎ᠠ᠃ ᠡᠯ ᠳ᠋ᠤᠤ ᠪᠢᠶᠠᠨ — ᠲᠤᠯᠤᠭᠠᠨ ᠬᠤᠳᠳᠤᠭ ᠵᠠᠰᠠᠮᠠᠯ | ᠵᠠᠮ ᠤᠨ ᠬᠡᠰᠡᠭ ᠲᠤ᠂ ᠦᠩᠭᠡᠷᠡᠭᠰᠡᠨ ᠤ ᠰᠢᠷᠦᠢ ᠶᠢᠨ ᠵᠠᠮ ᠨᠢ ᠣᠳᠣ ᠨᠢᠭᠡᠨᠳᠡ ᠲᠡᠭᠰᠢ ᠱᠦᠢᠨᠢ ᠵᠠᠮ ᠪᠤᠯᠵᠦ | ᠬᠤᠪᠢᠷᠠᠨ ᠰᠢᠨ᠎ᠡ ᠪᠠᠷ ᠵᠠᠰᠠᠭᠰᠠᠨ3.723 ᠺᠢᠯᠤᠮᠧᠲᠷ ᠤᠨ ᠱᠦᠢᠨᠢ ᠵᠠᠮ ᠨᠢ ᠬᠤᠩ ᠵᠢᠩ ᠲᠠᠨ ᠪᠤᠯᠤᠨ ᠡᠯ ᠳ᠋ᠤᠤ | ᠪᠢᠶᠠᠨ ᠤ ᠲᠤᠰᠬᠤᠨ ᠤ ᠠᠷᠠᠳ ᠢ ᠭᠠᠳᠠᠭᠰᠢ ᠭᠠᠷᠬᠤ ᠳᠤ ᠰᠠᠭᠠᠳ ᠦᠭᠡᠢ ᠨᠡᠪᠳᠡᠷᠡᠬᠦ ᠪᠤᠯᠭᠠᠵᠠᠢ᠃ ︽ᠡᠨᠡ ᠵᠠᠮ ᠢ | ᠵᠠᠰᠠᠵᠦ ᠲᠠᠭᠤᠰᠬᠠᠭᠰᠠᠨ ᠠᠴᠠ ᠨᠠᠰᠢ ᠪᠢᠳᠡ ᠭᠠᠳᠠᠭᠰᠢ ᠭᠠᠷᠬᠤ ᠳᠤ ᠨᠡᠩ ᠲᠦᠭᠦᠮ ᠪᠤᠯᠵᠠᠢ᠂ ᠪᠠᠭ᠎ᠠ ᠰᠠᠭ᠎ᠠ | ᠶᠠᠭᠤᠮ᠎ᠠ ᠲᠡᠭᠡᠭᠡᠬᠦ ᠳᠤ ᠴᠦ ᠨᠡᠩ ᠬᠢᠯᠪᠠᠷ ᠪᠤᠯᠵᠠᠢ᠂ ᠵᠠᠰᠠᠭ ᠤᠨ ᠤᠷᠳᠤᠨ ᠠᠴᠠ ᠪᠢᠳᠡᠨ ᠳᠤ ᠡᠨᠡ ᠬᠦ ᠪᠤᠳᠠᠳᠦ | ᠶᠠᠪᠤᠳᠠᠯ ᠢ ᠬᠢᠵᠦ ᠦᠭᠭᠦᠭᠰᠡᠨ ᠳᠤ ᠶᠡᠬᠡᠳᠡ ᠲᠠᠯᠠᠷᠬᠠᠵᠦ ᠪᠠᠶᠢᠨ᠎ᠠ︾ ᠭᠡᠵᠦ ᠲᠠᠷᠬᠠᠨ ᠮᠤᠤᠮᠢᠩᠭᠠᠨ ᠬᠤᠯᠪᠤᠭᠠᠳᠦ | ᠬᠤᠰᠢᠭᠤᠨ ᠤ ᠰᠢᠪᠡᠷᠬᠦ᠋ᠷᠢᠶ᠎ᠡ ᠪᠠᠯᠭᠠᠰᠤᠨ ᠤ ᠲᠤᠯᠤᠭᠠᠨ ᠬᠤᠳᠳᠤᠭ ᠤᠨ ᠲᠤᠰᠬᠤᠨ ᠤ ᠠᠷᠠᠳ ᠵᠠᠩ ᠵᠢᠶᠠᠨ ᠵᠦᠩ | ᠰᠢᠨ᠎ᠡ ᠪᠠᠷ ᠵᠠᠰᠠᠭᠰᠠᠨ ᠵᠠᠮ ᠢ ᠬᠠᠷᠠᠭᠠᠳ ᠪᠠᠶᠠᠷᠳᠠᠢ ᠪᠠᠷ ᠬᠡᠯᠡᠪᠡ᠃ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠬᠡᠷ ᠬᠤᠳᠳᠤᠭ ᠪᠠᠯᠭᠠᠰᠤ ᠶᠢᠨ ᠲᠤᠤ ᠮᠠ ᠭᠸᠦ | ᠲᠤᠰᠬᠤᠨ ᠳᠤ ᠬᠦᠷᠬᠦ ᠳᠤ᠂ ᠰᠢᠨ᠎ᠡ ᠪᠠᠷ ᠵᠠᠰᠠᠭᠰᠠᠨ ᠴᠠᠷᠳᠠᠮᠠᠯ ᠵᠠᠮ ᠨᠢ ᠲᠤᠰᠬᠤᠨ ᠤ ᠠᠷᠠᠳ ᠤᠨ ᠤᠷᠤᠨ | ᠰᠠᠭᠤᠴᠠ᠂ ᠤᠰᠤᠨ ᠤ ᠬᠦᠪᠡᠭᠡᠨ ᠤ ᠡᠸᠦ᠋ᠷᠦᠫᠡ ᠮᠠᠶ᠋ᠢᠭ ᠤᠨ ᠮᠤᠳᠤᠨ ᠪᠠᠶᠢᠰᠢᠩ᠂ ᠳ᠋ᠧ ᠴᠧᠩ ᠲᠠ ᠰᠤᠪᠤᠷᠭ᠎ᠠ | ᠵᠡᠷᠭᠡ ᠡᠯ᠎ᠡ ᠲᠦᠷᠦᠯ ᠤᠨ ᠭᠠᠵᠠᠷ ᠢ ᠬᠤᠯᠪᠤᠵᠠᠢ᠃ ︽ᠡᠨᠡᠬᠦ ᠵᠠᠮ ᠢ ᠵᠠᠰᠠᠵᠦ ᠲᠠᠭᠤᠰᠬᠤ ᠠᠴᠠ ᠡᠮᠦᠨ᠎ᠡ᠂ | ᠵᠤᠭᠠᠴᠠᠭᠰᠠᠳ ᠲᠤ ᠮᠠᠰᠢ ᠲᠦᠭᠦᠮ ᠦᠭᠡᠢ ᠪᠠᠶᠢᠵᠦ᠂ ᠢᠯᠠᠩᠭᠤᠶ᠎ᠠ ᠪᠤᠷᠤᠭᠠᠨ ᠲᠠᠢ ᠡᠳᠦᠷ ᠪᠤᠯᠬᠤ ᠳᠤ ᠵᠠᠮ ᠲᠡᠭᠡᠷ᠎ᠡ | ᠰᠢᠪᠠᠷ ᠰᠢᠷᠦᠢ ᠪᠤᠯᠵᠦ ᠪᠠᠶᠢᠪᠠ᠂ ᠡᠨᠡᠬᠦ ᠵᠠᠮ ᠢ ᠵᠠᠰᠠᠵᠦ ᠨᠠᠪᠳᠡᠷᠡᠭᠦᠯᠦᠭᠰᠡᠨ ᠠᠴᠠ ᠨᠠᠰᠢ ᠵᠤᠭᠠᠴᠠᠭᠰᠠᠳ ᠤᠨ | ᠵᠤᠭᠠᠴᠠᠨ ᠲᠤᠭᠤᠷᠢᠬᠤ ᠲᠦᠷᠦᠭᠳᠡᠯ ᠤᠯᠠᠮ ᠰᠠᠶᠢᠨ ᠪᠤᠯᠵᠦ᠂ ᠮᠠᠨ ᠤ ᠦᠵᠡᠮᠵᠢ ᠶᠢᠨ ᠤᠷᠤᠨ ᠳᠤ ᠴᠦ ᠮᠠᠰᠢ ᠶᠡᠭᠡ | ᠦᠷ᠎ᠡ ᠠᠰᠢᠭ ᠤᠯᠭᠤᠵᠠᠢ︾ ᠭᠡᠵᠦ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠤ ᠮᠠ ᠭᠸᠦ ᠲᠠᠷᠢᠶᠠᠯᠠᠩ | ᠤᠨ ᠲᠠᠯᠠᠪᠠᠢ ᠶᠢᠨ ᠶᠡᠷᠦᠩᠭᠡᠢ ᠲᠠᠭᠠᠭᠠᠮᠠᠯ ᠵᠤᠤ ᠬᠤᠤ ᠷᠠᠨ ᠬᠡᠯᠡᠪᠡ᠃ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ2023 ᠤᠨ ᠳᠤ ᠬᠦᠳᠡᠭᠡ ᠲᠤᠰᠬᠤᠨ ᠤ ᠵᠠᠰᠠᠮᠠᠯ ᠵᠠᠮ ᠢ | ᠨᠡᠶᠢᠳᠡ143.403 ᠺᠢᠯᠤᠮᠧᠲᠷ ᠵᠠᠰᠠᠵᠦ᠂ ᠡᠭᠦᠨ ᠳᠤ ᠠᠶᠢᠯ ᠲᠤᠰᠬᠤᠨ ᠳᠤ ᠬᠠᠳᠠᠭᠤᠷᠠᠭᠤᠯᠤᠭᠰᠠᠨ ᠵᠠᠮ74. | 578 ᠺᠢᠯᠤᠮᠧᠲᠷ᠂30 ᠺᠢᠯᠤᠮᠧᠲᠷ ᠤᠨ ᠵᠠᠮ ᠬᠤᠯᠪᠤᠬᠤ ᠵᠠᠰᠠᠮᠠᠯ ᠵᠠᠮ᠂᠂7.591 ᠺᠢᠯᠤᠮᠧᠲᠷ ᠵᠤᠭᠤᠯᠴᠢᠯᠠᠯ ᠤᠨ | ᠵᠠᠮ᠂31.234 ᠺᠢᠯᠤᠮᠧᠲᠷ ᠬᠢᠯᠢ ᠳᠤ ᠬᠦᠷᠬᠦ ᠵᠠᠰᠠᠮᠠᠯ ᠵᠠᠮ ᠨᠡᠪᠳᠡᠷᠡᠭᠰᠡᠨ ᠪᠠᠶᠢᠨ᠎ᠠ᠃2023 ᠤᠨ ᠳᠤ ᠬᠦᠳᠡᠭᠡ | ᠲᠤᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨ᠋ᠷᠢᠩ ᠤᠨ ᠲᠦᠷᠦᠯ ᠵᠦᠢᠯ ᠢ ᠨᠡᠶᠢᠳᠡ28 | ᠬᠡᠷᠡᠭᠵᠢᠭᠦᠯᠵᠦ᠂ ᠲᠠᠯᠳᠠ ᠭᠡᠮ ᠢ ᠰᠢᠢᠳᠪᠦᠷᠢᠯᠡᠭᠰᠡᠨ ᠵᠠᠮ ᠤᠨ ᠤᠷᠳᠤ ᠨᠢ174.7 ᠺᠢᠯᠤᠮᠧᠲᠷ ᠲᠤ ᠬᠦᠷᠴᠠᠢ᠃ | ᠬᠦᠳᠡᠭᠡ ᠲᠤᠰᠬᠤᠨ ᠤ ᠵᠠᠰᠠᠮᠠᠯ ᠵᠠᠮ ᠤᠨ ᠠᠮᠢ ᠨᠠᠰᠤᠨ ᠤ ᠠᠮᠤᠷ ᠲᠦᠪᠰᠢᠨ ᠤ ᠬᠠᠮᠠᠭᠠᠯᠠᠯᠳᠠ ᠶᠢᠨ ᠢᠨᠵᠧᠨ᠋ᠷᠢᠩ ᠤᠨ | ᠲᠦᠷᠦᠯ ᠵᠦᠢᠯ ᠢ20 ᠬᠡᠷᠡᠭᠵᠢᠭᠦᠯᠵᠦ᠂ ᠲᠠᠯᠳᠠ ᠭᠡᠮ ᠢ ᠰᠢᠢᠳᠪᠦᠷᠢᠯᠡᠭᠰᠡᠨ ᠵᠠᠮ ᠤᠨ ᠤᠷᠳᠤ ᠨᠢ37.85 | ᠺᠢᠯᠤᠮᠧᠲᠷ ᠬᠦᠷᠦᠭᠰᠡᠨ ᠪᠠᠶᠢᠨ᠎ᠠ᠃ ᠬᠦᠨᠳᠡᠯᠡᠨ ᠭᠤᠯᠳᠦ ᠰᠦᠯᠵᠢᠯᠳᠦᠭᠰᠡᠨ ᠬᠦᠳᠡᠭᠡ ᠲᠤᠰᠬᠤᠨ ᠤ ᠵᠠᠰᠠᠮᠠᠯ ᠵᠠᠮ ᠨᠢ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠲᠦᠷᠭᠡᠨ ᠵᠠᠮ ᠢ ᠨᠡᠭᠡᠭᠡᠨ ᠦᠭᠴᠦ᠂ ᠵᠤᠯ ᠵᠢᠷᠭᠠᠯᠳᠦ ᠵᠠᠮ | ᠢ ᠲᠡᠪᠢᠰᠴᠦ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠳᠠ ᠦᠬᠡᠢ ᠦᠷᠭᠡᠳᠭᠡᠵᠦ᠂ | ᠠᠷᠠᠳ ᠤᠨ ᠬᠦᠷᠳᠡᠮᠵᠢ ᠶᠢᠨ ᠲᠦᠷᠦᠭᠳᠡᠯ ᠵᠤᠯ ᠵᠢᠷᠭᠠᠯᠳᠦ ᠲᠦᠷᠦᠭᠳᠡᠯ ᠢ ᠲᠠᠰᠤᠷᠠᠯᠳᠠ ᠶᠭᠡᠢ ᠲᠡᠭᠡᠭᠰᠢᠯᠡᠭᠦᠯᠵᠦ᠂ | ᠬᠦᠳᠡᠭᠡ ᠲᠤᠰᠬᠤᠨ ᠤ ᠬᠦᠭᠵᠢᠯᠳᠡ ᠳᠤ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ | ᠤᠳᠤᠬᠠᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠳᠤ᠂ | ᠬᠦᠳᠡᠭᠡ ᠲᠤᠰᠬᠤᠨ ᠤ ᠵᠠᠰᠠᠮᠠᠯ ᠵᠠᠮ ᠢ ᠲᠤᠰᠬᠤᠨ ᠤ ᠵᠠᠬ᠎ᠠ᠂ ᠮᠠᠯᠴᠢᠨ ᠲᠠᠷᠢᠶᠠᠴᠢᠨ ᠤ ᠭᠡᠷ ᠤᠨ ᠡᠭᠦᠳᠡᠨ ᠳᠤ | ᠬᠦᠷᠳᠡᠯ᠎ᠡ ᠨᠡᠪᠳᠡᠷᠡᠭᠦᠯᠵᠦ᠂ ᠬᠦᠳᠡᠭᠡ ᠲᠤᠰᠬᠤᠨ ᠤ ᠵᠠᠰᠠᠮᠠᠯ ᠵᠠᠮ ᠨᠢ ᠮᠠᠯᠴᠢᠨ ᠲᠠᠷᠢᠶᠠᠴᠢᠨ ᠤ ᠰᠠᠶᠢᠨ ᠰᠠᠶᠢᠬᠠᠨ | ᠠᠮᠢᠳᠣᠷᠠᠯ ᠵᠦᠭ ᠲᠤᠮᠤ ᠠᠯᠬᠤᠮ ᠢᠶᠠᠷ ᠤᠷᠤᠭᠰᠢᠯᠠᠬᠤ ᠠᠵᠠ ᠵᠢᠷᠭᠠᠯ ᠤᠨ ᠵᠠᠮ ᠪᠤᠯᠤᠭᠰᠠᠨ ᠪᠠᠶᠢᠨ᠎ᠠ᠃ ᠲᠠᠷᠠᠭᠠᠴᠢ | ᠶᠢᠨ ᠠᠯᠬᠤᠮ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠬᠦᠳᠡᠭᠡ ᠲᠤᠰᠬᠤᠨ ᠤ ᠵᠠᠮ ᠤᠨ ᠶᠠᠰᠤ ᠴᠢᠨᠠᠷ ᠢ | ᠲᠡᠭᠡᠭᠰᠢᠯᠡᠭᠦᠯᠵᠦ ᠲᠡᠰ ᠲᠡᠪᠰᠢᠭᠦᠯᠬᠦ ᠶᠢ ᠦᠷᠭᠦᠯᠵᠢᠯᠡᠨ ᠠᠬᠢᠭᠤᠯᠤᠭᠰᠠᠨ ᠰᠠᠭᠤᠷᠢᠨ ᠲᠡᠭᠡᠷ᠎ᠡ᠂ ᠬᠦᠳᠡᠭᠡ ᠲᠤᠰᠬᠤᠨ | ᠤ ᠵᠠᠮ ᠤᠨ ᠲᠤᠤᠷ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ᠮᠠᠯᠢᠴᠨ ᠲᠠᠷᠢᠶᠠᠴᠢᠨ ᠤ | ᠶᠠᠪᠤᠵᠦ ᠰᠠᠭᠤᠬᠤ ᠶᠢ ᠨᠡᠩ ᠠᠮᠤᠷ ᠲᠦᠪᠰᠢᠨ ᠲᠦᠭᠦᠮ ᠲᠦᠳᠡ ᠪᠤᠯᠭᠠᠵᠦ᠂ ᠬᠦᠳᠡᠭᠡ ᠲᠤᠰᠬᠤᠨ ᠤ ᠠᠵᠦ ᠠᠬᠤᠢ | ᠪᠠ ᠦᠷ᠎ᠡ ᠠᠰᠢᠭ ᠢ ᠤᠯᠠᠨ ᠶᠠᠩᠵᠤᠴᠢᠯᠠᠭᠰᠠᠨ ᠬᠦᠭᠵᠢᠯᠳᠡ ᠶᠢᠨ ᠪᠤᠯᠤᠮᠵᠢ ᠶᠢ ᠤᠯᠭᠤᠵᠦ᠂ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠨᠡᠩ ᠰᠠᠶᠢᠨ ᠵᠠᠮ ᠲᠡᠭᠡᠭᠡᠪᠦᠷᠢ ᠶᠢᠨ | ᠪᠠᠳᠤᠯᠠᠭ᠎ᠠ ᠪᠠ ᠲᠤᠯᠭᠠᠭᠤᠷᠢᠯᠡᠯ ᠬᠠᠩᠭᠠᠬᠤ ᠪᠤᠯᠤᠨ᠎ᠠ᠃ |