ᠬᠤᠸᠠ ᠳ᠋ᠢᠶᠠᠨ20 ᠲᠦᠮᠡᠨ ᠺᠢᠯᠤᠸᠠᠲ ᠤᠨ ᠰᠢᠨ᠎ᠡ ᠡᠨᠧᠷᠬᠢ ᠶᠢᠨ ᠤᠰᠣᠳᠦ᠋ᠷᠦᠭᠴᠢ ᠶᠢ ᠦᠢᠯᠡᠳᠬᠦ ᠲᠦᠷᠦᠯ ᠵᠦᠢᠯ ᠠᠰᠢᠭᠯᠠᠯᠳᠠ ᠳᠤ ᠤᠷᠤᠬᠤ ᠪᠠᠷ ᠪᠤᠢ
ᠨᠡᠶᠢᠲᠡᠯᠡᠭᠰᠡᠨ ᠴᠠᠭ᠄
2023/11/6
      ᠡᠯᠪᠡᠭ ᠬᠤᠷᠢᠶᠠᠯᠳᠠ ᠶᠢᠨ ᠤᠯᠠᠷᠢᠯ ᠢᠶᠠᠷ ᠪᠠᠷᠢᠯᠭ᠎ᠠ ᠶᠢᠨ ᠠᠵᠢᠯ ᠶᠠᠭ ᠢᠳᠡ ᠬᠦᠭ ᠲᠠᠢ ᠶᠠᠪᠤᠭᠳᠠᠵᠦ᠂ ᠣᠳᠣᠬᠠᠨ ᠳᠤ ᠲᠦᠷᠪᠡᠳᠦᠭᠡᠷ ᠤᠯᠠᠷᠢᠯ ᠤᠨ ᠰᠢᠪᠳᠤᠯᠤᠯᠳᠠ ᠬᠢᠬᠦ ᠵᠠᠩᠭᠢᠯᠭ᠎ᠠ ᠶᠢᠨ ᠴᠠᠭ ᠲᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠠᠰᠢᠭᠳᠠᠢ ᠪᠠᠶᠢᠳᠠᠯ ᠢ ᠠᠮᠵᠢᠨ ᠦᠨᠡᠨᠬᠦ ᠪᠤᠳᠠᠳᠠᠢ ᠠᠵᠢᠯᠯᠠᠵᠦ᠂ ᠭᠤᠤᠯᠳᠠᠯᠭ᠎ᠠ  ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠦᠪᠵᠢᠭᠦᠯᠵᠦ᠂ ᠪᠦᠳᠦᠭᠡᠨ ᠪᠠᠶᠢᠭᠤᠯᠵᠦ ᠪᠠᠶᠢᠭ᠎ᠠ ᠲᠦᠷᠦᠯ ᠵᠦᠢᠯ ᠪᠤᠯᠤᠨ ᠰᠢᠨ᠎ᠡ ᠪᠠᠷ ᠠᠵᠢᠯ ᠡᠬᠢᠯᠡᠭᠦᠯᠬᠦ ᠲᠦᠷᠦᠯ ᠵᠦᠢᠯ ᠤᠨ ᠲᠡᠰ ᠲᠡᠪᠰᠢᠬᠦ  ᠶᠢ ᠲᠦᠷᠭᠡᠳᠭᠡᠵᠦ᠂ ᠪᠤᠳᠠᠳᠠᠢ ᠳᠤ ᠨᠡᠶᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠵᠦ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠰᠢᠪᠳᠤᠯᠤᠯᠳᠠ ᠬᠢᠵᠦ᠂ ᠤᠷᠢᠳᠴᠢᠯᠠᠨ ᠦᠢᠯᠡᠴᠢᠯᠡᠵᠦ᠂ ᠴᠢᠨᠠᠷ ᠰᠠᠶᠢᠳᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠠᠷ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ ᠪᠠᠶᠢᠨ᠎ᠠ᠃      ᠦᠪᠡᠷᠳᠡᠭᠡᠨ ᠵᠠᠰᠠᠬᠤ ᠤᠷᠤᠨ ᠤ ᠠᠩᠬᠠᠳᠠᠭᠴᠢ ᠪᠦᠯᠦᠭ᠂ ᠪᠤᠭᠤᠳᠤ ᠬᠤᠳᠠ ᠶᠢᠨ ᠠᠩᠬᠠᠳᠠᠭᠴᠢ ᠰᠠᠯᠬᠢ ᠬᠡᠷᠡᠯ ᠤᠨ ᠤᠰᠤᠳᠦ᠋ᠷᠦᠭᠴᠢ ᠶᠢ ᠨᠦᠬᠡᠴᠡᠯᠡᠬᠦ ᠶᠢ ᠨᠢᠭᠡ ᠴᠤᠭᠴᠠᠵᠢᠭᠤᠯᠤᠭᠰᠠᠨ ᠶᠡᠭᠡ ᠬᠡᠪᠴᠢᠶᠡᠨ ᠤ ᠬᠡᠷᠡᠭᠯᠡᠭᠡᠨ ᠤ ᠲᠦᠷᠦᠯ ᠵᠦᠢᠯ — ᠬᠤᠸᠠ ᠳ᠋ᠢᠶᠠᠨ20 ᠲᠦᠮᠡᠨ ᠺᠢᠯᠤᠸᠠᠲ ᠤᠨ ᠰᠢᠨ᠎ᠡ ᠡᠨᠧᠷᠬᠢ ᠶᠢᠨ ᠣᠰᠤᠳᠦ᠋ᠷᠦᠭᠴᠢ ᠶᠢ ᠦᠢᠯᠡᠳᠬᠦ ᠢᠨᠵᠧᠨᠧᠷᠢᠩ ᠤᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠡᠷᠴᠢᠮᠳᠡᠢ ᠶᠠᠪᠤᠭᠳᠠᠵᠦ ᠪᠠᠶᠢᠨ᠎ᠠ᠃
微信图片_20231107094230.jpg
      2023 ᠤᠨ ᠤ8 ᠰᠠᠷ᠎ᠠ ᠶᠢᠨ ᠲᠤᠮᠳᠠᠴᠢ ᠪᠠᠷ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠨᠢ ᠵᠢᠩᠭᠢᠨᠢ ᠪᠠᠷ ᠠᠵᠢᠯ ᠢᠶᠠᠨ ᠡᠬᠢᠯᠡᠭᠦᠯᠦᠨ᠂10 ᠰᠠᠷ᠎ᠠ ᠶᠢᠨ8 ᠤ ᠡᠳᠦᠷ ᠪᠤᠯᠳᠠᠯ᠎ᠠ6 ᠪᠦᠮᠪᠦᠭᠡᠨ ᠪᠤᠳᠤᠩ ᠤᠨ ᠰᠠᠭᠤᠷᠢ ᠶᠢᠨ ᠪᠠᠷᠢᠯᠭ᠎ᠠ ᠶᠢ ᠪᠦᠬᠦᠨ ᠢ ᠲᠠᠭᠤᠰᠬᠠᠵᠦ᠂ ᠲᠤᠬᠠᠢ ᠶᠢᠨ ᠲᠠᠯᠠᠪᠤᠷ ᠤᠨ6 ᠪᠦᠮᠪᠦᠬᠡᠨ ᠪᠤᠳᠤᠩ ᠢ ᠨᠢᠭᠡᠨᠳᠡ ᠪᠦᠬᠦᠨ ᠢ ᠣᠭᠰᠠᠷᠠᠵᠦ᠂11 ᠰᠠᠷ᠎ᠠ ᠶᠢᠨ15 ᠤ ᠡᠳᠦᠷ ᠲᠤᠷᠰᠢᠨ ᠦᠢᠯᠡᠳᠪᠦᠷᠢᠯᠡᠬᠦ ᠪᠠᠷ ᠲᠦᠯᠦᠪᠯᠡᠵᠦ ᠪᠤᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠤ ᠲᠠᠰᠤᠷᠠᠯᠳᠠ ᠦᠭᠡᠢ ᠰᠢᠯᠢᠳᠡᠭᠵᠢᠭᠦ ᠶᠢᠨ ᠬᠦᠴᠦᠳᠡᠢ ᠪᠠᠳᠤᠯᠠᠭ᠎ᠠ  ᠠᠴᠠ ᠰᠠᠯᠵᠦ ᠴᠢᠳᠠᠬᠤ ᠦᠬᠡᠢ ᠶᠤᠮ᠃ ᠡᠨᠡ ᠵᠢᠯ ᠠᠴᠠ ᠨᠠᠰᠢ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠠᠵᠦ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠰᠢᠢᠳᠪᠦᠷᠢᠯᠡᠬᠦ ᠠᠯᠢ ᠣᠯᠠᠨ ᠲᠦᠷᠦ ᠶᠢᠨ ᠪᠤᠳᠤᠯᠭ᠎ᠠ ᠶᠢ  ᠬᠡᠷᠡᠭᠵᠢᠭᠦᠯᠵᠦ᠂ ᠠᠵᠦ ᠠᠬᠤᠶᠢᠯᠠᠯ᠂ ᠠᠵᠦ ᠠᠬᠤᠶᠢᠯᠠᠯᠳᠠᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠬᠤ ᠪᠠᠷ ᠬᠦᠴᠦᠯᠡᠨ ᠴᠢᠷᠮᠠᠶᠢᠵᠦ᠂ ︽ᠰᠢᠢᠳᠪᠦᠷᠢᠯᠡᠬᠦ ᠰᠡᠳᠬᠢᠬᠦᠢ︾ ᠶᠢ ᠴᠢᠩᠭᠠᠷᠠᠭᠤᠯᠤᠨ᠂ ︽ᠰᠡᠳᠬᠢᠯ ᠬᠠᠨᠤᠮᠵᠢᠳᠡᠢ ᠪᠠᠶᠢᠬᠤ ᠶᠢ ᠪᠠᠳᠤᠯᠠᠬᠤ︾ ︽ᠰᠠᠨᠠᠭ᠎ᠠ ᠠᠮᠤᠷ ᠪᠡᠶᠢᠬᠤ ᠶᠢ ᠪᠠᠳᠤᠯᠠᠬᠤ︾ ᠦᠵᠡᠯ ᠤᠬᠠᠮᠰᠠᠷ ᠢ ᠪᠤᠢ ᠪᠤᠯᠭᠠᠵᠦ᠂ ︽ᠲᠠᠪᠤᠨ ᠨᠢᠬᠡ︾ ᠶᠢᠨ ᠠᠵᠢᠯ ᠤᠨ ᠲᠤᠭᠳᠠᠴᠠ ᠶᠢ ᠪᠦᠷᠢᠨᠰᠢᠭᠦᠯᠦᠨ᠂ ᠬᠡᠷᠡᠭᠯᠡᠭᠡᠨ ᠤ ᠠᠵᠢᠯᠴᠢᠨ᠂ ᠭᠠᠵᠠᠷ ᠬᠡᠷᠡᠭᠯᠡᠬᠦ᠂ ᠪᠡᠯᠡ ᠮᠦᠩᠭᠦ ᠪᠠ ᠣᠰᠣ ᠴᠠᠬᠢᠯᠭᠠᠨ ᠵᠠᠮ ᠬᠡᠢ ᠴᠢᠮᠡᠭᠡ ᠬᠤᠯᠪᠤᠭ᠎ᠠ ᠵᠡᠷᠭᠡ ᠬᠦᠴᠦᠨ ᠵᠦᠢᠯ ᠤᠨ ᠭᠠᠷᠳᠠᠮ ᠢ ᠭᠦᠢᠴᠡᠳᠭᠡᠵᠦ ᠲᠠᠭᠤᠰᠬᠠᠭᠰᠠᠨ ᠨᠤᠷᠮ᠎ᠠ ᠶᠢ100% ᠳᠤ ᠬᠦᠷᠭᠡᠵᠦ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠤᠷᠮ᠎ᠠ ᠶᠢ100% ᠳᠤ ᠬᠦᠷᠭᠡᠵᠦ᠂65% ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ  ᠶᠢᠨ ᠠᠬᠢᠴᠠ ᠶᠢ ᠵᠢᠱᠢᠯᠳᠡ ᠠᠴᠠ ᠲᠠᠪᠠᠭᠤᠯᠤᠨ᠂ ᠵᠢᠯ ᠤᠨ ᠡᠴᠦᠰ ᠪᠤᠯᠬᠤ ᠳᠤ20 ᠠᠴᠠ ᠲᠡᠭᠡᠭᠰᠢ ᠶᠢ ᠨᠢ ᠪᠠᠷᠢᠯᠭ᠎ᠠ ᠲᠠᠭᠤᠰᠬᠠᠨ ᠠᠰᠢᠭᠯᠠᠯᠳᠠ ᠳᠤ ᠤᠷᠤᠭᠤᠯᠬᠤ ᠪᠠᠷ ᠪᠤᠢ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号