ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠶᠠᠷᠢᠯᠴᠠᠬᠤ ᠬᠤᠷᠠᠯ ᠬᠢᠭᠰᠡᠨ ᠪᠥᠭᠡᠳ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/11/7
      11 ᠰᠠᠷ᠎ᠠ ᠶᠢᠨ 6 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠤᠷ᠎ᠠ ᠨᠡᠭᠦᠷᠡᠰᠦᠲᠥ᠋ᠷᠥᠭᠴᠢᠲᠤ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠦᠷᠢᠶᠡᠯᠡᠩ ᠳᠤ ᠶᠠᠷᠢᠯᠴᠠᠬᠤ ᠬᠤᠷᠠᠯ ᠬᠢᠭᠰᠡᠨ ᠪᠥᠭᠡᠳ ᠭᠡᠷ᠎ᠡ ᠲᠣᠭᠲᠠᠬᠤ ᠶᠣᠰᠣᠯᠠᠯ ᠶᠠᠪᠤᠭᠤᠯᠵᠠᠢ᠃      ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠴᠧᠩ ᠲᠤᠤ᠂ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠵᠠᠬᠢᠷᠤᠯ ᠴᠢᠦᠶ ᠵᠥᠩ ᠢ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠬᠢᠷᠤᠯ ᠹᠧᠩ ᠶᠢᠨ ᠬᠤ᠋᠂ ᠬᠤᠰᠢᠭᠤᠨ ᠤ ᠤᠳᠤᠷᠢᠳᠤᠯᠭ᠎ᠠ ᠵᠢᠶᠠ ᠪᠦᠦ ᠯᠢᠶᠠᠩ᠂ ᠰᠢᠶᠧ  ᠳ᠋ᠠ ᠭᠠᠩ᠂ ᠵᠠᠩ ᠪᠠᠭᠠᠨ᠎ᠠ᠂ ᠵᠠᠩ ᠰᠢᠤᠢ᠂ ᠰᠦ᠋ ᠷᠦᠢ ᠹᠧᠩ᠂ ᠯᠢ ᠵᠢᠶᠧ᠂ ᠸᠠᠩ ᡁᠢ ᠶᠦᠩ ᠶᠠᠷᠢᠯᠴᠠᠬᠤ ᠬᠤᠷᠠᠯ ᠳᠤ ᠣᠷᠣᠯᠴᠠᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠵᠢᠴᠢ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃
07101132p79m.jpg
      ᠵᠢᠶᠠ ᠪᠦᠦ ᠯᠢᠶᠠᠩ ᠬᠤᠰᠢᠭᠤᠨ ᠤ ᠳᠥᠷᠪᠡᠨ ᠤᠳᠤᠷᠢᠳᠬᠤ ᠪᠠᠭ ᠢ ᠲᠥᠯᠥᠭᠡᠯᠡᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠣᠷᠳᠣ ᠬᠤᠭᠤᠴᠠᠭᠠᠨ ᠤ ᠲᠤᠷᠰᠢ ᠳᠠᠷᠬᠠᠨ ᠮᠤᠤᠮᠢᠩᠭᠠᠨ ᠢ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠪᠠᠶᠠᠷ ᠤᠨ ᠦᠭᠡ ᠳᠡᠭᠡᠨ᠂ ᠣᠳᠣᠬᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠬᠢᠷᠲᠤᠯ ᠥᠬᠡᠶ ᠠᠵᠤ ᠠᠬᠤᠶ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠮᠢᠩᠭᠠᠨ ᠳ᠋ᠦᠩᠰᠢᠭᠤᠷ ᠲᠠᠰ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠮᠢᠩᠭᠠᠨ ᠲᠦᠮᠡᠨ ᠲᠣᠨ ᠤ ᠲᠠᠰ ᠤᠨ ᠠᠷᠠᠯᠵᠢᠶᠠᠨ ᠤ ᠪᠣᠭᠤᠮᠲᠠ ᠶᠢ ᠴᠢᠷᠮᠠᠶᠢᠨ ᠪᠠᠶᠢᠭᠤᠯᠵᠤ ᠪᠠᠶᠢᠨ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠠᠪᠠᠭᠤᠯᠢᠭ ᠲᠤᠰᠬᠠᠶ ᠮᠡᠷᠭᠡᠵᠢᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠬᠦᠰᠡᠯᠲᠡ ᠶᠢᠨ ᠬᠤᠶᠠᠷ ᠭᠠᠵᠠᠷ ᠰᠤᠷᠭᠠᠭᠤᠯᠢ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠪᠠ ᠴᠢᠳᠠᠪᠤᠷᠢᠲᠠᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠶᠢ ᠭᠦᠨᠵᠡᠭᠡᠶ ᠠᠭᠤᠰᠤᠯᠴᠠᠭᠤᠯᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠰᠤᠷᠤᠭᠴᠢᠳ ᠤᠨ ᠦᠢᠯᠡᠳᠦᠯᠭᠡ ᠶᠢᠨ ᠪᠣᠯᠪᠠᠰᠤᠷᠠᠭᠤᠯᠤᠯ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠬᠦᠷᠢᠶᠡᠨ ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠡᠬᠢ ᠪᠠᠶᠠᠯᠢᠭ ᠢ ᠮᠡᠷᠭᠡᠵᠢᠯ ᠳᠤ ᠲᠦᠰᠢᠭᠯᠡᠨ ᠠᠵᠤ ᠦᠢᠯᠡᠰ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠢ ᠴᠢᠳᠠᠪᠤᠷᠢᠲᠠᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠤᠭᠤᠲᠤ ᠬᠤᠲᠠ ᠶᠢᠨ ᠰᠢᠨ᠎ᠡ ᠨᠡᠮᠡᠭᠳᠡᠯ ᠤᠨ ᠬᠦᠴᠦᠨ ᠪᠠ ᠡᠭᠦᠳᠦᠨ ᠨᠡᠭᠡᠭᠡᠭᠴᠢ ᠪᠣᠯᠭᠠᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠴᠤ ᠰᠣᠯᠢᠯᠴᠠᠭᠠᠨ ᠤ ᠠᠷᠭ᠎ᠠ ᠵᠠᠮ ᠢᠶᠠᠨ ᠤᠯᠠᠮ ᠨᠢᠭᠡ ᠠᠯᠬᠤᠮ ᠥᠷᠭᠡᠳᠬᠡᠵᠦ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ᠂ ᠴᠢᠳᠠᠪᠤᠷᠢᠲᠠᠨ᠂ ᠠᠵᠤ ᠦᠢᠯᠡᠰ ᠪᠣᠯᠤᠨ ᠮᠡᠷᠭᠡᠵᠢᠯ ᠢ ᠠᠭᠤᠰᠤᠯᠴᠠᠭᠤᠯᠬᠤ ᠲᠠᠪᠴᠠᠩ ᠢ ᠪᠠᠶᠢᠭᠤᠯᠵᠤ᠂ ᠳᠡᠭᠡᠳᠦ ᠲᠡᠰ ᠤᠨ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠢᠷᠡᠵᠦ ᠠᠵᠢᠯᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠯᠢᠯᠴᠠᠭ᠎ᠠ ᠬᠢᠬᠦ ᠪᠠᠲᠤᠯᠠᠪᠤᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠡᠯᠪᠡᠭ ᠦᠷ᠎ᠡ ᠪᠦᠲᠦᠭᠡᠯ ᠤᠯᠬᠤ ᠳᠤ ᠬᠦᠴᠦᠨ ᠨᠡᠮᠡᠷᠢᠯᠡᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠬᠡᠪ ᠳᠠᠭᠤᠷᠢᠶᠠᠯ ᠢ ᠪᠤᠢ ᠪᠣᠯᠭᠠᠨ᠎ᠠ᠃
0710114636zy.jpg
      ᠹᠧᠩ ᠶᠢᠨ ᠬᠤ᠋᠂ ᠴᠧᠩ ᠲᠤᠤ ᠲᠣᠰ ᠲᠣᠰ ᠰᠤᠷᠭᠠᠭᠤᠯᠢ ᠶᠢᠨ ᠦᠨᠳᠦᠰᠦᠨ ᠪᠠᠶᠢᠳᠠᠯ᠂ ᠰᠢᠨᠵᠢᠯᠡᠭᠡᠨ ᠤ ᠳᠠᠪᠠᠭᠤᠯᠢᠭ ᠵᠡᠷᠭᠡ ᠲᠠᠯ᠎ᠠ ᠪᠠᠷ ᠲᠠᠨᠢᠯᠴᠠᠭᠤᠯᠪᠠ᠃      ᠳᠠᠷᠠᠭ᠎ᠠ ᠨᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠣᠰ ᠲᠣᠰ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠵᠥᠪᠯᠡᠯᠴᠡᠭᠡᠷ᠂ ᠦᠢᠯᠡᠳᠦᠯᠭᠡ ᠶᠢᠨ ᠰᠠᠭᠤᠷᠢᠨ ᠭᠠᠵᠠᠷ ᠢ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号