ᠨᠢᠭᠡ᠂ ᠲᠣᠭᠲᠠᠭᠠᠭᠰᠠᠨ ᠠᠬᠤᠶ ᠪᠠᠶᠢᠳᠠᠯ | ᠨᠠᠮ ᠤᠨ ᠲᠥᠪ ᠬᠤᠷᠢᠶ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶ᠎ᠠ ᠰᠢᠮᠳᠠᠭᠤᠯᠤᠨ ᠪᠠᠶᠢᠴᠠᠭᠠᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠡᠯ᠎ᠡ ᠱᠠᠲᠤᠨ ᠤ ᠵᠠᠰᠠᠭ ᠤᠨ ᠣᠷᠳᠣᠨ ᠪᠤᠳᠠᠳᠤ ᠦᠷ᠎ᠡ ᠪᠦᠲᠦᠮᠵᠢ ᠲᠠᠢ ᠪᠠᠷ ᠠᠵᠢᠯᠯᠠᠬᠤ ᠰᠤᠷᠲᠠᠯ ᠢᠶᠠᠷ | ᠱᠠᠯᠠᠪᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠠᠳᠬᠤᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠪᠥᠬᠦ ᠬᠤᠰᠢᠭᠤᠨ ᠤ ᠵᠠᠰᠠᠭ ᠤᠨ | ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ ᠵᠢᠷᠤᠮᠵᠢᠭᠤᠯᠵᠤ᠂ ᠵᠠᠰᠠᠭ ᠤᠨ ᠵᠠᠷᠯᠢᠭ ᠤᠨ | ᠰᠠᠭᠠᠳ ᠥᠬᠡᠶ ᠶᠠᠪᠤᠭᠳᠠᠬᠤ ᠶᠢ ᠪᠠᠲᠤᠯᠠᠨ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠤᠨ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ | ᠲᠦᠷᠢᠮ ᠢ ᠲᠡᠭᠦᠯᠳᠡᠷᠵᠢᠭᠦᠯᠬᠦ ᠶᠢᠨ ᠲᠥᠯᠥᠭᠡ᠂ ︽ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ | ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 733 ᠳ᠋ᠤᠭᠠᠷ ᠲᠣᠭᠠᠲᠤ︶᠂ ︽︿ᠵᠠᠰᠠᠭ ᠤᠨ | ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ﹀ ᠢ ᠲᠤᠤᠱᠯᠠᠭᠤᠯᠤᠨ ᠬᠡᠷᠡᠭᠵᠢᠭᠦᠯᠵᠦ ᠵᠠᠰᠠᠭ ᠤᠨ | ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ | ︹2021︺ 5 ᠳ᠋ᠤᠭᠠᠷ ᠲᠣᠭᠠᠲᠤ︶ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ | ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ︽ᠬᠡᠷᠡᠭᠵᠢᠭᠦᠯᠬᠦ ᠨᠠᠷᠢᠨ ᠲᠦᠷᠢᠮ︾ ᠢ ᠲᠣᠭᠲᠠᠭᠠᠪᠠ᠃ | ︽ᠬᠡᠷᠡᠭᠵᠢᠭᠦᠯᠬᠦ ᠨᠠᠷᠢᠨ ᠲᠦᠷᠢᠮ︾ ᠨᠢ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ ᠶᠢ ᠪᠠᠲᠤᠯᠠᠵᠤ᠂ | ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ | ᠳᠡᠭᠡᠭᠰᠢᠯᠡᠭᠦᠯᠬᠦ ᠳᠤ ᠠᠰᠢᠭᠲᠠᠶ ᠶᠤᠮ︔ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠢᠶᠠᠯ | ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠬᠠᠤᠯᠢ ᠶᠣᠰᠣᠭᠠᠷ ᠭᠦᠢᠴᠡᠳᠬᠡᠬᠦ ᠶᠢ ᠰᠢᠮᠳᠠᠭᠤᠯᠤᠨ ᠱᠠᠭᠠᠷᠳᠠᠵᠤ᠂ ᠵᠠᠰᠠᠭ | ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠴᠢᠬᠡᠴᠢ ᠵᠠᠰᠠᠭ ᠤᠨ ᠪᠠᠶᠢᠭᠤᠯᠤᠯᠲᠠ ᠶᠢ | ᠴᠢᠩᠭᠠᠳᠬᠠᠬᠤ ᠳᠤ ᠠᠰᠢᠭᠲᠠᠶ ᠶᠤᠮ︔ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠨᠢᠭᠡᠳᠦᠯᠲᠡᠶ | ᠲᠥᠯᠥᠪᠯᠡᠨ ᠵᠢᠷᠤᠮᠵᠢᠭᠤᠯᠵᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ | ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠷᠠᠭᠤᠯᠤᠨ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠠᠰᠢᠭᠲᠠᠶ ᠶᠤᠮ᠃ | ᠬᠤᠶᠠᠷ᠂ ᠲᠣᠭᠲᠠᠭᠠᠭᠰᠠᠨ ᠦᠨᠳᠦᠰᠦᠯᠡᠯ | 1. ︽ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠳᠦᠷᠢᠮ︾ ︵ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 733 ᠳ᠋ᠤᠭᠠᠷ ᠲᠣᠭᠠᠲᠤ︶᠃ | 2. ︽︿ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ﹀ ᠢ ᠲᠤᠤᠱᠯᠠᠭᠤᠯᠤᠨ | ᠬᠡᠷᠡᠭᠵᠢᠭᠦᠯᠵᠦ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ | ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ | ᠠᠯᠪᠠᠨ ᠲᠠᠷᠬᠠᠭᠠᠭᠰᠠᠨ ﹇2021﹈ 5 ᠳ᠋ᠤᠭᠠᠷ ᠲᠣᠭᠠᠲᠤ︶᠃ | 3. ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ | ᠠᠵᠢᠯ ᠤᠨ ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ﹇2014﹈ | 105 ᠳ᠋ᠤᠭᠠᠷ ᠲᠣᠭᠠᠲᠤ︶᠃ | 4. ︽ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ 2015﹈ 27 ᠳ᠋ᠤᠭᠠᠷ | ᠲᠣᠭᠠᠲᠤ︶ | 5. ︽ᠰᠢᠮᠳᠠᠭᠤᠯᠤᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠤᠭᠤᠲᠤ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠪᠤᠭᠤᠲᠤ ᠵᠠᠰᠠᠭ | ᠠᠯᠪᠠᠨ ᠲᠠᠷᠬᠠᠭᠠᠭᠰᠠᠨ ﹇ 2016﹈ 23 ᠳ᠋ᠤᠭᠠᠷ ᠲᠣᠭᠠᠲᠤ︶ | 6᠂ ︽ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠤᠨ ᠰᠢᠮᠳᠠᠭᠤᠯᠤᠨ | ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠦᠭᠦᠳ ᠤᠨ | ᠲᠤᠬᠠᠶ ᠮᠡᠳᠡᠭᠳᠡᠯ︾ ︵ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠲᠠᠷᠬᠠᠭᠠᠭᠰᠠᠨ ﹇2020﹈ 21 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ | 7᠂ ︽ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠰᠢᠮᠳᠠᠭᠤᠯᠤᠨ ᠪᠠᠶᠢᠴᠠᠭᠠᠬᠤ ᠠᠵᠢᠯ ᠤᠨ | ᠰᠢᠯᠭᠠᠨ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ ᠲᠤᠬᠠᠶ ᠪᠤᠭᠤᠲᠤ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ ᠪᠤᠭᠤᠲᠤ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠠᠷᠬᠠᠭᠠᠭᠰᠠᠨ ﹇2020﹈ 22 ᠳ᠋ᠤᠭᠠᠷ ᠲᠣᠭᠠᠲᠤ︶᠃ | ᠭᠤᠷᠪᠠ᠂ ᠭᠤᠣᠯ ᠠᠭᠤᠯᠭ᠎ᠠ | ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ | ᠪᠠᠶᠢᠴᠠᠭᠠᠬᠤ ᠠᠵᠢᠯ ᠤᠨ ᠬᠡᠷᠡᠭᠵᠢᠭᠦᠯᠬᠦ ᠨᠠᠷᠢᠨ ᠲᠦᠷᠢᠮ︾ ᠳᠤ ᠨᠡᠶᠢᠲᠡ ᠶᠢᠰᠦᠨ ᠪᠦᠯᠦᠭ᠂ ᠭᠤᠴᠢᠨ ᠭᠤᠷᠪᠠᠨ | ᠵᠤᠷᠪᠤᠰ ᠲᠠᠢ᠃ ᠡᠭᠦᠨ ᠳᠤ᠂ ᠨᠢᠭᠡᠳᠦᠭᠡᠷ ᠪᠦᠯᠦᠭ ᠲᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ | ᠠᠵᠢᠯ ᠤᠨ ᠲᠣᠮᠢᠶᠠᠯᠠᠯ᠂ ᠵᠠᠷᠴᠢᠮ ᠪᠠ ᠵᠣᠷᠢᠯᠭ᠎ᠠ ᠶᠢ ᠲᠣᠳᠣᠷᠬᠠᠶᠢᠯᠠᠪᠠ︔ ᠬᠤᠶᠠᠳᠤᠭᠠᠷ ᠪᠦᠯᠦᠭ ᠲᠤ ᠵᠠᠰᠠᠭ ᠤᠨ | ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠠᠵᠢᠯ ᠤᠨ ᠲᠦᠷᠢᠮ᠂ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠡᠲᠡᠭᠡᠳ ᠤᠨ ᠭᠤᠤᠯ ᠴᠣᠭᠴᠠ᠂ ᠬᠡᠷᠡᠭᠵᠢᠭᠦᠯᠬᠦ ᠭᠤᠤᠯ ᠴᠣᠭᠴᠠ ᠶᠢ ᠲᠣᠳᠣᠷᠬᠠᠶ ᠲᠣᠭᠲᠠᠭᠠᠬᠤ ᠪᠠ | ᠬᠤᠪᠢᠶᠠᠷᠢᠯᠠᠨ᠎ᠠ︔ ᠭᠤᠷᠪᠠᠳᠤᠭᠠᠷ ᠪᠦᠯᠦᠭ ᠲᠤ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠬᠦᠷᠢᠶ᠎ᠡ | ᠬᠡᠪᠴᠢᠶ᠎ᠡ ᠶᠢ ᠲᠠᠨᠢᠯᠴᠠᠭᠤᠯᠪᠠ︔ ᠳᠥᠷᠪᠡᠳᠦᠭᠡᠷ ᠪᠦᠯᠦᠭ ᠲᠤ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ | ᠳᠡᠰ ᠳᠠᠷᠠᠭᠠᠯᠠᠯ ᠢ ᠨᠠᠷᠢᠨ ᠲᠣᠳᠣᠷᠬᠠᠶ ᠲᠣᠳᠣᠷᠬᠠᠶᠢᠯᠠᠪᠠ︔ ᠲᠠᠪᠤᠳᠤᠭᠠᠷ ᠪᠦᠯᠦᠭ ᠲᠤ ᠰᠢᠮᠳᠠᠭᠤᠯᠤᠨ ᠪᠠᠶᠢᠴᠠᠭᠠᠬᠤ | ᠠᠵᠢᠯ ᠢ ᠥᠷᠨᠢᠭᠦᠯᠬᠦ ᠲᠤᠬᠠᠶ ᠪᠣᠳᠠᠲᠠᠶ ᠱᠠᠭᠠᠷᠳᠠᠯᠭ᠎ᠠ ᠶᠢ ᠵᠦᠢᠯ ᠳᠠᠷᠠᠭᠠᠯᠠᠨ ᠵᠠᠳᠠᠯᠪᠠ︔ ᠳᠣᠯᠣᠳᠤᠭᠠᠷ ᠪᠦᠯᠦᠭ ᠲᠤ | ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠪᠠᠷᠢᠮᠲᠠᠯᠠᠬᠤ ᠶᠣᠰᠣᠲᠠᠶ ᠡᠯ᠎ᠡ ᠵᠦᠢᠯ ᠤᠨ | ᠳᠦᠷᠢᠮ ᠢ ᠲᠠᠨᠢᠯᠴᠠᠭᠤᠯᠪᠠ︔ ᠨᠠᠢᠮᠠᠳᠤᠭᠠᠷ ᠪᠦᠯᠦᠭ ᠲᠤ ᠰᠢᠮᠳᠠᠭᠤᠯᠤᠨ ᠪᠠᠶᠢᠴᠠᠭᠠᠬᠤ ᠦᠨᠡᠯᠡᠯᠲᠡ ᠶᠢᠨ | ᠲᠣᠭᠲᠠᠴᠠ ᠶᠢ ᠬᠡᠷᠬᠢᠨ ᠠᠯᠬᠤᠮ ᠠᠯᠬᠤᠮ ᠢᠶᠠᠷ ᠪᠠᠶᠢᠭᠤᠯᠬᠤ ᠲᠤᠬᠠᠶ ᠲᠣᠭᠲᠠᠭᠠᠯ ᠲᠤᠭᠳᠠᠭᠠᠪᠠ︔ ᠶᠢᠰᠦᠳᠦᠭᠡᠷ | ᠪᠦᠯᠦᠭ ᠨᠢ ᠳᠠᠭᠠᠯᠳᠤᠭᠤᠯᠤᠯ ᠲᠦᠷᠢᠮ ᠪᠣᠯᠤᠨ᠎ᠠ᠃ |