ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯ ᠪᠤᠭᠤᠲᠤ ᠬᠤᠲᠠ ᠶᠢᠨ ᠴᠣᠷ ᠤᠨ ᠭᠠᠭᠴᠠ ᠬᠢᠯᠢ | ᠬᠢᠵᠠᠭᠠᠷ ᠤᠨ ᠬᠤᠰᠢᠭᠤ ᠰᠢᠶᠠᠨ ᠪᠠᠶᠢᠵᠤ᠂ ᠤᠮᠠᠷᠠᠲᠤ ᠮᠣᠩᠭᠤᠯ ᠤᠯᠤᠰ ᠲᠠᠢ ᠵᠠᠬ᠎ᠠ ᠨᠡᠶᠢᠯᠡᠵᠦ᠂ ᠬᠢᠯᠢ ᠶᠢᠨ | ᠱᠤᠭᠤᠮ ᠤᠨ ᠣᠷᠳᠣ ᠨᠢ 88.6 ᠺᠢᠯᠣᠮᠧᠳ᠋ᠷ᠂ ᠪᠥᠬᠦ ᠬᠤᠰᠢᠭᠤᠨ ᠳᠤ ᠨᠡᠶᠢᠲᠡ 6779 ᠨᠠᠮ ᠤᠨ ᠭᠡᠰᠢᠭᠦᠨ ᠪᠣᠶ᠃ | ᠡᠭᠦᠨ ᠳᠤ ᠲᠠᠷᠢᠶᠠᠴᠢᠨ ᠮᠠᠯᠴᠢᠨ ᠨᠠᠮ ᠤᠨ ᠭᠡᠰᠢᠭᠦᠨ 2839 ᠪᠠᠶᠢᠵᠤ᠂ 60 ᠨᠠᠰᠤᠨ ᠠᠴᠠ ᠳᠡᠭᠡᠭᠰᠢᠬᠢ ᠨᠠᠮ ᠤᠨ | ᠭᠡᠰᠢᠭᠦᠨ 1924 ᠪᠠᠶᠢᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠲᠡᠭᠦᠨ ᠠᠴᠠ ᠳᠣᠷᠣᠭᠰᠢᠬᠢ | ᠰᠤᠷᠤᠯᠭ᠎ᠠ ᠶᠢᠨ ᠨᠠᠮᠲᠠᠷ ᠲᠠᠢ ᠨᠠᠮ ᠤᠨ ᠭᠡᠰᠢᠭᠦᠨ 2130 ᠪᠠᠶᠢᠨ᠎ᠠ᠃ ᠭᠠᠵᠠᠷ ᠠᠭᠤᠳᠠᠮ ᠬᠥᠮᠦᠨ ᠴᠦᠬᠡᠨ᠂ | ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ ᠲᠠᠷᠠᠬᠠᠶ ᠪᠤᠲᠠᠷᠬᠠᠶ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠡᠭ ᠣᠯᠠᠨ᠂ ᠱᠤᠭᠤᠮ ᠣᠷᠳᠣ᠂ ᠬᠡᠪᠴᠢᠶ᠎ᠡ ᠥᠷᠭᠡᠨ ᠵᠡᠷᠭᠡ ᠰᠢᠯᠲᠠᠭᠠᠨ ᠠᠴᠠ ᠪᠣᠯᠵᠣ᠂ ᠨᠠᠰᠤ | ᠠᠬᠠᠰᠢᠷᠠᠵᠤ ᠪᠡᠶ᠎ᠡ ᠮᠠᠭᠤᠳᠠᠭᠰᠠᠨ᠂ ᠰᠣᠶᠣᠯ ᠤᠨ ᠬᠢᠷᠢ ᠬᠡᠮᠵᠢᠶ᠎ᠡ ᠨᠢ ᠳᠣᠤᠷ᠎ᠠ ᠬᠡᠰᠡᠭ ᠨᠠᠮ ᠤᠨ ᠭᠡᠰᠢᠭᠦᠨ | ᠣᠨᠣᠯ ᠤᠨ ᠰᠤᠷᠤᠯᠴᠠᠯᠭ᠎ᠠ ᠳᠡᠭᠡᠷ᠎ᠡ ᠴᠠᠭ ᠲᠤᠬᠠᠶ ᠳᠤᠨᠢ ᠳᠠᠭᠠᠵᠤ ᠠᠮᠵᠢᠭᠰᠠᠨ ᠥᠬᠡᠶ ᠪᠠᠶᠢᠳᠠᠯ ᠠᠮᠠᠷᠬᠠᠨ ᠭᠠᠷᠴᠤ | ᠪᠠᠶᠢᠨ᠎ᠠ᠃ ᠭᠤᠤᠯ ᠰᠡᠳᠦᠪᠲᠦ ᠬᠥᠮᠦᠵᠢᠯ ᠤᠨ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ | ᠳᠡᠭᠡᠭᠰᠢᠯᠡᠭᠦᠯᠬᠦ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠭᠤᠤᠯ | ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠭᠠᠵᠠᠷ ᠣᠷᠣᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ︽ᠭᠤᠷᠪᠠᠨ ᠳᠠᠪᠠᠭᠤᠯᠢᠭ︾ ᠲᠤ ᠲᠦᠰᠢᠭᠯᠡᠨ ᠰᠤᠷᠤᠯᠴᠠᠯᠭ᠎ᠠ ᠬᠥᠮᠦᠵᠢᠯ ᠤᠨ | ︽ᠥᠨᠴᠥᠭ ᠪᠤᠯᠤᠩ ᠥᠬᠡᠶ︾᠂ ︽ᠪᠦᠬᠦᠨ ᠢ ᠬᠠᠮᠤᠷᠬᠤ︾ ᠶᠢ ᠠᠬᠢᠭᠤᠯᠪᠠ᠃ | ᠵᠢᠭᠰᠠᠭᠠᠯ ᠤᠨ ᠭᠠᠵᠠᠷ ᠤᠨ ᠳᠠᠪᠠᠭᠤᠯᠢᠭ ᠲᠤ ᠲᠦᠰᠢᠭᠯᠡᠨ ︽ᠤᠯᠠᠭᠠᠨ ᠮᠣᠩᠭᠤᠯ ᠭᠡᠷ︾ ᠤᠨ | ᠦᠢᠯᠡᠳᠦᠯ ᠢ ᠪᠠᠳᠠᠷᠠᠭᠤᠯᠪᠠ | ︽ᠤᠯᠠᠭᠠᠨ ᠮᠣᠩᠬᠤᠯ ᠭᠡᠷ︾ ᠪᠣᠯ ᠨᠢᠭᠡᠨ ᠬᠢᠴᠢᠶᠡᠯ ᠤᠨ ᠲᠠᠩᠬᠢᠮ ᠮᠥᠨ᠃ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠠᠵᠢᠯ ᠪᠠ ᠲᠥᠷᠥ ᠶᠢᠨ ᠪᠣᠳᠣᠯᠭ᠎ᠠ ᠶᠢᠨ ᠣᠨᠣᠯ ᠤᠨ ᠰᠤᠷᠤᠯᠴᠠᠯᠭ᠎ᠠ | ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ︽ᠬᠤᠪᠢᠰᠬᠠᠯᠲᠤ ᠮᠣᠩᠭᠤᠯ ᠭᠡᠷ︾ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠪᠤᠭᠤᠲᠤ ᠶᠢᠨ ᠲᠤᠬᠠᠶ ᠴᠢᠬᠤᠯᠠ ᠵᠢᠭᠠᠪᠤᠷᠢ᠂ ︽ᠰᠢ ᠶᠢᠨ | ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠥᠭᠦᠯᠡᠯᠲᠡ ᠶᠢᠨ ᠲᠡᠭᠦᠪᠦᠷᠢ︾᠂ ︽ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠬᠤ - ᠲᠠᠪᠤᠨ ᠶᠡᠭᠡ ᠡᠭᠦᠷᠭᠡ ᠶᠢᠨ ᠺᠠᠳ᠋ᠷ ᠤᠨ | ᠤᠩᠰᠢᠬᠤ ᠪᠢᠴᠢᠭ︾ ᠵᠡᠷᠭᠡ ᠠᠭᠤᠯᠭ᠎ᠠ ᠶᠢ ᠰᠤᠷᠤᠯᠴᠠᠯᠭ᠎ᠠ ᠶᠢᠨ ᠭᠤᠤᠯᠳᠠᠯᠭ᠎ᠠ ᠪᠣᠯᠭᠠᠵᠤ᠂ ᠲᠠᠷᠢᠶᠠᠯᠠᠩ ᠤᠨ | ᠰᠡᠯᠡᠭᠦᠴᠡᠯ᠂ ᠰᠤᠯᠠ ᠰᠡᠯᠡᠭᠦᠦ ᠴᠠᠭ ᠢ ᠠᠰᠢᠭᠯᠠᠨ᠂ ᠡᠷᠬᠢᠨ ᠲᠣᠭᠤᠷᠢᠨ ᠤ ᠣᠯᠠᠨ ᠲᠦᠮᠡᠨ ᠢ ᠵᠣᠬᠢᠶᠠᠨ ᠪᠠᠶᠢᠭᠤᠯᠵᠤ | ᠂ ᠮᠣᠩᠭᠤᠯ ᠬᠢᠲᠠᠳ ᠬᠤᠤᠰ ᠬᠡᠯᠡ ᠪᠠᠷ ᠤᠬᠠᠭᠤᠯᠤᠨ ᠲᠠᠶᠢᠯᠪᠤᠷᠢᠯᠠᠬᠤ᠂ ᠨᠠᠮ ᠤᠨ ᠡᠭᠦᠷ ᠤᠨ ᠱᠦᠵᠢ ᠳᠠᠭᠠᠭᠤᠯᠤᠨ | ᠰᠤᠷᠤᠯᠴᠠᠬᠤ᠂ ᠰᠣᠯᠢᠯᠴᠠᠵᠤ ᠣᠶᠢᠯᠠᠭᠠᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ | ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ | ᠬᠤᠰᠢᠭᠤᠨ ᠤ 35 ︽ᠤᠯᠠᠭᠠᠨ ᠮᠣᠩᠭᠤᠯ ᠭᠡᠷ︾ ᠨᠡᠶᠢᠲᠡ 80 ᠭᠠᠷᠤᠶ ᠲᠠᠯᠠᠪᠤᠷ ᠠᠵᠢᠯᠯᠠᠭ᠎ᠠ ᠥᠷᠨᠢᠭᠦᠯᠵᠦ᠂ | 1100 ᠭᠠᠷᠤᠶ ᠬᠥᠮᠦᠨ ᠭᠥᠯᠢᠶᠡᠨ ᠠᠪᠴᠠᠶ᠃ | ᠰᠣᠶᠣᠯ ᠤᠨ ᠳᠠᠪᠠᠭᠤᠯᠢᠭ ᠲᠤ ᠲᠦᠰᠢᠭᠯᠡᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ | ᠴᠡᠷᠢᠭ︾ ᠤᠨ ᠦᠢᠯᠡᠳᠦᠯ ᠢ ᠪᠠᠳᠠᠷᠠᠭᠤᠯᠪᠠ | ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠤᠯᠠᠭᠠᠨᠮᠥ᠋ᠴᠢᠷ ᠤᠨ ︽ᠲᠠᠯ᠎ᠠ ᠨᠤᠲᠤᠭ ᠤᠨ ᠬᠤᠪᠢᠰᠬᠠᠯ ᠤᠨ ᠬᠥᠩᠭᠡᠨ | ᠮᠣᠷᠢᠲᠤ ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠮᠤ ᠰᠢᠶᠠᠩ ᠪᠠᠯᠭᠠᠰᠤ᠂ ᠬᠢᠯᠢ ᠶᠢᠨ | ᠬᠠᠮᠢᠶᠠᠷᠤᠯᠲᠠ ᠶᠢᠨ ᠶᠡᠭᠡ ᠠᠩᠭᠢ ᠪᠣᠯᠤᠨ ᠬᠢᠯᠢ ᠬᠢᠵᠠᠭᠠᠷ ᠤᠨ ᠮᠠᠯᠴᠢᠨ ᠲᠠᠷᠢᠶᠠᠴᠢᠨ ᠤ ᠬᠡᠷ ᠲᠤ ᠭᠦᠨᠵᠡᠭᠡᠶᠢᠷᠡᠵᠦ᠂ | ᠦᠶ᠋ᠯᠡᠳᠪᠦᠷᠢᠯᠡᠯ ᠠᠮᠢᠳᠤᠷᠠᠯ ᠤᠨ ᠪᠠᠶᠢᠳᠠᠯ ᠲᠠᠢ ᠤᠶᠠᠯᠳᠤᠭᠤᠯᠤᠨ᠂ ᠳᠠᠭᠤᠤ᠂ ᠪᠥᠵᠢᠭ᠂ ᠬᠤᠯᠪᠣᠭ᠎ᠠ ᠵᠡᠷᠭᠡ | ᠲᠥᠬᠦᠮ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠳᠦᠷᠰᠦᠯᠢᠭ ᠬᠡᠷᠡᠭ ᠤᠨ ᠵᠢᠱᠢᠶ᠎ᠡ᠂ ᠦᠵᠡᠵᠦ ᠰᠣᠨᠢᠷᠬᠠᠬᠤ | ᠳᠤᠷᠠᠲᠠᠶ ᠬᠡᠯᠪᠡᠷᠢ ᠪᠠᠷ ᠨᠠᠮ ᠤᠨ ᠳᠠᠭᠤᠨ ᠢ ᠮᠠᠯᠴᠢᠨ ᠲᠠᠷᠢᠶᠠᠴᠢᠨ ᠤ ᠬᠡᠷ ᠲᠤ ᠬᠦᠷᠭᠡᠵᠦ᠂ ᠣᠯᠠᠨ ᠢ ᠪᠠᠶᠠᠷ | ᠬᠥᠷ ᠲᠠᠢ ᠠᠭᠤᠷ ᠠᠮᠢᠰᠬᠤᠯ ᠤᠨ ᠳᠤᠮᠳᠠ ︽ᠲᠠᠯ᠎ᠠ ᠨᠤᠲᠤᠭ ᠤᠨ ᠬᠥᠪᠡᠭᠦᠳ ᠥᠬᠢᠳ ᠤᠨ ᠰᠡᠳᠬᠢᠯ | ᠨᠠᠮ ᠢᠶᠠᠨ ᠲᠠᠭᠠᠨ ᠬᠠᠶᠢᠷᠠᠯᠠᠬᠤ︾ ᠤᠯᠤᠰ ᠲᠥᠷᠥ ᠶᠢᠨ ᠮᠡᠳᠡᠷᠡᠮᠵᠢ ᠪᠠ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ | ᠤᠯᠠᠮ ᠨᠢᠭᠡ ᠠᠯᠬᠤᠮ ᠴᠢᠩᠭᠠᠳᠬᠠᠪᠠ᠃ ᠣᠲᠣ ᠪᠣᠯᠲᠠᠯ᠎ᠠ᠂ ᠨᠡᠶᠢᠲᠡ 6 ᠲᠠᠯᠠᠪᠤᠷ ᠲᠣᠭᠯᠠᠯᠲᠠ ᠭᠠᠷᠭᠠᠵᠤ᠂ | 1000 ᠭᠠᠷᠤᠶ ᠭᠥᠯᠢᠶᠡᠨ ᠠᠪᠤᠭᠴᠢ᠃ | ᠳᠠᠮᠵᠢᠭᠤᠯᠭ᠎ᠠ ᠶᠢᠨ ᠳᠠᠪᠠᠭᠤᠯᠢᠭ ᠲᠤ ᠲᠦᠰᠢᠭᠯᠡᠨ ︽ᠤᠯᠠᠭᠠᠨ ᠥᠩᠭᠡᠲᠡᠢ ᠷᠠᠳᠢᠤ᠋︾ ᠶᠢᠨ ᠦᠢᠯᠡᠳᠦᠯ ᠢ | ᠪᠠᠳᠠᠷᠠᠭᠤᠯᠤᠶ᠎ᠠ | ᠨᠠᠰᠤ ᠠᠬᠠᠰᠢᠷᠠᠵᠤ ᠪᠡᠶ᠎ᠡ ᠪᠠᠭᠤᠷᠠᠶ᠂ ᠰᠣᠶᠣᠯ ᠤᠨ ᠬᠢᠷᠢ ᠬᠡᠮᠵᠢᠶ᠎ᠡ ᠨᠠᠮ ᠤᠨ ᠭᠡᠰᠢᠭᠦᠨ ᠤ ᠰᠤᠷᠤᠯᠴᠠᠬᠤ | ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠭᠤᠤᠯ ᠰᠡᠳᠦᠪᠲᠦ ᠬᠥᠮᠦᠵᠢᠯ ᠤᠨ ᠰᠤᠷᠤᠯᠴᠠᠬᠤ ᠠᠭᠤᠯᠭ᠎ᠠ ᠶᠣᠰᠣᠭᠠᠷ | ᠂ ︽ᠰᠢ ᠶᠢᠨ ᠫᠢᠩ ᠤᠨ ᠵᠣᠬᠢᠶᠠᠯ ᠰᠣᠩᠭᠤᠬᠤ︾᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ | ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ︽ᠲᠠᠪᠤᠨ ᠦᠭᠡ︾ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠵᠡᠷᠭᠡ ᠠᠭᠤᠯᠭ᠎ᠠ ᠶᠢ ︽ | ᠬᠤᠪᠢᠰᠬᠠᠯ ᠤᠨ ᠷᠠᠳᠢᠣ᠋︾ ᠳᠤ ᠣᠷᠣᠭᠤᠯᠵᠤ᠂ ᠨᠠᠩ ᠰᠢᠭᠤᠳ ᠦᠵᠡᠭᠦᠯᠬᠦ ᠤᠬᠠᠭᠤᠯᠭ᠎ᠠ ᠬᠥᠮᠦᠵᠢᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ ᠰᠤᠷᠤᠯᠴᠠᠯᠭ᠎ᠠ ᠶᠢ ᠳᠠᠶᠢᠴᠢᠯᠠᠪᠠ᠃ ᠣᠳᠣᠬᠠᠨ ᠳᠤ᠂ ︽ᠤᠯᠠᠭᠠᠨ ᠥᠩᠭᠡᠲᠦ ᠷᠠᠳᠢᠣ᠋︾ | ᠨᠡᠶᠢᠲᠡ 100 ᠭᠠᠷᠤᠶ ᠲᠠᠷᠬᠠᠭᠠᠪᠠ᠃ | ᠲᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠦᠷᠭᠦᠯᠵᠢᠯᠡᠨ ᠪᠦᠲᠦᠮᠵᠢᠲᠡᠶ | ᠠᠷᠭ᠎ᠠ ᠬᠡᠮᠵᠢᠶ᠎ᠡ ᠠᠪᠴᠤ᠂ ︽ᠰᠣᠶᠣᠯ ᠤᠨ ᠶᠡᠭᠡ ᠬᠦᠷᠢᠶ᠎ᠡ︾᠂ ︽ᠬᠤᠪᠢᠰᠬᠠᠯ ᠤᠨ ᠮᠣᠩᠭᠤᠯ ᠭᠡᠷ︾᠂ ︽ᠮᠣᠷᠢᠨ | ᠨᠢᠷᠤᠭᠤᠨ ᠳᠡᠭᠡᠷ᠎ᠡ ᠰᠤᠷᠤᠯᠴᠠᠬᠤ︾᠂ ︽ᠲᠠᠯ᠎ᠠ ᠨᠤᠲᠤᠭ ᠤᠨ ᠬᠥᠩᠭᠡᠨ ᠮᠣᠷᠢᠲᠤ ᠴᠡᠷᠢᠭ︾᠂ ︽ᠨᠡᠭᠦᠳᠡᠯ | ᠨᠠᠮ ᠤᠨ ᠭᠡᠰᠢᠭᠦᠨ ᠳᠤ ᠰᠢᠤᠳᠠᠨ ᠢᠶᠠᠷ ᠬᠦᠷᠭᠡᠵᠦ ᠰᠤᠷᠤᠯᠴᠠᠭᠤᠯᠬᠤ ᠪᠣᠭᠴᠣ︾ ᠵᠡᠷᠭᠡ ᠠᠮᠢᠳᠤᠯᠢᠭ ᠥᠨᠳᠥᠷ | ᠪᠦᠲᠦᠮᠵᠢᠲᠡᠶ ᠠᠴᠢᠶᠠᠯᠠᠪᠤᠷᠢ ᠳᠤ ᠲᠦᠰᠢᠭᠯᠡᠨ ᠰᠤᠷᠤᠯᠴᠠᠯᠭ᠎ᠠ ᠶᠢ ᠬᠡᠷ ᠲᠤᠨᠢ ᠬᠦᠷᠭᠡᠵᠦ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠢ ᠭᠤᠤᠯ ᠰᠡᠳᠦᠪᠲᠦ ᠬᠥᠮᠦᠵᠢᠯ ᠤᠨ ᠳᠤᠮᠳᠠ ᠦᠨᠡᠨ ᠬᠦ ᠣᠯᠤᠯᠲᠠ ᠲᠠᠢ ᠪᠣᠯᠭᠠᠵᠤ᠂ | ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠪᠠᠷ ᠪᠠᠶᠢᠨ᠎ᠠ᠃ | |