︿ᠲᠠᠪᠤᠨ ᠶᠡᠭᠡ ᠡᠭᠦᠷᠭᠡ · ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠵᠢᠯᠯᠠᠵᠤ ᠪᠠᠶᠢᠨ᠎ᠠ ﹀ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠠᠮᠤᠷ ᠤᠨ ᠤᠯᠠᠷᠢᠯ ᠤᠨ ᠠᠮᠢᠲᠠᠨ ᠤ ᠡᠭᠡᠯᠢᠯᠡᠭᠡ ᠶᠢᠨ ᠠᠵᠢᠯ ᠤᠨ ᠪᠠᠶᠢᠴᠠᠭᠠᠯᠲᠠ ᠵᠢᠴᠢ ᠡᠰᠡᠷᠭᠦ ᠴᠣᠭᠴᠠ ᠶᠢ ᠬᠢᠨᠠᠨ ᠬᠡᠮᠵᠢᠵᠦ ᠥᠯᠢᠭᠡᠷ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/11/23
      ᠳᠡᠭᠡᠳᠦ ᠱᠠᠲᠤᠨ ᠤ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮᠤᠷ ᠤᠨ ᠤᠯᠠᠷᠢᠯ ᠤᠨ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠲᠥᠪᠯᠡᠷᠡᠭᠦᠯᠦᠨ ᠰᠡᠷᠭᠡᠶᠢᠯᠡᠬᠦ ᠠᠵᠢᠯ ᠤᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠬᠦ ᠶᠢᠨ ᠲᠥᠯᠥᠭᠡ᠂ ᠮᠠᠨ ᠤ ᠬᠤᠰᠢᠭᠤᠨ ᠤ ᠠᠮᠢᠲᠠᠨ ᠤ ᠬᠢᠵᠢᠭ ᠰᠡᠷᠭᠡᠶᠢᠯᠡᠬᠦ ᠪᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠳᠤ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠪᠡ᠃ 2023 ᠣᠨ ᠤ 11 ᠰᠠᠷ᠎ᠠ ᠶᠢᠨ 20 ᠤ ᠡᠳᠦᠷ ᠠᠴᠠ ᠡᠬᠢᠯᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠨ ᠵᠣᠣ ᠶᠤᠸᠠᠨ ᠪᠢᠨ ᠪᠦᠯᠬᠦᠮ ᠳᠠᠭᠠᠭᠤᠯᠤᠨ᠂ ᠠᠮᠢᠲᠠᠨ ᠤ ᠬᠢᠵᠢᠭ ᠢ ᠪᠠᠶᠢᠴᠠᠭᠠᠬᠤ ᠵᠢᠴᠢ ᠬᠢᠵᠢᠭ ᠡᠪᠡᠳᠴᠢᠨ ᠢ ᠡᠵᠡᠮᠳᠡᠬᠦ ᠲᠥᠪ ᠤᠨ ᠬᠥᠮᠦᠰ ᠢ ᠵᠣᠬᠢᠶᠠᠨ ᠪᠠᠶᠢᠭᠤᠯᠵᠤ᠂ ᠨᠠᠮᠤᠷ ᠤᠨ ᠤᠯᠠᠷᠢᠯ ᠤᠨ ᠠᠮᠢᠲᠠᠨ ᠤ ᠡᠭᠡᠯᠢᠯᠡᠭᠡ ᠶᠢᠨ ᠠᠵᠢᠯ ᠤᠨ ᠪᠠᠶᠢᠴᠠᠭᠠᠯᠲᠠ ᠵᠢᠴᠢ ᠡᠰᠡᠷᠭᠦᠴᠡᠭᠴᠢ ᠶᠢᠨ ᠬᠢᠨᠠᠨ ᠬᠡᠮᠵᠢᠯᠲᠡ ᠶᠢᠨ ᠥᠯᠢᠭᠡᠷ ᠠᠪᠬᠤ ᠠᠵᠢᠯ ᠢ ᠥᠷᠨᠢᠭᠦᠯᠪᠡ᠃
微信图片_20231123152910.jpg
      ᠲᠣᠰ ᠤᠳᠠᠭᠠᠨ ᠤ ᠪᠠᠶᠢᠴᠠᠭᠠᠵᠤ ᠬᠢᠨᠠᠨ ᠬᠡᠮᠵᠢᠵᠦ ᠥᠯᠢᠭᠡᠷ ᠠᠪᠬᠤ ᠠᠵᠢᠯ ᠢ ᠬᠤᠶᠠᠷ ᠳᠤᠭᠤᠶᠢᠯᠠᠩ ᠬᠤᠪᠢᠶᠠᠨ ᠶᠠᠪᠤᠭᠳᠠᠭᠤᠯᠵᠤ᠂ ᠪᠠᠶᠢᠴᠠᠭᠠᠬᠤ᠂ ᠥᠯᠢᠭᠡᠷ ᠠᠪᠬᠤ ᠶᠢᠨ ᠬᠠᠮᠲᠤ ᠡᠷᠦᠬᠡ ᠳᠤ ᠬᠦᠷᠴᠦ ᠤᠬᠠᠭᠤᠯᠬᠤ ᠶᠢ ᠥᠷᠨᠢᠭᠦᠯᠵᠦ᠂ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠳᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠦᠨᠡᠨᠬᠦ ᠳᠡᠭᠡᠭᠰᠢᠯᠡᠭᠦᠯᠪᠡ᠃ ᠣᠳᠣ 40 ᠬᠤᠪᠢ ᠴᠢᠰᠤᠨ ᠤ ᠦᠯᠢᠭᠡᠷ ᠴᠤᠭᠯᠠᠭᠤᠯᠵᠤ᠂ 420 ᠬᠤᠪᠢ ᠬᠤᠨᠢᠨ ᠤ ᠴᠢᠰᠤᠨ ᠤ ᠦᠯᠢᠭᠡᠷ ᠴᠤᠭᠯᠠᠭᠤᠯᠵᠤ᠂ ᠵᠠᠯᠭᠠᠭᠠᠳ ᠴᠤᠭᠯᠠᠭᠤᠯᠤᠭᠰᠠᠨ ᠦᠯᠢᠭᠡᠷ ᠬᠡᠪ ᠲᠤ ᠦᠯᠦ ᠬᠠᠯᠳᠠᠭᠠᠬᠤ ᠦᠷ᠎ᠡ ᠪᠦᠲᠦᠮᠵᠢ ᠶᠢ ᠦᠨᠡᠯᠡᠨ ᠵᠢᠱᠢᠵᠦ ᠬᠢᠨᠠᠨ ᠬᠡᠮᠵᠢᠵᠦ᠂ ᠨᠠᠮᠤᠷ ᠤᠨ ᠤᠯᠠᠷᠢᠯ ᠤᠨ ᠲᠥᠪᠯᠡᠷᠡᠭᠦᠯᠦᠨ ᠦᠯᠦ ᠬᠠᠯᠳᠠᠭᠠᠬᠤ ᠦᠨᠡᠨ ᠪᠣᠳᠠᠲᠠᠶ ᠪᠠᠶᠢᠳᠠᠯ ᠢ ᠣᠶᠢᠯᠠᠭᠠᠵᠤ᠂ ᠠᠮᠢᠲᠠᠨ ᠤ ᠬᠢᠵᠢᠭ ᠡᠪᠡᠳᠴᠢᠨ ᠡᠭᠦᠰᠬᠦ ᠲᠦᠭᠰᠢᠭᠦᠷᠢ ᠶᠢ ᠤᠷᠢᠳᠴᠢᠯᠠᠨ ᠵᠢᠱᠢᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠶᠢ ᠲᠣᠭᠲᠠᠭᠠᠬᠤ ᠳᠤ ᠤᠨᠤᠯ ᠤᠨ ᠦᠨᠳᠦᠰᠦᠯᠡᠯ ᠬᠠᠩᠭᠠᠵᠤ᠂ ᠠᠮᠢᠲᠠᠨ ᠤ ᠬᠢᠵᠢᠭ ᠡᠪᠡᠳᠴᠢᠨ ᠢ ᠣᠨᠣᠪᠴᠢᠲᠠᠶ᠂ ᠬᠠᠨᠳᠤᠯᠭᠠᠲᠤ ᠴᠢᠨᠠᠷᠲᠠᠶ ᠪᠠᠷ ᠬᠢᠵᠠᠭᠠᠷᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃      ᠡᠭᠦᠨ ᠤ ᠬᠠᠮᠲᠤ ᠲᠣᠰ ᠤᠳᠠᠭᠠᠨ ᠤ ᠪᠠᠶᠢᠴᠠᠭᠠᠯᠲᠠ ᠶᠢᠨ ᠦᠷ᠎ᠡ ᠳ᠋ᠦᠩ ᠨᠢ ᠮᠠᠨ ᠤ ᠬᠤᠰᠢᠭᠤᠨ ᠤ ᠡᠨᠡ ᠵᠢᠯ ᠤᠨ ᠨᠠᠮᠤᠷ ᠤᠨ ᠤᠯᠠᠷᠢᠯ ᠤᠨ ᠮᠠᠯ ᠵᠢᠭᠦᠷᠲᠡᠨ ᠤ ᠡᠭᠡᠯᠢᠯᠡᠭᠡ ᠶᠢᠨ ᠠᠵᠢᠯ ᠤᠨ ᠶᠠᠰᠤ ᠴᠢᠨᠠᠷ ᠬᠢᠭᠡᠳ ᠦᠷ᠎ᠡ ᠪᠦᠲᠦᠮᠵᠢ ᠪᠠ ᠬᠢᠵᠢᠭ ᠰᠡᠷᠭᠡᠶᠢᠯᠡᠭᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠬᠡᠮᠵᠢᠬᠦ ᠴᠢᠬᠤᠯᠠ ᠰᠢᠨᠵᠢᠯᠡᠬᠦ ᠤᠬᠠᠭᠠᠨᠴᠢ ᠦᠨᠳᠦᠰᠦᠯᠡᠯ ᠪᠣᠯᠤᠨ᠎ᠠ᠃
 
 
ᠢᠷᠡᠯᠲᠡ᠄ ᠳᠠᠷᠬᠠᠨ ᠤᠤᠮᠢᠩᠭᠠᠨ ᠬᠤᠯᠪᠣᠭᠠᠲᠤ ᠬᠤᠱᠢᠭᠤᠨ ᠤ ᠣᠳᠣ ᠦᠶ᠎ᠡ ᠶᠢᠨ ᠲᠠᠷᠢᠶᠠᠯᠠᠩ ᠠᠯ ᠠᠵᠤ ᠠᠬᠤᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号