ᠮᠠᠨ ᠤ ᠣᠷᠣᠨ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ  ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2023/11/29
      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂  ᠥᠪᠥᠷ ᠮᠣᠩᠭᠤᠯ 5 ᠵᠢᠯ ᠤᠨ ᠬᠤᠭᠤᠴᠠᠭ᠎ᠠ ᠬᠡᠷᠡᠭᠰᠡᠵᠦ ᠪᠠᠶᠢᠭᠠᠳ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ  ᠥᠷᠨᠢᠭᠦᠯᠵᠦ᠂ ᠭᠤᠣᠯ ᠪᠣᠯᠬᠤ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠬᠦ ᠭᠤᠭᠴᠤᠭ᠎ᠠ ᠶᠢᠨ ᠣᠶᠤᠨᠴᠢ  ᠲᠣᠨᠣᠭᠯᠠᠯ ᠤᠨ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠪᠤᠢ᠃         ᠣᠶᠢᠯᠠᠭᠠᠭᠰᠠᠨ ᠢᠶᠠᠷ᠂ ᠲᠦᠷᠦᠭᠦᠬᠡᠨ ᠳᠤ ︽ᠭᠤᠣᠯ ᠪᠣᠯᠬᠤ ᠲᠡᠵᠢᠭᠡᠯ ᠡᠪᠡᠰᠦ ᠪᠣᠷᠳᠤᠭ᠎ᠠ ᠶᠢᠨ  ᠦᠢᠯᠡᠳᠪᠦᠷᠢᠯᠡᠯ ᠤᠨ ᠪᠥᠬᠦ ᠶᠠᠪᠤᠴᠠ ᠶᠢᠨ ᠣᠶᠤᠨᠴᠢᠯᠠᠭᠰᠠᠨ ᠠᠵᠢᠯᠯᠠᠭᠠᠨ ᠤ ᠲᠣᠨᠣᠭᠯᠠᠯ ᠢ ᠡᠭᠦᠳᠦᠨ ᠦᠢᠯᠡᠳᠬᠦ ᠪᠠ  ᠬᠡᠷᠡᠭᠯᠡᠬᠦ︾ ᠲᠥᠷᠥᠯ ᠵᠦᠢᠯ ᠢ ᠡᠬᠢᠯᠡᠭᠦᠯᠬᠦ ᠬᠤᠷᠠᠯ ᠬᠥᠬᠡᠬᠤᠲᠠ ᠳᠤ ᠬᠤᠷᠠᠯᠳᠤᠪᠠ᠃ ᠲᠤᠰ ᠲᠦᠷᠦᠯ ᠵᠦᠢᠯ ᠪᠣᠯ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ︽ᠠᠷᠪᠠᠨ ᠳᠥᠷᠪᠡᠳᠦᠭᠡᠷ ᠲᠠᠪᠤᠨ ᠵᠢᠯ ︾ ᠤᠨ  ᠲᠥᠯᠥᠪᠵᠢᠭᠦᠯᠭᠡ ᠶᠢᠨ ᠬᠤᠭᠤᠴᠠᠭᠠᠨ ᠤ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽  ᠦᠢᠯᠡᠳᠪᠦᠷᠢᠵᠢᠭᠰᠡᠨ ᠲᠠᠷᠢᠶᠠᠯᠠᠩ ᠤᠨ ᠵᠠᠩᠭᠢᠯᠠᠭ᠎ᠠ ᠶᠢᠨ ᠮᠡᠷᠭᠡᠵᠢᠯ ᠬᠢᠭᠡᠳ ᠣᠶᠤᠨᠴᠢ ᠲᠠᠷᠢᠶᠠᠯᠠᠩ ᠤᠨ ᠮᠠᠰᠢᠨ  ᠲᠣᠨᠣᠭᠯᠠᠯ︾ ᠤᠨ ᠭᠤᠣᠯᠳᠠᠯᠭ᠎ᠠ ᠲᠠᠢ ᠲᠤᠰᠬᠠᠢ ᠲᠦᠷᠦᠯ ᠵᠦᠢᠯ ᠪᠣᠯᠣᠨ᠎ᠠ᠃ ᠳᠤᠮᠳᠠᠳᠤ ᠤᠯᠤᠰ ᠤᠨ  ᠲᠠᠷᠢᠶᠠᠯᠠᠩ ᠤᠨ ᠮᠧᠬᠠᠨᠢᠭᠵᠢᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠥᠬᠡᠬᠤᠲᠠ ᠳᠠᠬᠢ  ᠬᠤᠪᠢᠶᠠᠷᠢ ᠬᠦᠷᠢᠶᠡᠯᠡᠩ ᠤᠨ ᠬᠢᠵᠠᠭᠠᠷᠲᠤ ᠺᠣᠮᠫᠠᠨᠢ ᠲᠦᠷᠦᠭᠦᠯᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ  ᠰᠤᠷᠭᠠᠭᠤᠯᠢ᠂ ᠬᠢᠷᠢᠨ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠤᠷᠳᠤ ᠬᠤᠭᠤᠴᠠᠭ᠎ᠠ ᠪᠠᠷ  ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠤᠨ ᠮᠡᠷᠭᠡᠵᠢᠯ ᠪᠣᠯᠣᠨ ᠲᠣᠨᠣᠭᠯᠠᠯ ᠢ ᠰᠤᠳᠤᠯᠤᠨ ᠨᠡᠭᠡᠭᠡᠬᠦ  ᠠᠵᠢᠯ ᠢ ᠬᠢᠵᠦ ᠪᠠᠶᠢᠭ᠎ᠠ ᠳᠠᠪᠠᠭᠤᠯᠢᠭ 9 ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ  ᠬᠦᠷᠢᠶᠡᠯᠡᠩ ᠭᠠᠵᠠᠷ ᠪᠣᠯᠣᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠲᠠᠢ ᠬᠤᠯᠪᠣᠭᠠᠯᠠᠵᠤ᠂ ᠲᠡᠵᠢᠭᠡᠯ  ᠡᠪᠡᠰᠦ ᠪᠣᠷᠳᠤᠭ᠎ᠠ ᠦᠢᠯᠡᠳᠪᠦᠷᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ  ᠴᠣᠭᠴᠠ ᠶᠢ ᠪᠠᠶᠢᠭᠤᠯᠵᠤ ᠪᠠᠶᠢᠭᠠᠳ ᠬᠠᠮᠲᠤ ᠪᠠᠷ ᠬᠡᠷᠡᠭᠵᠢᠭᠦᠯᠦᠨ᠎ᠡ᠃       ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 5000 ᠲᠦᠮᠡᠨ ᠲᠥᠭᠦᠷᠢᠭ᠂ ᠬᠡᠷᠡᠭᠵᠢᠭᠦᠯᠬᠦ  ᠬᠤᠭᠤᠴᠠᠭ᠎ᠠ ᠨᠢ 5 ᠵᠢᠯ ᠪᠠᠶᠢᠵᠦ᠂ 5 ᠰᠡᠳᠦᠪ ᠪᠠᠭᠲᠠᠭᠠᠨ᠎ᠠ᠃ ᠮᠠᠨ ᠤ ᠤᠯᠤᠰ ᠤᠨ ᠲᠡᠵᠢᠭᠡᠯ ᠡᠪᠡᠰᠦ  ᠪᠣᠷᠳᠤᠭ᠎ᠠ ᠶᠢᠨ ᠬᠠᠩᠭᠠᠯᠭ᠎ᠠ ᠬᠦᠷᠦᠯᠴᠡᠬᠦ ᠦᠭᠡᠢ᠂ ᠮᠡᠷᠭᠡᠵᠢᠯ ᠲᠣᠨᠣᠭᠯᠠᠯ ᠤᠨ ᠲᠤᠯᠭᠠᠭᠤᠷᠢᠯᠠᠬᠤ ᠬᠦᠴᠦᠨ ᠴᠢᠩᠭ᠎ᠠ  ᠪᠤᠰᠤ᠂ ᠵᠠᠩᠭᠢᠯᠠᠭ᠎ᠠ ᠶᠢᠨ ᠮᠡᠷᠭᠡᠵᠢᠯ ᠪᠠ ᠲᠣᠨᠣᠭᠯᠠᠯ ᠤᠨ ᠭᠠᠳᠠᠭᠠᠳᠤ ᠳᠤ ᠲᠦᠰᠢᠭᠯᠡᠬᠦ ᠬᠡᠮᠵᠢᠶ᠎ᠡ ᠥᠨᠳᠥᠷ ᠵᠡᠷᠭᠡ  ᠠᠰᠠᠭᠤᠳᠠᠯ ᠳᠤ ᠴᠢᠭᠯᠡᠭᠦᠯᠦᠨ᠂ ᠳᠠᠷᠢᠬᠤ᠂ ᠬᠤᠷᠢᠶᠠᠬᠤ᠂ ᠬᠠᠳᠠᠭᠠᠯᠠᠵᠤ ᠵᠥᠭᠡᠭᠡᠪᠦᠷᠢᠯᠡᠬᠦ ᠵᠡᠷᠭᠡ ᠭᠤᠣᠯ ᠪᠣᠯᠬᠤ  ᠦᠢᠯᠡᠳᠪᠦᠷᠢᠯᠡᠯ ᠤᠨ ᠭᠤᠭᠴᠤᠭ᠎ᠠ ᠶᠢᠨ ᠲᠣᠭᠤᠷᠢᠨ ᠳᠤ᠂ ᠬᠥᠷᠥᠰᠥ ᠰᠢᠷᠣᠢ — ᠮᠠᠰᠢᠨ ᠮᠧᠬᠠᠨᠢᠭ —  ᠤᠷᠭᠤᠮᠠᠯ ᠤᠨ ᠬᠠᠷᠢᠯᠴᠠᠨ ᠦᠢᠯᠡᠴᠢᠯᠡᠬᠦ᠂ ᠶᠠᠰᠤ ᠴᠢᠨᠠᠷ ᠢ ᠪᠠᠲᠤᠯᠠᠨ ᠰᠦᠢᠳᠦᠯ ᠢ ᠪᠠᠭᠠᠰᠬᠠᠬᠤ᠂ ᠪᠦᠬᠦ ᠶᠠᠪᠤᠴᠠ ᠳᠤ  ᠣᠶᠤᠨᠴᠢ ᠪᠠᠷ ᠲᠣᠬᠢᠷᠠᠭᠤᠯᠤᠨ ᠡᠵᠡᠮᠳᠡᠬᠦ ᠵᠡᠷᠭᠡ ᠲᠠᠯ᠎ᠠ ᠠᠴᠠ ᠭᠠᠷᠳᠠᠵᠤ᠂ ᠴᠢᠨᠠᠷ ᠰᠠᠶᠢᠲᠠᠢ ᠲᠡᠵᠢᠭᠡᠯ ᠡᠪᠡᠰᠦ  ᠪᠣᠷᠳᠣᠭᠠᠨ ᠤ ᠦᠷ᠎ᠡ ᠶᠢ ᠥᠨᠳᠥᠷ ᠪᠦᠲᠦᠮᠵᠢᠲᠡᠢ ᠪᠠᠷ ᠲᠡᠭᠦᠵᠦ ᠬᠤᠷᠢᠶᠠᠬᠤ ᠪᠠ ᠠᠮᠢᠵᠢᠷᠠᠯ ᠤᠨ ᠬᠦᠴᠦᠨ ᠢ  ᠳᠡᠭᠡᠭᠰᠢᠯᠡᠭᠦᠯᠬᠦ᠂ ᠳᠣᠣᠷ᠎ᠠ ᠨᠥᠯᠥᠭᠡᠯᠡᠯ ᠰᠦᠢᠳᠤᠯ ᠲᠠᠢ ᠪᠠᠷ ᠳᠠᠷᠢᠵᠤ ᠤᠷᠭᠤᠭᠤᠯᠬᠤ᠂ ᠰᠢᠮ᠎ᠡ ᠲᠡᠵᠢᠭᠡᠯ ᠢ  ᠬᠠᠮᠠᠭᠠᠯᠠᠨ ᠬᠤᠷᠢᠶᠠᠵᠤ ᠠᠪᠬᠤ ᠵᠡᠷᠭᠡ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠵᠢᠭᠡᠯ  ᠡᠪᠡᠰᠦᠨ ᠤ ᠦᠢᠯᠡᠳᠪᠦᠷᠢᠯᠡᠯ ᠤᠨ ᠠᠬᠤᠢ ᠲᠠᠯᠠᠪᠤᠷ ᠤᠨ ᠲᠣᠨᠣᠭᠯᠠᠯ ᠤᠨ ᠠᠵᠢᠯᠯᠠᠬᠤ ᠪᠣᠯᠵᠣᠯᠲᠤ ᠲᠤᠭ᠎ᠠ ᠬᠢᠭᠡᠳ  ᠠᠵᠢᠯᠯᠠᠬᠤ ᠶᠠᠰᠤ ᠴᠢᠨᠠᠷ ᠤᠨ ᠪᠥᠬᠦ ᠶᠠᠪᠤᠴᠠ ᠶᠢ ᠣᠶᠤᠨᠴᠢ ᠪᠠᠷ ᠬᠢᠨᠠᠨ ᠡᠵᠡᠮᠳᠡᠵᠦ᠂ ᠳᠠᠪᠠᠭᠤᠯᠢᠭ ᠡᠪᠡᠰᠦᠨ  ᠦᠷ᠎ᠡ ᠶᠢ ᠥᠨᠳᠥᠷ ᠪᠦᠲᠦᠮᠵᠢᠲᠡᠢ᠂ ᠰᠦᠢᠳᠤᠯ ᠳᠣᠣᠷ᠎ᠠ ᠥᠨᠳᠥᠷ ᠴᠡᠪᠡᠷᠴᠡ ᠲᠠᠢ ᠪᠠᠷ ᠲᠡᠭᠦᠵᠦ ᠬᠤᠷᠢᠶᠠᠬᠤ ᠪᠠ  ᠰᠥᠷᠬᠦ ᠨᠥᠯᠥᠭᠡᠯᠡᠯ ᠤᠨ ᠡᠰᠡᠷᠭᠦᠴᠠᠯ ᠡᠭᠦᠰᠬᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠳᠤ ᠭᠤᠣᠯᠳᠠᠯᠭ᠎ᠠ ᠲᠠᠢ  ᠰᠢᠪᠲᠤᠯᠤᠯᠲᠠ ᠭᠠᠷᠭᠠᠬᠤ ᠪᠣᠯᠣᠨ᠎ᠠ᠃         ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ ᠨᠢ ᠤᠳᠤ ᠦᠶ᠎ᠡ ᠶᠢᠨ ᠲᠠᠷᠢᠶᠠᠯᠠᠩ ᠤᠨ ᠴᠢᠬᠤᠯᠠ  ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠲᠠᠷᠢᠶᠠᠯᠠᠩ ᠤᠨ ᠪᠦᠲᠦᠴᠡ ᠶᠢ ᠲᠣᠬᠢᠷᠠᠭᠤᠯᠤᠨ  ᠰᠢᠯᠢᠳᠡᠭᠵᠢᠭᠦᠯᠬᠦ ᠶᠢᠨ ᠴᠢᠬᠤᠯᠠ ᠬᠦᠴᠦᠯᠡᠬᠦ ᠴᠡᠭ ᠮᠥᠨ᠃ ᠮᠠᠨ ᠤ ᠤᠯᠤᠰ ᠤᠨ ᠲᠡᠵᠢᠭᠡᠯ ᠡᠪᠡᠰᠦ ᠪᠣᠷᠳᠣᠭᠠᠨ ᠤ  ᠦᠢᠯᠡᠳᠪᠦᠷᠢᠯᠡᠯ ᠤᠨ ᠭᠤᠣᠯᠯᠠᠬᠤ ᠮᠡᠷᠭᠡᠵᠢᠯ ᠪᠠ ᠪᠡᠶ᠎ᠡ ᠪᠠᠨ ᠳᠠᠭᠠᠭᠠᠭᠰᠠᠨ ᠲᠣᠨᠣᠭᠯᠠᠯ ᠢ ᠡᠭᠦᠳᠴᠦ᠂ ᠤᠳᠤ  ᠦᠶ᠎ᠡ ᠶᠢᠨ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠨᠢ  ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ᠂ ᠲᠠᠷᠢᠶᠠᠯᠠᠩ ᠬᠥᠳᠡᠭᠡ ᠲᠣᠰᠬᠤᠨ ᠤ  ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号