ᠨᠣᠭᠤᠭ᠎ᠠ ᠶᠢ ᠵᠦᠪ ᠰᠣᠩᠭᠤᠬᠤ ᠬᠡᠷᠡᠭᠲᠡᠢ ᠤᠬᠢᠶᠠᠬᠤ ᠨᠢ ᠨᠡᠩ ᠴᠢᠬᠤᠯᠠ
ᠨᠡᠶᠢᠲᠡᠯᠡᠭᠰᠡᠨ ᠴᠠᠭ᠄
2023/11/23
      ᠣᠯᠠᠨ ᠢᠶᠠᠷ ᠢᠶᠠᠨ ᠵᠢᠮᠢᠰ ᠨᠣᠭᠤᠭ᠎ᠠ ᠤᠬᠢᠶᠠᠬᠤ ᠮᠠᠰᠢᠨ ᠠᠪᠴᠤ  ᠪᠠᠶᠢᠭ᠎ᠠ ᠨᠢ  ᠲᠠᠷᠢᠶᠠᠨ  ᠡᠮ ᠤᠨ ᠦᠯᠡᠳᠡᠭᠳᠡᠯ ᠢ  ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃ ᠭᠡᠪᠡᠴᠦ ᠡᠳᠦᠷ ᠲᠤᠲᠤᠮ ᠤᠨ ᠠᠮᠢᠳᠤᠷᠠᠯ ᠳᠤᠮᠳᠠ᠂  ᠪᠢᠳᠡᠨ ᠤ ᠵᠢᠩᠬᠢᠨᠢ ᠳᠡᠯᠭᠡᠭᠦᠷ ᠠᠴᠠ ᠬᠤᠳᠠᠯᠳᠤᠨ ᠠᠪᠤᠭᠰᠠᠨ ᠣᠯᠠᠩᠬᠢ ᠢᠳᠡᠰᠢᠨ  ᠨᠣᠭᠤᠭ᠎ᠠ   ᠶᠢᠨ  ᠲᠠᠷᠢᠶᠠᠨ  ᠡᠮ ᠤᠨ  ᠦᠯᠡᠳᠡᠭᠳᠡᠯ ᠨᠢ  ᠪᠦᠷ  ᠲᠣᠭᠲᠠᠭᠰᠠᠨ ᠬᠡᠪᠴᠢᠶᠡᠨ ᠳᠤ ᠪᠠᠶᠢᠳᠠᠭ᠃ ᠲᠡᠶᠢᠮᠦ ᠮᠥᠷᠲᠡᠭᠡᠨ ᠵᠢᠮᠢᠰ ᠨᠣᠭᠤᠭ᠎ᠠ  ᠤᠬᠢᠶᠠᠬᠤ ᠮᠠᠰᠢᠨ ᠢ ᠬᠡᠷᠡᠭᠯᠡᠬᠦ  ᠥᠬᠡᠶ ᠪᠠᠷ  ᠪᠤᠳᠤᠬᠤ ᠳᠤ᠂ ᠡᠳᠦᠷ ᠲᠤᠲᠤᠮ ᠤᠨ ᠮᠠᠰᠢ ᠣᠯᠠᠨ ᠠᠷᠭ᠎ᠠ ᠨᠢ   ᠲᠠᠷᠢᠶᠠᠨ   ᠡᠮ ᠤᠨ  ᠦᠯᠡᠳᠡᠭᠳᠡᠯ ᠢ  ᠪᠦᠲᠦᠮᠵᠢᠲᠡᠶ  ᠠᠷᠢᠯᠭᠠᠵᠤ  ᠴᠢᠳᠠᠨ᠎ᠠ᠂ ᠡᠭᠦᠨ ᠳᠤ ᠳᠤᠤᠷᠠᠬᠢ ᠮᠡᠲᠦ  ᠠᠷᠭ᠎ᠠ ᠶᠢ ᠲᠠᠨᠢᠯᠴᠠᠭᠤᠯᠤᠶ᠎ᠠ᠄       1 ᠴᠡᠪᠡᠷ ᠤᠰᠤᠨ ᠳᠤ ᠳᠡᠪᠲᠦᠭᠡᠬᠦ᠃ ᠨᠣᠭᠤᠭ᠎ᠠ ᠪᠠᠨ ᠬᠠᠭᠤᠷᠬᠤ ᠠᠴᠠ ᠡᠮᠦᠨ᠎ᠡ 20℃~25℃ ᠤᠨ   ᠴᠡᠪᠡᠷ ᠤᠰᠤᠨ ᠳᠤ 10 ᠮᠢᠨᠦ᠋ᠲ ᠳᠡᠪᠲᠦᠭᠡᠵᠦ᠂ ᠲᠠᠷᠠᠭ᠎ᠠ ᠨᠢ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃        ᠪᠤᠳᠠᠭ᠎ᠠ ᠣᠬᠢᠶᠠᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠳᠠᠭ᠎ᠠ ᠣᠬᠢᠶᠠᠭᠰᠠᠨ ᠤᠰᠤ ᠪᠠᠷ  5   ~10 ᠮᠢᠨᠦ᠋ᠲ ᠳᠡᠪᠲᠦᠭᠡᠵᠦ᠂ ᠳᠠᠬᠢᠨ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃        ᠳᠠᠪᠤᠰᠤ ᠲᠠᠢ ᠤᠰᠤᠨ ᠳᠤ ᠳᠡᠪᠲᠦᠭᠡᠬᠦ᠃ ᠨᠣᠭᠤᠭ᠎ᠠ ᠪᠠᠨ 1 % ᠶᠢᠨ ᠳᠠᠪᠤᠰᠤ ᠲᠠᠢ ᠤᠰᠤ ᠪᠠᠷ ᠲᠡᠪᠳᠡᠭᠡᠵᠤ   20 ᠮᠢᠨᠦ᠋ᠲ  ᠤᠨ ᠳᠠᠷᠠᠭ᠎ᠠ ᠣᠬᠢᠶᠠᠨ᠎ᠠ᠃ ᠳᠠᠪᠤᠰᠤᠨ ᠤ ᠥᠳᠬᠡᠴᠡ ᠶᠢ ᠬᠡᠲᠦᠷᠬᠡᠶ ᠶᠡᠭᠡ ᠪᠠᠶᠢᠯᠭᠠᠵᠤ ᠪᠣᠯᠬᠤ  ᠦᠭᠡᠢ᠃       ᠪᠤᠴᠠᠯᠤᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠴᠠᠯᠤᠭᠰᠠᠨ ᠣᠰᠣᠨ ᠳᠤ 2  ᠮᠢᠨᠦ᠋ᠲ   ᠲᠡᠪᠳᠡᠭᠡᠨ᠎ᠡ᠃ ᠭᠡᠪᠡᠴᠦ ᠡᠶᠢᠮᠤ ᠠᠷᠭ᠎ᠠ ᠨᠢ ᠢᠳᠡᠰᠢᠨ ᠨᠣᠭᠤᠭ᠎ᠠ ᠶᠢᠨ ᠬᠡᠰᠡᠭ ᠰᠢᠮ᠎ᠡ ᠲᠡᠵᠢᠭᠡᠯ ᠢ ᠠᠯᠳᠠᠭᠳᠠᠭᠤᠯᠤᠨ᠎ᠠ᠃        ᠳᠡᠭᠡᠷᠡᠬᠢ 4 ᠵᠦᠢᠯ ᠤᠨ ᠠᠷᠭ᠎ᠠ ᠠᠴᠠ  ᠭᠠᠳᠠᠨ᠎ᠠ᠂  ᠪᠠᠰᠠ ᠤᠷᠤᠰᠬᠠᠯ ᠤᠰᠤ ᠪᠠᠷ ᠱᠦᠷᠬᠦᠭᠡᠵᠤ ᠣᠬᠢᠶᠠᠬᠤ᠂  ᠬᠠᠯᠢᠰᠤ ᠶᠢ ᠨᠢ ᠠᠷᠢᠯᠭᠠᠬᠤ᠂ 24 ᠴᠠᠭ ᠲᠠᠯᠪᠢᠬᠤ ᠵᠡᠷᠭᠡ ᠠᠷᠭ᠎ᠠ ᠶᠢ ᠠᠪᠴᠤ ᠪᠣᠯᠤᠨ᠎ᠠ᠂ ᠡᠨᠡ ᠨᠢ ᠨᠣᠭᠤᠭ᠎ᠠ ᠶᠢᠨ   ᠲᠣᠳᠣᠷᠠᠬᠢ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ ᠶᠤᠮ  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号