ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠨᠠᠰᠤᠳᠠᠶᠢᠴᠤᠳ ᠲᠤ ᠵᠤᠯ ᠵᠢᠷᠭᠠᠯᠳᠦ ᠠᠮᠢᠳᠤᠷᠠᠯ ᠬᠦᠷᠳᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2023/11/28
      ︽ᠪᠢ ᠰᠤᠯᠠ ᠰᠡᠯᠡᠬᠦᠦ ᠴᠠᠭ ᠢᠶᠠᠷ ᠢᠶᠠᠨ ᠭᠠᠳᠠᠭᠰᠢ ᠭᠠᠷᠴᠦ ᠪᠡᠶ᠎ᠡ ᠪᠠᠨ ᠪᠤᠯᠪᠠᠰᠤᠷᠠᠭᠤᠯᠤᠨ᠂ ᠠᠭᠤᠷ ᠠᠮᠢᠰᠬᠤᠯ ᠰᠠᠶᠢᠨ ᠦᠶ᠎ᠡ ᠳᠤ ᠪᠢᠳᠡ ᠨᠢᠭᠡ ᠪᠦᠯᠦᠭ ᠨᠠᠰᠣᠳᠠᠶᠢᠴᠣᠳ ᠴᠤᠭᠯᠠᠷᠠᠨ ᠰᠢᠳᠠᠷ᠎ᠠ ᠬᠦᠵᠦᠷ ᠲᠤᠭᠯᠠᠵᠦ᠂ ᠡᠳᠦᠷ ᠪᠦᠷᠢ ᠶᠢᠨ ᠠᠮᠢᠳᠤᠷᠠᠯ ᠪᠠᠶᠠᠯᠢᠭ ᠪᠠᠶᠢᠳᠠᠭ︾ ᠭᠡᠵᠦ ᠡᠨᠡ ᠵᠢᠯ74 ᠨᠠᠰᠣᠳᠠᠢ ᠺᠸᠦ ᠶᠢᠨ ᠨᠠᠰᠤᠳᠠᠨ ᠦᠪᠡᠷ  ᠤᠨ ᠦᠳᠡᠯᠦᠭᠡ ᠨᠠᠰᠤᠨ ᠤ ᠠᠮᠢᠳᠤᠷᠠᠯ ᠢᠶᠠᠨ ᠶᠠᠷᠢᠬᠤ ᠪᠠᠷ ᠪᠠᠶᠠᠷ ᠪᠦᠷ ᠢᠶᠠᠷ ᠪᠢᠯᠬᠠᠨ᠎ᠠ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠨᠠᠰᠣᠳᠠᠶᠢᠴᠣᠳ ᠤᠨ ︽ᠲᠡᠷᠭᠡᠳᠡᠬᠢ ᠶᠠᠪᠤᠳᠠᠯ︾ ᠢᠶᠠᠷ ᠭᠠᠷᠳᠠᠴᠠ ᠪᠤᠯᠭᠠᠵᠦ᠂ ᠨᠠᠰᠤᠳᠠᠶᠢᠴᠣᠳ ᠲᠤ ᠲᠤᠬᠢᠷᠠᠬᠤ ᠴᠢᠨᠠᠷ᠂ ᠲᠦᠭᠡᠮᠡᠯ ᠴᠢᠨᠠᠷ ᠪᠠ ᠤᠯᠠᠨ ᠶᠠᠩᠵᠤᠳᠦ ᠴᠢᠨᠠᠷᠤ  ᠤᠨ ᠵᠠᠷᠴᠢᠮ ᠶᠤᠰᠤᠭᠠᠷ᠂ ᠨᠠᠰᠤᠳᠠᠶᠢᠴᠤᠳ ᠲᠤ ᠦᠢᠯᠡᠴᠢᠯᠡᠬᠦ ︽ᠬᠠᠶᠢᠷ᠎ᠠ ᠬᠠᠯᠠᠮᠵᠢ ᠶᠢᠨ ᠲᠤᠤᠷ︾ ᠢ ᠲᠠᠰᠤᠷᠠᠯᠳᠠ ᠦᠭᠡᠢ ᠨᠢᠠᠠᠳᠠ ᠰᠦᠯᠵᠢᠵᠦ᠂ ᠨᠠᠰᠤᠳᠠᠶᠢᠴᠤᠳ ᠲᠤ ᠵᠤᠯ ᠵᠢᠷᠭᠠᠯᠳᠦ ᠨᠠᠰᠤᠵᠢᠯ ᠤᠨ ᠠᠰᠠᠷᠠᠮᠵᠢ ᠶᠢ ᠬᠦᠷᠳᠡᠭᠡᠵᠦ ᠪᠠᠶᠢᠨ᠎ᠠ᠃
微信图片_20231128151854.jpg     
      ︽ᠲᠠ ᠰᠠᠶᠢᠨ ᠦᠦ᠂ ᠲᠠᠨ ᠤ ᠭᠡᠷ ᠤᠨ ᠨᠠᠰᠤᠳᠠᠨ ᠳᠤ ᠶᠡᠷᠦ ᠪᠤᠰᠤ ᠶᠢᠨ ᠪᠠᠶᠢᠳᠠᠯ ᠲᠠᠢ ᠪᠠᠶᠢᠬᠤ ᠶᠢ ᠰᠢᠰᠲ᠋ᠧᠮ ᠪᠠᠶᠢᠴᠠᠭᠠᠵᠦ ᠤᠯᠤᠭᠰᠠᠨ ᠪᠠᠶᠢᠨ᠎ᠠ᠂ ᠲᠠ ᠨᠠᠰᠤᠳᠠᠨ ᠤ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠵᠦ ᠦᠵᠡᠭᠡᠷᠡᠢ︾ ᠭᠡᠵᠦ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠤ ᠯᠤ᠋ ᠮᠢᠩ ᠰᠠᠭᠤᠭᠠᠯᠢ ᠠᠷᠠᠳ ᠤᠨ ᠯᠢ ᠡᠪᠦᠭᠡ ᠶᠢᠨ ᠭᠡᠷ ᠲᠤ᠂ ᠦᠬᠢᠨ ᠯᠢ ᠰᠦ ᠫᠢᠩ ᠨᠠᠰᠤᠵᠢᠯ ᠤᠨ ᠠᠰᠠᠷᠠᠮᠵᠢ ᠶᠢᠨ ᠲᠦᠪ  ᠤᠨ ᠤᠳᠠᠰᠦ ᠶᠢ ᠲᠤᠰᠴᠠᠢ᠃ ᠯᠢ ᠡᠪᠦᠭᠡ ᠶᠢᠨ ᠭᠡᠷ ᠲᠤ ᠤᠨᠳᠠᠬᠤ ᠦᠷᠦᠭᠡᠨ ᠤ ᠰᠤᠪᠢᠯᠠᠯᠳᠠ ᠶᠢᠨ ᠤᠷᠤ᠂ ᠤᠨᠳᠠᠯᠭ᠎ᠠ ᠶᠢᠨ ᠰᠢᠯᠭᠠᠭᠤᠷ᠂360℃ ᠤᠨ ᠠᠪᠢᠶᠠᠨ ᠤ ᠲᠦᠷᠰᠦ ᠰᠢᠩᠭᠡᠭᠡᠯᠳᠡ ᠶᠢᠨ ᠺᠠᠮᠧᠷᠠ ᠵᠡᠷᠭᠡ ᠡᠯ᠎ᠡ ᠲᠦᠷᠦᠯ ᠤᠨ ᠲᠦᠬᠦᠭᠡᠷᠦᠮᠵᠢ ᠪᠦᠷᠢᠨ ᠪᠠᠶᠢᠳᠠᠭ᠂ ᠡᠨᠡ ᠵᠢᠯ84 ᠨᠠᠰᠤᠳᠠᠢ ᠯᠢ ᠡᠪᠦᠭᠡ ᠬᠦᠩᠭᠡᠨ ᠲᠠᠷᠢᠬᠢᠨ ᠤ ᠰᠤᠳᠠᠯ ᠤᠨ ᠲᠦᠭᠵᠢᠷᠡᠯ ᠠᠴᠠ ᠤᠷᠳᠤ ᠬᠤᠭᠤᠴᠠᠭ᠎ᠠ ᠪᠠᠷ ᠬᠡᠪᠳᠡᠨ ᠰᠤᠪᠢᠯᠠᠵᠦ᠂ ᠨᠡᠶᠢᠭᠡᠮ ᠲᠤᠭᠤᠷᠢᠭ ᠤᠨ ᠬᠢᠨ ᠭᠡᠷ ᠪᠦᠯᠢ ᠶᠢᠨ ᠪᠠᠶᠢᠳᠠᠯ ᠢ ᠤᠶᠢᠯᠠᠭᠠᠵᠦ᠂ ᠬᠤᠯᠪᠤᠭᠳᠠᠯ ᠪᠦᠬᠦᠢ ᠲᠦᠬᠦᠭᠡᠷᠦᠮᠵᠢ ᠶᠢ ᠴᠠᠭ ᠲᠤᠬᠠᠢ ᠳᠤᠨᠢ ᠠᠷᠠᠳ  ᠤᠨ ᠶᠠᠪᠤᠳᠠᠯ ᠤᠨ ᠲᠤᠪᠴᠢᠶ᠎ᠠ ᠠᠴᠠ ᠭᠤᠶᠤᠴᠢᠯᠠᠵᠦ ᠲᠡᠳᠡᠨ ᠳᠤ ᠲᠦᠭᠦᠮ ᠦᠵᠡᠭᠦᠯᠪᠡ᠃
微信图片_20231128151903.jpg
      ︽ᠰᠤᠪᠢᠯᠠᠯᠳᠠ ᠶᠢᠨ ᠤᠷᠤ ᠨᠢ ᠨᠠᠰᠤᠳᠠᠨ ᠤ ᠵᠢᠷᠦᠬᠡᠨ ᠤ ᠲᠠᠪᠳᠠᠮᠵᠢ᠂ ᠠᠮᠢᠰᠬᠤᠯ᠂ ᠨᠤᠶᠢᠷ ᠵᠢᠴᠢ ᠤᠷᠤᠨ ᠲᠡᠭᠡᠷ᠎ᠡ ᠪᠠᠶᠢᠬᠤ ᠡᠰᠡᠬᠦ ᠶᠢ ᠪᠠᠶᠢᠴᠠᠭᠠᠵᠦ ᠤᠯᠳᠠᠭ᠂ ᠬᠡᠷᠪᠡ ᠬᠡᠪ ᠤᠨ ᠪᠤᠰᠤ ᠪᠠᠶᠢᠳᠠᠯ ᠪᠠᠶᠢᠪᠠᠯ ᠨᠠᠰᠤᠵᠢᠯ ᠤᠨ ᠲᠦᠪ ᠪᠢᠳᠡᠨ ᠳᠤ ᠣᠳᠠᠰᠦ ᠪᠠᠷ ᠰᠡᠷᠡᠮᠵᠢᠯᠡᠬᠦᠯᠬᠦ ᠶᠢᠨ ᠬᠠᠮᠳᠦ ᠦᠷᠭᠦᠯᠵᠢ ᠢᠷᠡᠵᠦ ᠨᠠᠰᠤᠳᠠᠨ ᠤ ᠪᠠᠶᠢᠳᠠᠯ ᠢ ᠪᠠᠶᠢᠴᠠᠭᠠᠳᠠᠭ ᠂ ᠪᠢᠳᠡ ᠵᠠᠷᠢᠮ ᠳᠠᠭᠠᠨ ᠨᠠᠰᠤᠳᠠᠨ ᠤ ᠲᠡᠷᠭᠡᠳᠡ ᠪᠠᠶᠢᠬᠤ ᠦᠭᠡᠢ ᠪᠤᠯ ᠬᠢᠨᠠᠨ ᠡᠵᠡᠮᠳᠡᠬᠦ ᠪᠠᠷ ᠲᠠᠮᠵᠢᠭᠤᠯᠤᠨ ᠨᠠᠰᠤᠳᠠᠨ  ᠤ ᠪᠤᠳᠠᠳᠠᠢ ᠪᠠᠶᠢᠳᠠᠯ ᠢ ᠴᠠᠭ ᠲᠤᠬᠠᠢ ᠳᠤᠨᠢ ᠤᠶᠢᠯᠠᠭᠠᠵᠦ᠂ ᠭᠠᠷ ᠤᠳᠠᠰᠤᠨ ᠲᠡᠭᠡᠷ᠎ᠡ ᠠᠴᠠ ᠪᠠᠶᠢᠴᠠᠭᠠᠨ ᠦᠵᠡᠵᠦ ᠪᠤᠯᠳᠠᠭ︾ ᠭᠡᠵᠦ ᠠᠪᠤ ᠪᠠᠨ ᠬᠠᠷᠠᠭᠠᠯᠵᠠᠵᠦ ᠪᠠᠶᠢᠭᠰᠠᠨ ᠯᠢ ᠰᠦ ᠫᠢᠩ ᠬᠡᠯᠡᠪᠡ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠤᠶᠤᠨᠴᠢ ᠠᠰᠠᠷᠠᠮᠵᠢ ᠶᠢ ᠪᠡᠶᠡᠯᠡᠭᠦᠯᠵᠦ᠂ ᠰᠦᠯᠵᠢᠶᠡᠨ ᠲᠡᠭᠡᠷᠡᠬᠢ ᠪᠠᠶᠢᠷᠢᠰᠢᠭᠤᠯᠤᠯᠳᠠ ᠳᠤ ᠲᠦᠰᠢᠭᠯᠡᠨ᠂ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡ ᠶᠢ ᠰᠢᠯᠢᠳᠡᠭᠵᠢᠭᠦᠯᠵᠦ᠂ ᠤᠶᠤᠨᠴᠢ ᠵᠦᠭᠡᠯᠡᠨ ᠬᠠᠳᠠᠭᠤ ᠲᠤᠨᠤᠭ ᠢᠶᠠᠷ ᠲᠠᠮᠵᠢᠭᠤᠯᠤᠨ ᠨᠠᠰᠤᠳᠠᠶᠢᠴᠤᠳ ᠲᠤ ᠦᠢᠯᠡᠴᠢᠯᠡᠬᠦ ᠰᠢᠨ᠎ᠡ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠵᠠᠭᠪᠤᠷ ᠤᠨ ᠰᠢᠨ᠎ᠡ ᠶᠢ ᠡᠭᠦᠳᠴᠦ ᠪᠠᠶᠢᠨ᠎ᠠ᠃ ︽ᠤᠳᠤ ᠶᠢᠨ ᠨᠠᠰᠤᠵᠢᠯ ᠤᠨ ᠠᠰᠠᠷᠠᠮᠵᠢ ᠶᠢᠨ ᠨᠦᠬᠦᠴᠡᠯ ᠨᠡᠯᠢᠶᠡᠳ ᠰᠠᠶᠢᠨ ᠪᠠᠶᠢᠨ᠎ᠠ᠂ ᠭᠡᠷ ᠪᠦᠯᠢ ᠳᠤ ᠪᠠᠰᠠ ᠮᠠᠰᠢ ᠤᠯᠠᠨ ᠤᠶᠤᠨᠴᠢᠯᠠᠭᠰᠠᠨ ᠲᠦᠬᠦᠭᠡᠷᠦᠮᠵᠢ ᠲᠠᠢ᠂ ᠦᠷ᠎ᠡ ᠬᠡᠥᠬᠡᠳ ᠨᠢ ᠴᠤ ᠨᠠᠰᠤᠳᠠᠨ ᠢ ᠨᠡᠩ ᠰᠠᠶᠢᠨ ᠬᠠᠷᠠᠭᠠᠯᠵᠠᠵᠦ ᠪᠤᠯᠤᠨ᠎ᠠ᠂ ᠤᠳᠤ ᠶᠢᠨ ᠨᠠᠰᠤᠳᠠᠳ ᠦᠳᠡᠯᠪᠡᠯ ᠠᠰᠠᠷᠠᠮᠵᠢ ᠲᠠᠢ᠂ ᠡᠪᠡᠳᠴᠢᠯᠡᠪᠡᠯ ᠦᠵᠡᠭᠦᠯᠬᠦ ᠠᠮᠨᠡᠯᠭᠡ ᠲᠠᠢ ᠪᠠᠶᠢᠨ᠎ᠠ ︾ ᠭᠡᠵᠦ ᠯᠢ ᠰᠦ ᠫᠢᠩ ᠬᠡᠯᠡᠪᠡ᠃
微信图片_20231128151906.jpg
微信图片_20231128151909.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号