2023 ᠣᠨ ᠤ 10 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠴᠡᠪᠡᠷ ᠡᠨᠧᠷᠭᠢ ᠶᠢᠨ ᠠᠵᠤ | ᠠᠬᠤᠶᠢᠯᠠᠯ ᠨᠡᠶᠢᠲᠡ 75.5 ᠺᠢᠯᠣᠸᠠᠲ ᠴᠠᠭ ᠴᠠᠬᠢᠯᠭᠠᠨ ᠭᠠᠷᠭᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | 70.2 ᠳ᠋ᠦᠩᠰᠢᠭᠤᠷ ᠺᠢᠯᠣᠸᠠᠲ ᠴᠠᠭ ᠠᠴᠠ 7.5 % ᠪᠠᠷ ᠨᠡᠮᠡᠭᠳᠡᠪᠡ᠃ ᠡᠭᠦᠨ ᠳᠤ ᠰᠠᠯᠬᠢᠨ ᠬᠦᠴᠦᠨ ᠤ | ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 70.8 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 66.7 ᠳ᠋ᠦᠩᠰᠢᠭᠤᠷ ᠺᠢᠯᠣᠸᠠᠲ ᠴᠠᠭ ᠠᠴᠠ 5.2% ᠢᠶᠠᠷ | ᠨᠡᠮᠡᠭᠳᠡᠪᠡ︔ ᠠᠰᠢᠭᠯᠠᠵᠤ ᠪᠣᠯᠬᠤ ᠪᠠᠭ᠎ᠠ ᠲᠤᠭ᠎ᠠ 2165 ᠴᠠᠭ︔ ᠴᠠᠬᠢᠯᠭᠠᠨ ᠢ ᠬᠢᠵᠠᠭᠠᠷᠯᠠᠭᠰᠠᠨ ᠬᠡᠮᠵᠢᠶ᠎ᠡ 4.3 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠴᠠᠬᠢᠯᠭᠠᠨ ᠢ ᠬᠢᠵᠠᠭᠠᠷᠯᠠᠭᠰᠠᠨ ᠨᠣᠷᠮ᠎ᠠ 5.7% ᠪᠣᠯᠪᠠ᠃ ᠨᠡᠷᠡᠨ | ᠡᠨᠧᠷᠭᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠨᠢ 4.7 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.5 | ᠳ᠋ᠦᠩᠰᠢᠭᠤᠷ ᠺᠢᠯᠣᠸᠠᠲ ᠴᠠᠭ ᠪᠠᠶᠢᠭᠰᠠᠨ ᠠᠴᠠ ᠪᠠᠨ 34.3% ᠪᠠᠷ ᠨᠡᠮᠡᠭᠳᠡᠪᠡ︔ ᠴᠠᠬᠢᠯᠭᠠᠨ ᠢ ᠬᠢᠵᠠᠭᠠᠷᠯᠠᠬᠤ | ᠬᠡᠮᠵᠢᠶ᠎ᠡ 0.4661 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠴᠠᠬᠢᠯᠭᠠᠨ ᠢ ᠬᠢᠵᠠᠭᠠᠷᠯᠠᠭᠰᠠᠨ ᠨᠣᠷᠮ᠎ᠠ 9 | % ᠳᠤ ᠬᠦᠷᠴᠦ᠂ ᠠᠰᠢᠭᠯᠠᠵᠤ ᠪᠣᠯᠬᠤ ᠪᠠᠭ᠎ᠠ ᠴᠠᠭ 1382 ᠴᠠᠭ ᠪᠠᠶᠢᠨ᠎ᠠ᠃ ᠦᠢᠯᠡᠳᠬᠦᠨ ᠤ ᠥᠷᠲᠡᠭ 39.7 | ᠳ᠋ᠦᠩᠰᠢᠭᠤᠷ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 37.5 ᠳ᠋ᠦᠩᠰᠢᠭᠤᠷ | ᠲᠥᠭᠦᠷᠢᠭ ᠠᠴᠠ 5.9% ᠨᠡᠮᠡᠭᠳᠡᠪᠡ᠃ |