4 ᠳ᠋ᠦ᠋ᠭᠡᠷ ᠰᠠᠷ᠎ᠠ ᠶᠢᠨ 25 ᠤ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠳᠠᠷᠤᠭ᠎ᠠ ᠸᠠᠩ | ᠭᠤᠸᠠᠩ ᠬᠤᠸᠠ ᠪᠥᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ | ᠨᠤᠲᠠᠯᠠᠨ ᠳᠠᠩᠰᠠᠯᠠᠬᠤ ᠠᠵᠢᠯ ᠤᠨ ᠬᠤᠷᠠᠯ ᠳᠡᠭᠡᠷ᠎ᠡ᠂ ᠮᠠᠨ ᠤ ᠤᠯᠤᠰ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ | ᠳᠠᠩᠰᠠᠯᠠᠯᠲᠠ ᠬᠢᠬᠦ ᠶᠢ ᠪᠥᠬᠦ ᠲᠠᠯ᠎ᠠ ᠪᠠᠷ ᠪᠡᠶᠡᠯᠡᠭᠦᠯᠦᠭᠰᠡᠨ ᠢ ᠵᠠᠷᠯᠠᠨ ᠨᠠᠶᠢᠳᠡᠯᠡᠪᠡ᠃ | ᠡᠨᠡ ᠨᠢ ᠠᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠲᠠᠷᠠᠬᠠᠢ ᠪᠤᠲᠠᠷᠬᠠᠢ ᠪᠠᠶᠢᠭᠰᠠᠨ ᠠᠴᠠ ᠨᠢᠭᠡᠳᠦᠯᠲᠡᠢ | ᠪᠣᠯᠭᠠᠵᠤ᠂ ᠬᠤᠲᠠ ᠶᠢᠨ ᠭᠡᠷ ᠪᠠᠶᠢᠰᠢᠩ ᠠᠴᠠ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ᠂ ᠥᠯᠥ | ᠬᠥᠳᠡᠯᠬᠦ ᠬᠥᠷᠥᠩᠭᠡ ᠠᠴᠠ ᠪᠠᠶᠢᠭᠠᠯᠢ ᠶᠢᠨ ᠡᠬᠢ ᠪᠠᠶᠠᠯᠢᠭ ᠬᠦᠷᠲᠡᠯ᠎ᠡ᠂ ᠪᠣᠶ ᠪᠦᠬᠦᠢ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢ ᠬᠠᠮᠤᠷᠴᠤ᠂ ᠪᠦᠬᠦ᠋ᠢᠯᠡ ᠥᠯᠥ ᠬᠥᠳᠡᠯᠬᠦ ᠬᠥᠷᠥᠩᠭᠡ ᠶᠢᠨ ᠪᠣᠳᠠᠰ ᠤᠨ ᠡᠷᠬᠡ ᠶᠢ | ᠬᠠᠮᠤᠷᠤᠭᠰᠠᠨ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ ᠳᠠᠩᠰᠠᠯᠠᠯᠲᠠ ᠶᠢᠨ ᠳᠦᠷᠢᠮ ᠢ ᠪᠥᠬᠦ ᠲᠠᠯ᠎ᠠ ᠪᠠᠷ | ᠪᠠᠶᠢᠭᠤᠯᠤᠭᠰᠠᠨ ᠢ ᠬᠠᠷᠠᠭᠤᠯᠵᠤ ᠪᠠᠶᠢᠨ᠎ᠠ᠃ | ᠮᠠᠨ ᠤ ᠤᠯᠤᠰ ᠢᠷᠭᠡᠨ ᠤ ᠬᠠᠤᠯᠢ ᠶᠢᠨ ᠪᠢᠴᠢᠭ ᠢᠶᠠᠷ ᠶᠡᠷᠦᠩᠬᠡᠶᠢᠯᠡᠨ ᠵᠢᠯᠣᠭᠤᠳᠤᠭᠤᠯᠵᠤ᠂ ︽ᠥᠯᠥ | ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ︾ ᠢᠶᠠᠷ ᠭᠤᠣᠯ ᠪᠣᠯᠭᠠᠵᠤ᠂ | ᠬᠡᠷᠡᠭᠵᠢᠭᠦᠯᠬᠦ ᠨᠠᠷᠢᠨ ᠳᠦᠷᠢᠮ᠂ ᠠᠵᠢᠯᠯᠠᠭᠠᠨ ᠤ ᠵᠢᠷᠤᠮᠵᠢᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ | ᠵᠡᠷᠭᠡ ᠪᠠᠷ ᠢᠵᠢ ᠪᠦᠷᠢᠳᠦᠭᠦᠯᠦᠨ ᠲᠤᠯᠭᠠᠭᠤᠷᠢᠯᠠᠭᠰᠠᠨ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠢ | ᠳᠠᠩᠰᠠᠯᠠᠯᠲᠠ ᠶᠢᠨ ᠳᠦᠷᠢᠮ ᠤᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠯᠳᠦᠭᠦᠯᠦᠭᠰᠡᠨ ᠪᠠᠶᠢᠨ᠎ᠠ᠃ | 2013 ᠣᠨ ᠤ 3 ᠳ᠋ᠤᠭᠠᠷ ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ ᠪᠠᠶᠢᠭᠤᠯᠤᠮᠵᠢ ᠪᠠᠶᠢᠭᠤᠯᠬᠤ ᠪᠠᠷ | ᠲᠣᠭᠲᠠᠵᠤ᠂ ᠣᠯᠠᠨ ᠰᠠᠯᠠᠭ᠎ᠠ ᠮᠥᠴᠢᠷ ᠲᠤ ᠲᠠᠷᠬᠠᠵᠤ ᠪᠠᠶᠢᠭᠰᠠᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ | ᠡᠭᠦᠷᠭᠡ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠵᠦ᠂ ᠳᠠᠩᠰᠠᠯᠠᠬᠤ ᠪᠠᠶᠢᠭᠤᠯᠤᠮᠵᠢ᠂ ᠳᠠᠩᠰᠠᠯᠠᠬᠤ ᠳᠡᠪᠲᠡᠷ᠂ | ᠳᠠᠩᠰᠠᠯᠠᠬᠤ ᠦᠨᠳᠦᠰᠦᠯᠡᠯ ᠪᠠ ᠮᠡᠳᠡᠭᠡ ᠵᠠᠩᠭᠢ ᠶᠢᠨ ᠲᠠᠪᠴᠠᠩ ︽ᠳᠥᠷᠪᠡ ᠶᠢ ᠨᠢᠭᠡᠳᠬᠡᠬᠦ︾ ᠥᠭᠡᠷᠡᠴᠢᠯᠡᠯᠲᠡ ᠶᠢᠨ | ᠡᠭᠦᠷᠭᠡ ᠶᠢ ᠪᠡᠶᠡᠯᠡᠭᠦᠯᠬᠦ ᠪᠠᠷ ᠳᠤᠷᠠᠳᠤᠨ ᠭᠠᠷᠭᠠᠵᠠᠢ᠃ |