ᠪᠤᠭᠤᠳᠦ ᠬᠤᠳᠠ ᠶᠢᠨ ᠤᠷᠠᠯᠢᠭ ᠵᠦᠴᠦᠭᠡ ᠶᠢᠨ ᠬᠦᠷᠢᠶᠡᠯᠡᠩ ᠤᠨ ᠲᠠᠷᠬᠠᠨ  ᠮᠤᠤᠮᠢᠩᠭᠠᠨ ᠬᠤᠯᠪᠤᠭᠠᠳᠦ ᠬᠤᠰᠢᠭᠤᠨ ᠳᠠᠬᠢ ᠦᠨᠳᠦᠰᠦᠳᠡᠨ ᠤ ᠲᠠᠭᠤᠤ ᠬᠦᠭᠵᠢᠮ ᠤᠨ ᠲᠤᠬᠤᠨᠢᠭᠤᠯᠬᠤ ᠲᠤᠭᠯᠠᠯᠳᠠ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/11/23
      11 ᠰᠠᠷ᠎ᠠ ᠶᠢᠨ22 ᠤ ᠣᠷᠣᠢ᠂ ᠪᠤᠭᠤᠳᠦ ᠬᠤᠳᠠ ᠶᠢᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠳᠡᠨ ᠤ ᠬᠦᠭᠵᠢᠮ ᠤᠨ ᠪᠦᠯᠬᠦᠮ ᠤᠨ ᠲᠤᠭᠯᠠᠭᠴᠢᠳ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠭᠯᠠᠯᠳᠠ ᠶᠢᠨ ᠲᠦᠪ ᠲᠤ ᠦᠷᠭᠡᠨ ᠤᠯᠠᠨ ᠦᠵᠡᠭᠴᠢᠳ ᠲᠤ ᠭᠤᠶᠢᠳᠠ ᠰᠠᠶᠢᠬᠠᠨ ᠦᠨᠳᠦᠰᠦᠳᠡᠨ ᠤ ᠲᠠᠭᠤᠤ ᠬᠦᠭᠵᠢᠮ ᠤᠨ ᠲᠤᠬᠤᠨᠢᠭᠤᠯᠬᠤ ᠲᠤᠭᠯᠠᠯᠳᠠ ᠬᠦᠷᠭᠡᠭᠰᠡᠨ ᠪᠠᠶᠢᠨ᠎ᠠ᠃
微信图片_20231124085025.jpg
      ᠲᠤᠭᠯᠠᠯᠳᠠ ᠶᠢᠨ ᠠᠬᠤᠢ ᠲᠠᠯᠠᠪᠠᠢ ᠳᠤ ᠬᠦᠷ ᠬᠦᠭᠵᠢᠶᠡᠨ ᠢᠶᠠᠷ ᠪᠢᠯᠠᠬᠵᠦ᠂ ︽ᠬᠦᠰᠡᠯ ᠤᠨ ᠬᠦᠳᠡᠭᠡ ᠲᠠᠯ᠎ᠠ  ᠳᠤ︾ ︽ᠲᠠᠯ᠎ᠠ ᠨᠤᠳᠤᠭ ᠲᠤ ᠮᠦᠩᠭᠡ ᠶᠢᠨ ᠨᠠᠷᠠᠨ ᠮᠠᠨᠳᠤᠯ᠎ᠠ︾ ᠵᠡᠷᠭᠡ ᠲᠠᠭᠤᠤ ᠨᠤᠭᠤᠳ ᠨᠢ ᠦᠵᠡᠭᠴᠢᠳ ᠤᠨ ᠪᠠᠭ᠋ᠠᠷᠬᠠᠯ ᠢ ᠲᠠᠳᠠᠵᠦ᠂ ︽ᠰᠢᠨ᠎ᠡ ᠮᠤᠷᠢᠨ ᠤᠷᠤᠯᠳᠤᠭᠠᠨ᠂ ᠲᠦᠮᠡᠨ ᠠᠭᠳᠠ ᠶᠢᠨ ᠲᠦᠪᠡᠷᠭᠡᠨ ᠤ ᠨᠠᠶᠢᠷᠠᠯ ᠬᠦᠭᠵᠢᠮ ︾ ᠤᠨ ᠭᠤᠶᠢᠳᠠ ᠰᠠᠶᠢᠬᠠᠨ ᠮᠤᠷᠢᠨ ᠬᠤᠭᠤᠷ ᠤᠨ ᠲᠤᠭᠯᠠᠯᠳᠠ ᠪᠤᠯᠤᠨ ᠬᠤᠶᠠᠷ ᠤᠳᠠᠰᠤᠳᠦ ᠬᠤᠭᠤᠷ ᠤᠨ ᠢᠷᠠᠭᠤ ᠰᠠᠶᠢᠬᠠᠨ ᠠᠶᠠᠰ ᠨᠢ ᠨᠡᠩ ᠴᠦ ᠦᠵᠡᠭᠴᠢᠳ ᠤᠨ ᠬᠠᠮᠳᠦ ᠶᠢᠨ ︽ᠡᠪ ᠬᠠᠮᠳᠦ ᠨᠠᠮ ᠪᠠᠶᠢᠬᠤ ᠦᠬᠡᠢ ᠪᠤᠯ ᠰᠢᠨ᠎ᠡ ᠲᠤᠮᠳᠠᠳᠦ ᠤᠯᠤᠰ ᠪᠠᠶᠢᠵᠦ ᠴᠢᠳᠠᠬᠤ ᠦᠬᠡᠢ︾ ᠬᠡᠬᠦ ᠲᠠᠭᠤᠤ ᠶᠢᠨ ᠲᠤᠮᠳᠠ ᠲᠤᠬᠤᠨᠢᠭᠤᠯᠬᠤ ᠲᠡᠭᠦᠰ ᠠᠮᠵᠢᠯᠳᠠ  ᠲᠠᠢ ᠦᠨᠳᠦᠷᠯᠡᠪᠡ᠃      ᠪᠦᠬᠦᠶᠢᠯᠡ ᠲᠤᠭᠯᠠᠯᠳᠠ ᠨᠢ ᠠᠭᠤᠯᠭ᠎ᠠ ᠪᠠᠷ ᠪᠠᠶᠠᠯᠢᠭ᠂ ᠰᠦᠷ ᠵᠢᠪᠬᠤᠭ᠎ᠠ ᠪᠠᠷ ᠠᠤᠭ᠎ᠠ ᠶᠡᠭᠡ ᠪᠠᠶᠢᠵᠦ᠂ ᠲᠤᠭᠯᠠᠭᠴᠢᠳ ᠦᠨᠳᠦᠰᠦᠳᠡᠨ ᠤ ᠲᠠᠭᠤᠤ ᠬᠦᠭᠵᠢᠮ ᠤᠨ ᠦᠪᠡᠷᠮᠢᠴᠡ ᠷᠢᠳᠢ ᠰᠢᠳᠢ ᠶᠢ ᠲᠡᠯᠭᠡᠨ ᠦᠵᠡᠭᠦᠯᠵᠦ᠂ ᠵᠤᠯ ᠵᠢᠷᠭᠠᠯᠳᠦ ᠠᠮᠢᠳᠤᠷᠠᠯ ᠢ ᠮᠠᠭᠳᠠᠨ ᠲᠠᠭᠤᠯᠠᠭᠰᠠᠨ ᠪᠠᠶᠢᠨ᠎ᠠ᠃
微信图片_20231124085032.jpg
      ᠲᠤᠰ ᠣᠳᠠᠭᠠᠨ ᠤ ᠲᠤᠬᠤᠨᠢᠭᠤᠯᠬᠤ ᠲᠤᠭᠯᠠᠯᠳᠠ ᠨᠢ ᠲᠠᠭᠤᠤ ᠬᠦᠭᠵᠢᠮ ᠤᠨ ᠦᠪᠡᠳᠡᠭᠰᠢ ᠨᠠᠶᠢᠷ ᠢ ᠠᠷᠠᠳ  ᠤᠨ ᠭᠡᠷ ᠤᠨ ᠡᠭᠦᠳᠡᠨ ᠳᠤ ᠬᠦᠷᠭᠡᠵᠦ᠂ ᠦᠨᠳᠦᠰᠦᠨ ᠱᠠᠳᠤᠨ ᠤ ᠠᠷᠠᠳ ᠢᠷᠭᠡᠳ ᠲᠤ ᠰᠤᠶᠤᠯ ᠤᠨ ᠦᠢᠯᠡᠴᠢᠯᠡᠭᠡ ᠬᠠᠩᠭᠠᠵᠦ᠂ ᠤᠯᠠᠨ ᠲᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠳᠦ ᠲᠠᠳᠠᠨᠤᠰ ᠲᠤ ︽ᠤᠮᠠᠷᠠᠳᠦ ᠬᠢᠯᠢ ᠶᠢᠨ ᠰᠤᠶᠤᠯ︾ ᠤᠨ ᠴᠠᠭ ᠦᠶ᠎ᠡ ᠶᠢᠨ ᠦᠷᠳᠡᠭ ᠪᠤᠯᠤᠨ ᠭᠦᠨ ᠠᠭᠤᠯᠤᠭᠳᠠᠬᠤᠨ ᠢ ᠭᠦᠨᠵᠡᠭᠡᠢ ᠤᠶᠢᠯᠠᠭᠠᠭᠤᠯᠵᠦ᠂ ︽ᠤᠮᠠᠷᠠᠳᠦ ᠬᠢᠯᠢ ᠶᠢᠨ ᠰᠤᠶᠤᠯ︾ ᠤᠨ ᠲᠦᠷᠦᠯ ᠲᠡᠮᠳᠡᠭ ᠢ ᠪᠠᠶᠢᠭᠤᠯᠬᠤ ᠢᠳᠡᠭᠡᠯ ᠪᠤᠯᠤᠨ ᠬᠦᠳᠡᠯᠭᠡᠬᠦ ᠬᠦᠴᠦᠨ ᠢ ᠨᠡᠮᠡᠭᠳᠡᠭᠦᠯᠵᠦ᠂ ᠲᠠᠷᠬᠠᠨ ᠮᠤᠤᠮᠢᠩᠭᠠᠨ ᠤ ᠠᠷᠠᠳ ᠲᠦᠮᠡᠨ ᠤ ᠰᠡᠳᠬᠢᠯ ᠨᠢᠭᠡᠳᠦᠨ ᠪᠦᠯᠬᠦᠮᠳᠡᠵᠦ᠂ ᠠᠵᠢᠯ ᠬᠢᠵᠦ ᠦᠢᠯᠡᠰ ᠪᠤᠳᠬᠠᠬᠤ ᠴᠤᠭ ᠰᠦᠯᠳᠡ ᠶᠢ ᠤᠯᠠᠮ ᠴᠢᠨᠠᠭᠰᠢᠳᠠ ᠬᠦᠭᠵᠢᠭᠡᠵᠠᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号