ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠬᠦᠴᠦ ᠪᠠᠷ ᠢᠶᠠᠨ ᠰᠠᠶᠢᠲᠤᠷ ᠬᠢᠬᠦ ᠶᠢᠨ ᠲᠤᠰᠠᠳᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠴᠡᠴᠡᠷᠯᠢᠭ ᠲᠤ ᠣᠷᠣᠵᠤ ᠰᠤᠷᠭᠠᠭᠤᠯᠢ ᠳᠤ  ᠣᠷᠣᠬᠤ ᠨᠢᠭᠡ ᠶᠠᠪᠤᠳᠠᠯ ᠢ ᠭᠦᠢᠴᠡᠳᠬᠡᠬᠦ ᠲᠤᠬᠠᠢ ᠵᠢᠯᠣᠭᠤᠳᠬᠤ ᠰᠠᠨᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/11/29
      ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠠᠷᠠᠳ  ᠣᠯᠠᠨ ᠤ ᠰᠤᠷᠭᠠᠨ ᠬᠥᠮᠦᠵᠢᠯ ᠤᠨ ᠲᠤᠬᠠᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ  ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠦᠨ᠂ ᠭᠡᠷ ᠤᠨ ᠠᠬᠠᠮᠠᠳ ᠤᠨ ᠬᠡᠦᠬᠡᠳ ᠢᠶᠠᠨ  ᠴᠡᠴᠡᠷᠯᠢᠭ ᠲᠤ ᠣᠷᠣᠭᠤᠯᠤᠨ ᠰᠤᠷᠭᠠᠭᠤᠯᠢ ᠳᠤ ᠣᠷᠣᠭᠤᠯᠬᠤ ᠠᠵᠢᠯ ᠶᠠᠪᠤᠳᠠᠯ ᠢ ᠭᠦᠢᠴᠡᠳᠬᠡᠬᠦ ᠳᠤ ᠣᠯᠠᠨ ᠭᠠᠵᠠᠷ  ᠭᠦᠶᠦᠬᠦ᠂ ᠣᠯᠠᠨ ᠤᠳᠠᠭ᠎ᠠ ᠭᠦᠶᠦᠬᠦ᠂ ᠮᠠᠲ᠋ᠧᠷᠢᠶᠠᠯ ᠣᠯᠠᠨ᠂ ᠠᠯᠬᠤᠮ ᠳᠠᠷᠠᠭ᠎ᠠ ᠪᠤᠳᠤᠯᠢᠶᠠᠨᠲᠠᠶ ᠵᠡᠷᠭᠡ  ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠳᠣᠲᠣᠭᠠᠳᠤ ᠶᠢ ᠬᠠᠮᠠᠭᠠᠯᠠᠬᠤ ᠲᠢᠩᠬᠢᠮ  ᠵᠡᠷᠭᠡ 7 ᠰᠠᠯᠠᠭ᠎ᠠ ᠮᠥᠴᠢᠷ ᠲᠠᠢ ᠬᠤᠯᠪᠣᠭᠠᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ ᠨᠢᠭᠡ ᠶᠠᠪᠤᠳᠠᠯ ᠢ ᠭᠦᠢᠴᠡᠳᠬᠡᠬᠦ ᠲᠤᠬᠠᠶ ᠵᠢᠯᠣᠭᠤᠳᠬᠤ ᠰᠠᠨᠠᠯ︾  ᠢ ᠳᠠᠷᠤᠮᠠᠯᠯᠠᠨ ᠲᠠᠷᠬᠠᠭᠠᠵᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠴᠣᠮᠬᠠᠳᠬᠠᠬᠤ᠂ ᠬᠢᠨᠠᠨ ᠵᠥᠪᠰᠢᠶᠡᠷᠡᠬᠦ  ᠴᠣᠪᠤᠷᠠᠯ ᠢ ᠵᠢᠷᠤᠮᠵᠢᠭᠤᠯᠬᠤ᠂ ᠲᠤᠭ᠎ᠠ ᠪᠠᠷᠢᠮᠲᠠ ᠶᠢ ᠬᠠᠮᠲᠤ ᠪᠠᠷ ᠬᠥᠷᠲᠡᠬᠦ ᠶᠢ ᠴᠢᠩᠭᠠᠳᠬᠠᠬᠤ ᠵᠡᠷᠭᠡ ᠠᠷᠭ᠎ᠠ  ᠬᠡᠮᠵᠢᠶ᠎ᠡ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ  ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ  ᠡᠷᠦᠬᠡ ᠠᠮᠠ ᠶᠢᠨ ᠬᠠᠷᠢᠶᠠᠯᠠᠯ᠂ ᠥᠯᠥ ᠬᠥᠳᠡᠯᠬᠦ ᠬᠥᠷᠥᠩᠭᠡ᠂ ᠬᠡᠷ ᠪᠠᠶᠢᠰᠢᠩ ᠤᠨ ᠠᠷᠠᠯᠵᠢᠶ᠎ᠠ᠂ ᠨᠡᠶᠢᠭᠡᠮ ᠤᠨ  ᠪᠠᠲᠤᠯᠠᠭ᠎ᠠ ᠶᠢᠨ ᠭᠡᠷᠡᠴᠢᠯᠡᠯ ᠵᠡᠷᠭᠡ ︽ᠲᠤᠭ᠎ᠠ ᠪᠠᠷᠢᠮᠲᠠ ᠶᠢᠨ ᠲᠥᠭᠵᠢᠷᠡᠯ︾ ᠢ ᠨᠡᠪᠲᠡᠷᠡᠭᠦᠯᠵᠦ᠂ ︽ᠴᠡᠴᠡᠷᠯᠢᠭ ᠲᠤ  ᠣᠷᠣᠵᠤ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠶᠢ  ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠭᠠᠵᠠᠷ ᠤᠨ  ᠰᠣᠷᠣᠭᠴᠢ ᠡᠯᠰᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠰᠢᠰᠲ᠋ᠧᠮ ᠢ ᠨᠡᠭᠡᠭᠡᠨ ᠠᠰᠢᠭᠯᠠᠵᠤ ᠬᠡᠷᠡᠭᠯᠡᠬᠦ ᠶᠢ  ᠰᠠᠶᠢᠲᠤᠷ ᠬᠢᠬᠦ᠂ ᠤᠬᠠᠭᠤᠯᠤᠨ ᠵᠢᠯᠣᠭᠤᠳᠬᠤ ᠵᠡᠷᠭᠡ ᠠᠵᠢᠯ ᠢ ᠤᠯᠠᠮ ᠨᠢᠭᠡ ᠠᠯᠬᠤᠮ ᠵᠢᠯᠣᠭᠤᠳᠴᠤ᠂ ᠠᠰᠠᠭᠤᠨ  ᠯᠠᠪᠯᠠᠬᠤ ᠬᠠᠯᠠᠮᠰᠢᠯ ᠤᠲᠠᠰᠤ ᠶᠢ ᠨᠡᠪᠲᠡᠷᠡᠭᠦᠯᠵᠦ᠂ ᠰᠤᠷᠭᠠᠭᠤᠯᠢ ᠶᠢᠨ ᠳᠣᠲᠣᠷ᠎ᠠ ᠰᠦᠯᠵᠢᠶᠡᠨ ᠠᠴᠠ ᠭᠠᠳᠠᠭᠤᠷᠬᠢ  ᠣᠷᠣᠯᠠᠨ ᠭᠦᠢᠴᠡᠳᠬᠡᠬᠦ ᠴᠡᠭ ᠭᠠᠷᠭᠠᠨ᠂ ᠭᠠᠷ ᠤᠲᠠᠰᠤ᠂ ᠺᠣᠮᠫᠢᠦ᠋ᠲ᠋ᠧᠷ ᠢᠶᠠᠷ ᠭᠦᠢᠴᠡᠳᠬᠡᠬᠦ ᠳᠤ ᠳᠦᠭᠦᠮ ᠥᠬᠡᠶ  ᠣᠯᠠᠨ ᠲᠦᠮᠡᠨ ᠤ ᠨᠡᠷ᠎ᠡ ᠮᠡᠳᠡᠭᠦᠯᠬᠦ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠨ᠂ ︽ᠴᠡᠴᠡᠷᠯᠢᠭ ᠲᠤ ᠣᠷᠣᠵᠤ  ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠢ ᠭᠦᠢᠴᠡᠳᠬᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ  ᠪᠣᠯᠣᠨ᠎ᠠ᠃  
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号