ᠰᠦᠯᠵᠢᠶ᠎ᠡ ᠥᠬᠡᠶ ᠴᠠᠬᠢᠯᠭᠠᠨ ᠦᠭᠡᠢ ᠪᠠᠶᠢᠳᠠᠯ ᠲᠤᠤᠷ᠎ᠠ ᠭᠠᠷ ᠤᠲᠠᠰᠤ ᠪᠠᠷ  ᠲᠣᠭᠠᠴᠠᠭ᠎ᠠ ᠬᠢᠵᠦ  ᠪᠣᠯᠤᠨ᠎ᠠ ᠤᠤ︖ ᠰᠢᠨ᠎ᠡ ᠴᠢᠳᠠᠮᠵᠢ ᠭᠠᠷᠴᠤ ᠢᠷᠡᠪᠡ︕
ᠨᠡᠶᠢᠲᠡᠯᠡᠭᠰᠡᠨ ᠴᠠᠭ᠄
2023/11/23
      ᠲᠦᠷᠦᠭᠦᠬᠡᠨ᠂ ᠴᠤ᠋ ᠰᠢᠨ᠎ᠡ ᠳᠡᠰ ᠳᠡᠪᠰᠢᠭᠰᠡᠨ ᠲᠣᠭᠠᠴᠢᠯᠠᠭᠰᠠᠨ ᠠᠷᠠᠳ ᠤᠨ ᠵᠣᠭᠤᠰ ᠤᠨ App ᠳᠤ ᠰᠢᠨ᠎ᠡ    ᠪᠠᠷ ᠤᠷᠤᠭᠤᠯᠤᠬᠰᠠᠨ ᠰᠦᠯᠵᠢᠶ᠎ᠡ ᠥᠬᠡᠶ ᠴᠠᠬᠢᠯᠭᠠᠨ ᠥᠬᠡᠶ ᠪᠠᠶᠢᠳᠠᠯ  ᠲᠤᠤᠷ᠎ᠠ  ᠲᠣᠭᠠᠴᠠᠭ᠎ᠠ  ᠬᠢᠬᠦ  ᠴᠢᠳᠠᠮᠵᠢ    ᠨᠢ  ᠬᠥᠮᠦᠰ ᠤᠨ ᠠᠩᠬᠠᠷᠤᠯ ᠢ ᠶᠡᠬᠡᠳᠡ ᠲᠠᠳᠠᠪᠡ᠃ ᠬᠡᠰᠡᠭ ᠬᠡᠷᠡᠭᠯᠡᠭᠴᠢ  ᠲᠣᠭᠠᠴᠢᠯᠠᠭᠰᠠᠨ  ᠠᠷᠠᠳ ᠤᠨ   ᠵᠣᠭᠤᠰ ᠤᠨ  App  ᠤᠨ  ᠬᠠᠲᠠᠭᠤ ᠵᠣᠭᠤᠰᠣᠨ ᠪᠣᠭᠴᠣ ᠶᠢᠨ ︽ᠲᠣᠭᠠᠴᠠᠭ᠎ᠠ ᠬᠢᠬᠦ ᠲᠣᠬᠢᠷᠠᠭᠤᠯᠤᠯᠲᠠ︾ ᠳᠤ  ᠲᠣᠰ ᠴᠢᠳᠠᠮᠵᠢ ᠶᠢ ᠡᠬᠢᠯᠡᠨ ᠬᠡᠷᠡᠭᠯᠡᠭᠰᠡᠨ ᠤ  ᠳᠠᠷᠠᠭ᠎ᠠ᠂ ᠭᠠᠷ ᠤᠲᠠᠰᠤ ᠪᠠᠨ ᠬᠠᠭᠠᠵᠦ ᠪᠠᠶᠢᠭ᠎ᠠ ᠪᠠᠶᠢᠳᠠᠯ ᠳᠤᠤᠷ᠎ᠠ  ᠴᠤ ᠭᠡᠳ ︽ᠭᠠᠷ ᠢᠶᠠᠨ ᠬᠦᠷᠭᠡᠭᠡᠳ ᠠᠪᠤᠪᠠᠯ︾ ᠮᠦᠨ ᠬᠦ ᠲᠣᠭᠠᠴᠠᠭ᠎ᠠ ᠬᠢᠵᠦ ᠪᠤᠯᠵᠤ ᠪᠠᠶᠢᠨ᠎ᠠ᠃        ᠭᠠᠷ ᠤᠲᠠᠰᠤᠨ ᠤ ᠴᠠᠬᠢᠯᠭᠠᠨ ᠨᠢ ︽ᠦᠭᠡᠢ ᠪᠤᠯᠤᠮᠠᠷ︾ ᠦᠶ᠎ᠡ ᠳᠤ᠂ ᠲᠣᠭᠠᠴᠠᠭ᠎ᠠ ᠬᠢᠬᠦ ᠪᠠᠴᠢᠮ ᠲᠤᠯᠭᠠᠮ  ᠭᠡᠷᠡᠭᠴᠡᠭᠡ ᠱᠠᠭᠠᠷᠳᠠᠯᠭ᠎ᠠ ᠪᠣᠯᠤᠭᠰᠠᠨ  ᠪᠠᠶᠢᠳᠠᠯ  ᠲᠤᠤᠷ᠎ᠠ᠂  ᠬᠡᠷᠡᠭᠯᠡᠭᠴᠢᠳ  ᠲᠣᠭᠠᠴᠢᠯᠠᠭᠰᠠᠨ  ᠠᠷᠠᠳ ᠤᠨ   ᠵᠣᠭᠤᠰ ᠤᠨ  App ᠶᠢᠨ ᠳᠣᠲᠣᠷᠠᠬᠢ ᠰᠦᠯᠵᠢᠶ᠎ᠡ ᠥᠬᠡᠶ ᠴᠠᠬᠢᠯᠭᠠᠨ ᠦᠭᠡᠢ ᠪᠠᠶᠢᠳᠠᠯ ᠲᠤᠤᠷ᠎ᠠ ᠲᠣᠭᠠᠴᠠᠭ᠎ᠠ ᠬᠢᠬᠦ   ᠴᠢᠳᠠᠮᠵᠢ ᠶᠢ  ᠨᠡᠭᠡᠭᠡᠵᠦ  ᠪᠣᠯᠬᠤ ᠶᠢᠨ ᠬᠠᠮᠲᠤ᠂ ᠪᠠᠶᠢᠭᠤᠯᠤᠯᠭ᠎ᠠ ᠪᠠᠨ ᠪᠠᠶᠢᠷᠢᠯᠠᠭᠤᠯᠤᠬᠰᠠᠨ ᠤ  ᠳᠠᠷᠠᠭ᠎ᠠ   ᠲᠣᠭᠠᠴᠠᠭ᠎ᠠ  ᠬᠢᠬᠦ  ᠤᠳᠠᠭ᠎ᠠ  ᠪᠠ  ᠲᠤᠭ᠎ᠠ  ᠬᠡᠮᠵᠢᠶ᠎ᠡ  ᠪᠠᠨ ᠲᠣᠬᠢᠷᠠᠭᠤᠯᠪᠡᠯ᠂ ᠨᠢᠭᠡ ᠦᠶ᠎ᠡ ᠰᠦᠯᠵᠢᠶ᠎ᠡ ᠥᠬᠡᠶ  ᠴᠠᠬᠢᠯᠭᠠᠨ ᠦᠭᠡᠢ ᠭᠡᠵᠦ ᠭᠠᠴᠢᠬᠳᠠᠵᠤ ᠪᠠᠶᠢᠬᠰᠠᠨ ᠭᠡᠷᠡᠭᠯᠡᠭᠴᠢ  ᠲᠣᠭᠠᠴᠠᠭ᠎ᠠ ᠬᠢᠬᠦ ᠳᠤ ᠲᠤᠯᠭᠠᠷᠠᠬᠰᠠᠨ ᠬᠦᠴᠢᠷ  ᠠᠰᠠᠭᠤᠳᠠᠯ ᠢᠶᠠᠨ ᠰᠢᠢᠳᠪᠦᠷᠢᠯᠡᠵᠦ ᠪᠣᠯᠤᠨ᠎ᠠ᠃         ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠣᠰ ᠴᠢᠳᠠᠮᠵᠢ ᠨᠢ  ᠳᠡᠯᠭᠡᠷᠡᠭᠦᠯᠬᠦ  ᠡᠬᠢᠨ ᠤ  ᠬᠤᠭᠤᠴᠠᠭᠠᠨ    ᠳᠠᠭᠠᠨ ᠪᠠᠶᠢᠨ᠎ᠠ᠂ ᠣᠳᠣᠬᠠᠨ ᠳᠤ ᠵᠥᠪᠬᠡᠨ ᠠᠨ ᠵᠦᠸᠧ ᠭᠠᠷ ᠤᠲᠠᠰᠤᠨ ᠤ ᠰᠢᠰᠲ᠋ᠧᠮ ᠢ ᠬᠡᠷᠡᠭᠯᠡᠵᠦ ᠪᠠᠶᠢᠭ᠎ᠠ  ᠬᠡᠰᠡᠭ ᠮᠠᠰᠢᠨ ᠤ ᠬᠡᠯᠪᠡᠷᠢ ᠶᠢ ᠳᠡᠮᠵᠢᠵᠦ ᠪᠤᠢ᠂ ᠢᠷᠡᠭᠡᠳᠦᠢ ᠳᠤ ᠨᠠᠩ ᠣᠯᠠᠨ ᠡᠶᠢᠮᠦ ᠬᠡᠯᠪᠡᠷᠢ ᠶᠢᠨ ᠮᠠᠰᠢᠨ ᠳᠤ  ᠣᠷᠣᠭᠤᠯᠬᠤ ᠪᠣᠯᠤᠨ᠎ᠠ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号