ᠳᠠᠷᠬᠠᠨ ᠰᠤᠮᠤ᠄ ︽ᠬᠤᠪᠢᠰᠬᠠᠯᠲᠤ ᠠᠳᠠᠯ ᠠᠬᠤᠶ︾ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2023/11/3
      ᠶᠡᠷᠦ ᠠᠴᠠ᠂ ᠳᠠᠷᠬᠠᠨ ᠰᠤᠮᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ + ᠣᠯᠠᠨ ᠲᠠᠯ᠎ᠠ ᠪᠠᠷ ᠠᠭᠤᠰᠤᠯᠴᠠᠬᠤ + ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ︾ ᠰᠢᠨ᠎ᠡ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ︽ᠬᠤᠪᠢᠰᠬᠠᠯᠲᠤ ᠬᠥᠳᠡᠯᠭᠡᠭᠦᠷ︾ ᠢ ᠪᠣᠶ ᠪᠣᠯᠭᠠᠵᠤ᠂ ︽ᠬᠤᠪᠢᠰᠬᠠᠯᠲᠤ ᠲᠣᠭᠲᠠᠴᠠ︾ ᠶᠢ ᠪᠦᠷᠢᠨᠰᠢᠬᠦᠯᠵᠦ᠂ ︽ᠬᠤᠪᠢᠰᠬᠠᠯ ᠤᠨ ᠦᠷ᠎ᠡ ᠪᠦᠲᠦᠮᠵᠢ︾ ᠶᠢ ᠬᠥᠭᠵᠢᠭᠡᠵᠦ᠂ ᠨᠠᠮ ᠤᠨ ᠪᠠᠶᠢᠭᠤᠯᠤᠯᠲᠠ ᠪᠠᠷ ︽ᠬᠤᠪᠢᠰᠬᠠᠯᠲᠤ ᠠᠳᠠᠯ ᠠᠬᠤᠶ︾ ᠶᠢ ᠬᠥᠲᠥᠯᠥᠨ ᠳᠠᠭᠠᠭᠤᠯᠬᠤ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠦᠷᠢᠯᠳᠦᠭᠦᠯᠵᠦ᠂ ᠰᠤᠮᠤᠨ ᠤ ᠵᠠᠰᠠᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃      ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ︽ᠬᠤᠪᠢᠰᠬᠠᠯ ᠤᠨ ᠬᠥᠳᠡᠯᠭᠡᠭᠦᠷ︾ ᠢ ᠴᠣᠭᠴᠠᠯᠠᠨ᠎ᠠ᠃ ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠵᠤ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠤᠰᠠᠳᠠ᠂ ᠭᠠᠴᠠᠭᠠᠨ ᠤ ᠠᠳᠠᠯ ᠠᠬᠤᠢ ᠶᠢᠨ ᠬᠠᠮᠢᠶᠠᠷᠤᠯᠲᠠ ᠬᠠᠮᠢᠶᠠᠷᠤᠯᠲᠠ ᠳᠤ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠨᠠᠷ ᠰᠠᠶᠢᠲᠠᠢ ᠠᠳᠠᠯ ᠠᠬᠤᠢ ᠶᠢᠨ ᠦᠢᠯᠡᠴᠢᠯᠡᠭᠡ ᠪᠠᠷ ᠰᠠᠶᠢᠨ ᠰᠠᠶᠢᠬᠠᠨ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠳᠠᠷᠬᠠᠨ ᠰᠤᠮᠤ ᠲᠣᠭᠲᠠᠮᠠᠯ ᠬᠤᠭᠤᠴᠠᠭ᠎ᠠ ᠲᠠᠢ ᠪᠠᠷ ᠠᠳᠠᠯ ᠠᠬᠤᠢ ᠶᠢᠨ ᠦᠢᠯᠡᠴᠢᠯᠡᠭᠡ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠭᠠᠴᠠᠭᠠᠨ ᠤ ᠨᠠᠮ ᠤᠨ ᠡᠭᠦᠷ ᠤᠨ ᠠᠳᠠᠯ ᠠᠬᠤᠢ ᠶᠢᠨ ᠠᠵᠢᠯ ᠤᠨ ᠬᠠᠷᠢᠭᠤ ᠮᠡᠳᠡᠭᠦᠯᠦᠯᠲᠡ ᠵᠢᠴᠢ ᠦᠢᠯᠡᠴᠢᠯᠡᠭᠡᠨ ᠤ ᠪᠤᠰᠤᠳ ᠭᠠᠴᠠᠭᠠᠨ ᠤ ᠰᠠᠨᠠᠯ ᠰᠠᠨᠠᠭᠤᠯᠭ᠎ᠠ ᠶᠢ ᠰᠣᠨᠣᠰᠪᠠ᠃ ᠬᠤᠷᠠᠯ ᠳᠤ ᠣᠷᠣᠯᠴᠠᠭᠰᠠᠨ ᠪᠦᠬᠦ ᠬᠥᠮᠦᠰ ᠲᠤ ᠠᠳᠠᠯ ᠠᠬᠤᠢ ᠶᠢᠨ ᠠᠵᠢᠯ ᠤᠨ ᠴᠢᠬᠤᠯᠠ ᠴᠢᠨᠠᠷ ᠢ ᠲᠠᠨᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠠᠴᠠᠭᠠᠨ ᠤ ᠨᠠᠮ ᠤᠨ ᠡᠭᠦᠷ ᠢ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠨᠢᠯᠲᠠ ᠶᠢᠨ ᠲᠠᠯ᠎ᠠ ᠪᠠᠷ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠠᠵᠢᠯᠯᠠᠭ᠎ᠠ ᠶᠢᠨ ᠲᠠᠯ᠎ᠠ ᠪᠠᠷ ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠣᠷᠭᠠᠨᠢᠭ ᠢᠶᠠᠷ ᠬᠠᠮᠲᠤᠷᠠᠯᠴᠠᠬᠤ᠂ ᠰᠡᠳᠬᠢᠯ ᠨᠢᠭᠡᠳᠦᠨ ᠦᠢᠯᠡᠴᠢᠯᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ
02093136ol77.png
      ᠬᠤᠶᠠᠷ ᠲᠤ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ︽ᠬᠤᠪᠢᠰᠬᠠᠯ ᠤᠨ ᠦᠷ᠎ᠡ ᠪᠦᠲᠦᠮᠵᠢ︾ ᠶᠢ ᠬᠥᠭᠵᠢᠭᠡᠪᠡ᠃ ︽ᠤᠤᠯ ᠤᠨ ᠭᠡᠷ ᠤᠨ ᠵᠣᠷᠯᠣᠩ ᠢ ᠴᠤ ᠪᠣᠬᠢᠷᠳᠤᠭᠤᠯᠬᠤ ᠶᠢᠨ ᠠᠷᠭ᠎ᠠ ᠦᠭᠡᠢ᠂ ᠠᠳᠠᠯ ᠠᠬᠤᠢ ᠶᠢᠨ ᠺᠣᠮᠫᠠᠨᠢ ᠠᠴᠠ ᠪᠣᠬᠢᠷ ᠪᠣᠳᠠᠰ ᠰᠣᠷᠣᠭᠤᠯᠤᠭᠰᠠᠨ ᠤ ᠳᠠᠷᠠᠭ᠎ᠠ᠂ ᠬᠡᠷ ᠲᠤᠨᠢ ᠬᠦᠷᠴᠦ ᠪᠣᠬᠢᠷᠲᠤᠯ ᠢ ᠰᠣᠷᠣᠬᠤ ᠦᠢᠯᠡᠴᠢᠯᠡᠭᠡ ᠬᠠᠩᠭᠠᠵᠤ᠂ ᠶᠠᠭᠠᠬᠢᠭᠰᠠᠨ ᠴᠤ ᠳᠤᠷᠠᠳᠬᠤ ᠦᠭᠡᠢ︾ ᠭᠡᠵᠦ ᠬᠡᠯᠡᠪᠡ᠃ ᠮᠠᠯᠴᠢᠳ ᠢᠯᠡᠳᠬᠡᠵᠦ ᠪᠠᠶᠢᠯ᠎ᠠ᠃ 2023 ᠣᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠿᠢ ᠬᠤᠩ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠣᠬᠢᠷᠲᠤᠯ ᠲᠠᠲᠠᠬᠤ ᠦᠢᠯᠡᠴᠢᠯᠡᠭᠡ ᠶᠢ ᠰᠢᠨ᠎ᠡ ᠪᠠᠷ ᠨᠡᠮᠡᠪᠡ᠃ ᠡᠭᠦᠨ ᠤ ᠬᠠᠮᠲᠤ᠂ ᠠᠳᠠᠯ ᠠᠬᠤᠶ ᠶᠢᠨ ᠺᠣᠮᠫᠠᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠣᠷᠴᠢᠨ ᠠᠬᠤᠶ ᠶᠢᠨ ᠠᠷᠢᠭᠤᠨ ᠴᠡᠪᠡᠷ ᠢ ᠴᠡᠪᠡᠷᠯᠡᠵᠦ ᠦᠵᠡᠰᠬᠦᠯᠡᠩᠲᠦ ᠰᠠᠶᠢᠬᠠᠨ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠬᠤ︾ ᠣᠷᠴᠢᠨ ᠠᠬᠤᠶ ᠶᠢᠨ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠨᠡᠶᠢᠲᠡ 80 ᠭᠠᠷᠤᠶ ᠬᠥᠮᠦᠨ ᠤᠳᠠᠭ᠎ᠠ᠂ 50 ᠲᠡᠷᠭᠡ ᠬᠥᠳᠡᠯᠭᠡᠵᠦ᠂ 100 ᠭᠠᠷᠤᠶ ᠲᠣᠨ ᠬᠤᠭ ᠨᠣᠪᠰᠢ ᠶᠢ ᠴᠡᠪᠡᠷᠯᠡᠪᠡ᠃ ᠪᠥᠬᠦ ᠰᠤᠮᠤᠨ ᠤ ᠮᠠᠯᠴᠢᠳ ᠲᠤ ᠴᠡᠪᠡᠷ ᠴᠡᠮᠴᠡᠭᠡᠷ᠂ ᠠᠮᠤᠷ ᠲᠦᠪᠰᠢᠨ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃      ᠣᠯᠠᠨ ᠲᠦᠮᠡᠨ ᠤ ᠠᠱᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠃ ᠳᠠᠷᠬᠠᠨ ᠰᠤᠮᠤ ᠭᠠᠴᠠᠭᠠᠨ ᠤ ᠠᠳᠠᠯ ᠠᠬᠤᠶ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠠᠳᠠᠯ ᠠᠬᠤᠶ ᠶᠢᠨ ᠦᠢᠯᠡᠴᠢᠯᠡᠭᠡ ᠶᠢ ᠠᠭᠤᠰᠤᠯᠴᠠᠭᠤᠯᠤᠨ ᠬᠠᠮᠲᠤᠪᠠᠷ ᠤᠷᠤᠭᠰᠢᠯᠠᠬᠤ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠦᠲᠦᠮᠵᠢᠲᠡᠶ ᠪᠣᠶ ᠪᠣᠯᠭᠠᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号