11 ᠰᠠᠷ᠎ᠠ ᠶᠢᠨ23 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠦᠵᠡᠯ ᠰᠠᠨᠠᠭ᠎ᠠ | ᠶᠢ ᠰᠤᠷᠤᠯᠴᠠᠵᠦ᠂ ᠨᠠᠮᠴᠢ ᠴᠢᠨᠠᠷ ᠢᠶᠠᠨ ᠴᠢᠩᠭᠠᠳᠬᠠᠨ᠂ ᠦᠢᠯᠡᠳᠦᠯᠬᠡ ᠶᠢ ᠴᠢᠬᠤᠯᠠᠴᠢᠯᠠᠵᠦ᠂ ᠰᠢᠨ᠎ᠡ ᠭᠠᠪᠢᠶ᠎ᠠ | ᠪᠠᠶᠢᠭᠤᠯᠬᠤ︾ ᠠᠯᠪᠠᠨ ᠪᠠᠶᠢᠭᠤᠯᠭ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠠᠵᠢᠯᠳᠠᠨ ᠤ | ᠲᠠᠶᠢᠰᠠᠨ ᠤ ᠮᠦᠷᠦᠶᠢᠴᠡᠭᠡᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠬᠢᠮ ᠳᠤ | ᠶᠠᠪᠤᠭᠳᠠᠵᠦ᠂ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ150 ᠭᠠᠷᠤᠢ | ᠨᠠᠮ ᠤᠨ ᠠᠵᠢᠯᠳᠠᠨ ᠤᠷᠤᠯᠴᠠᠵᠠᠢ᠃ | | | ᠲᠤᠰ ᠣᠳᠠᠭᠠᠨ ᠤ ᠮᠦᠷᠦᠶᠢᠴᠡᠭᠡᠨ9 ᠰᠠᠷ᠎ᠠ ᠠᠴᠠ ᠡᠬᠢᠯᠡᠵᠦ ᠬᠤᠰᠢᠭᠤᠨ ᠤ19 ᠰᠢᠭᠤᠳ ᠬᠠᠷᠢᠶ᠎ᠠ | ᠪᠠᠶᠢᠭᠤᠯᠭ᠎ᠠ ᠶᠢᠨ ᠨᠠᠮ ᠤᠨ ᠬᠤᠷᠢᠶ᠎ᠠ ᠨᠠᠮ ᠤᠨ ᠠᠵᠢᠯ ᠤᠨ ᠵᠦᠪᠯᠡᠯ᠂95 ᠠᠵᠦ ᠠᠬᠤᠶᠢᠯᠠᠯ ᠠᠵᠢᠯ ᠦᠢᠯᠡᠰ ᠤᠨ | ᠨᠢᠭᠡᠴᠡ ᠶᠢ ᠬᠠᠮᠤᠷᠤᠨ᠂ ᠠᠩᠬᠠᠨ ᠤ ᠰᠢᠯᠭᠠᠷᠠᠭᠤᠯᠤᠯᠳᠠ ᠪᠠᠷ ᠲᠠᠮᠵᠢᠨ12 ᠰᠢᠯᠢᠳᠡᠭ ᠪᠠᠶᠢᠭᠤᠯᠭ᠎ᠠ ᠨᠢᠭᠡᠴᠡ ᠶᠢᠨ | ᠨᠠᠮ ᠤᠨ ᠠᠵᠢᠯᠳᠠᠨ ᠴᠤᠯᠭᠤᠷᠠᠨ ᠭᠠᠷᠴᠦ ᠰᠢᠢᠳᠪᠦᠷᠢᠳᠦ ᠤᠷᠤᠯᠳᠤᠭᠠᠨ ᠳᠤ ᠤᠷᠤᠯᠴᠠᠨ᠂ ︽ᠪᠢᠴᠢᠯ ᠨᠠᠮ ᠤᠨ | ᠬᠢᠴᠢᠶᠡᠯ︾ ᠵᠢᠭᠠᠬᠤ ᠬᠡᠯᠪᠡᠷᠢ ᠪᠠᠷ ᠨᠠᠮ ᠤᠨ ᠠᠵᠢᠯᠳᠠᠨ ᠤ ᠬᠠᠷᠠᠭᠠᠰᠦ ᠠᠴᠠ ᠬᠤᠪᠢ ᠪᠡᠶ᠎ᠡ ᠶᠢᠨ ᠠᠵᠢᠯ ᠤᠨ | ᠪᠤᠳᠠᠳᠦ ᠪᠠᠶᠢᠳᠠᠯ ᠲᠠᠢ ᠪᠠᠨ ᠤᠶᠠᠯᠳᠤᠭᠤᠯᠤᠨ ᠤᠨᠤᠯ ᠤᠨ ᠮᠡᠳᠡᠯᠭᠡ ᠶᠢ ᠲᠤᠳᠤᠷᠬᠠᠶᠢᠯᠠᠨ ᠦᠬᠦᠯᠡᠵᠦ᠂ ᠨᠠᠮ ᠤᠨ | ᠰᠢᠨ᠎ᠡ ᠡᠭᠦᠳᠦᠯᠳᠡ ᠶᠢᠨ ᠤᠨᠤᠯ ᠢ ᠰᠤᠳᠤᠯᠤᠨ ᠰᠤᠷᠤᠯᠴᠠᠵᠦ᠂ ᠨᠠᠮ ᠤᠨ ᠭᠡᠷᠡᠯ ᠰᠠᠴᠣᠷᠠᠩᠭᠤᠢ ᠲᠡᠥᠬᠡ ᠶᠢ | ᠲᠤᠭᠠᠴᠢᠨ ᠶᠠᠷᠢᠵᠦ᠂ ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠵᠦ | ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢ ᠠᠬᠢᠭᠤᠯᠵᠦ᠂ ᠵᠢᠱᠢᠶᠡᠴᠢ ᠦᠪᠡᠷᠳᠡᠭᠡᠨ ᠵᠠᠰᠠᠬᠤ ᠤᠷᠤᠨ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠰᠠᠶᠢᠳᠤᠷ ᠰᠢᠢᠳᠪᠦᠷᠢᠯᠡᠬᠦ ᠰᠡᠳᠬᠢᠭᠦᠢ ᠲᠠᠢ ᠪᠠᠶᠢᠬᠤ︾ ᠵᠡᠷᠭᠡ ᠭᠤᠤᠯ | ᠰᠡᠳᠦᠪ ᠤᠨ ᠲᠤᠭᠤᠷᠢᠨ ᠳᠤ ᠶᠠᠷᠢᠶ᠎ᠠ ᠢᠯᠡᠳᠭᠡᠯ ᠬᠢᠵᠦ ᠪᠠᠶᠢᠭᠤᠯᠭ᠎ᠠ ᠶᠢᠨ ᠨᠠᠮ ᠤᠨ ᠠᠵᠢᠯᠳᠠᠳ ᠤᠨ ᠴᠤᠭ | ᠵᠢᠪᠬᠤᠭ᠎ᠠ ᠶᠢ ᠲᠡᠯᠭᠡᠨ ᠬᠠᠷᠠᠭᠤᠯᠵᠠᠢ᠃ | ᠬᠤᠷᠴᠠ ᠰᠢᠷᠦᠭᠦᠨ ᠦᠷᠢᠰᠦᠯᠳᠦᠭᠡᠨ ᠢᠶᠠᠷ ᠲᠠᠮᠵᠢᠨ ᠰᠢᠢᠳᠪᠦᠷᠢᠳᠦ ᠤᠷᠤᠯᠳᠤᠭᠠᠨ ᠳᠤ ᠨᠢᠭᠡᠳᠦᠭᠡᠷ ᠲᠡᠰ | ᠲᠤ1 ᠨᠡᠷᠡᠰ᠂ ᠬᠤᠶᠠᠳᠤᠭᠠᠷ ᠲᠡᠰ ᠲᠤ2 ᠨᠡᠷᠡᠰ᠂ ᠭᠤᠷᠪᠠᠳᠤᠭᠠᠷ ᠲᠡᠰ ᠲᠤ3 ᠨᠡᠷᠡᠰ᠂ ᠰᠢᠯᠢᠳᠡᠭ ᠲᠡᠰ ᠲᠤ6 | ᠨᠡᠷᠡᠰ ᠢ ᠲᠤᠳᠤᠷᠠᠭᠤᠯᠤᠨ ᠱᠠᠩᠨᠠᠨ ᠬᠦᠬᠢᠭᠦᠯᠦᠭᠰᠡᠨ ᠪᠠᠶᠢᠨ᠎ᠠ᠃ | | | | | | | | | | | |