ᠲᠠᠷᠬᠠᠨ ᠮᠤᠤᠤᠮᠢᠩᠭᠭᠠᠨ ᠬᠤᠯᠪᠤᠭᠠᠳᠦ ᠬᠤᠰᠢᠭᠤ᠄ ᠠᠷᠠᠳ ᠤᠨ ᠠᠮᠢᠳᠤᠷᠠᠯ ᠤᠨ ︽ᠵᠢᠵᠢᠭ ᠪᠤᠳᠠᠳᠦ ᠶᠠᠪᠤᠳᠠᠯ︾ ᠢ ᠤᠨᠢᠯᠠᠵᠦ᠂ ᠭᠤᠤᠯ ᠰᠡᠳᠦᠪᠳᠦ ᠬᠦᠮᠦᠵᠢᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠤᠨ᠎ᠠ
ᠨᠡᠶᠢᠲᠡᠯᠡᠭᠰᠡᠨ ᠴᠠᠭ᠄
2023/11/8
      ᠬᠤᠶᠠᠳᠤᠭᠠᠷ ᠪᠦᠯᠦᠭ ᠭᠤᠤᠯ ᠰᠡᠳᠦᠪᠳᠦ ᠬᠦᠮᠦᠵᠢᠯ ᠢ ᠦᠷᠨᠢᠭᠦᠯᠦᠭᠰᠡᠨ ᠠᠴᠠ ᠨᠠᠰᠢ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠠᠷᠠᠳ ᠤᠯᠠᠨ ᠤ ᠬᠦᠴᠢᠷᠳᠡᠯᠳᠡᠢ ᠠᠰᠠᠭᠤᠳᠠᠯ ᠤᠨ ᠲᠤᠭᠤᠷᠢᠨ ᠳᠤ ᠤᠯᠠᠨ ᠲᠦᠮᠡᠨ ᠤ ᠲᠤᠮᠳᠠ ᠭᠦᠨᠵᠡᠭᠡᠶᠢᠷᠡᠵᠦ᠂ ᠠᠷᠠᠳ ᠲᠤ ᠠᠰᠢᠭ ᠬᠦᠷᠳᠡᠭᠡᠬᠦ᠂ ᠠᠷᠠᠳ ᠤᠨ ᠰᠡᠳᠬᠢᠯ ᠢ ᠲᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠠᠪᠴᠦ᠂ ᠠᠷᠠᠳ ᠤᠯᠠᠨ ᠤ ᠪᠠᠴᠢᠮ ᠬᠦᠴᠢᠷ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠪᠠ᠃      ᠨᠢᠭᠡ ᠲᠣᠨ ᠨᠡᠭᠦᠷᠡᠰᠦ᠂ ᠨᠢᠭᠡ ᠠᠮᠠ ᠣᠰᠣ᠂ ᠨᠢᠭᠡ ᠵᠦᠢᠯ ᠤᠨ ᠦᠢᠯᠡᠴᠢᠯᠡᠭᠡ᠂᠂᠂᠂ ᠡᠳᠡᠭᠡᠷ ᠦᠵᠡᠬᠦ  ᠳᠤ ᠶᠠᠯᠢᠮ ᠦᠭᠡᠢ ᠠᠷᠠᠳ ᠤᠨ ᠠᠮᠢᠳᠤᠷᠠᠯ ᠤᠨ ᠵᠢᠵᠢᠭ ᠰᠠᠵᠢᠭ ᠶᠠᠪᠤᠳᠠᠯ ᠨᠢ ᠬᠠᠷᠢᠨ ᠲᠦᠭ ᠲᠦᠮᠡᠨ ᠠᠶᠢᠯ ᠡᠷᠦᠬᠡ ᠲᠠᠢ ᠬᠤᠯᠪᠤᠭᠳᠠᠵᠦ ᠪᠠᠶᠢᠳᠠᠭ᠃10 ᠰᠠᠷ᠎ᠠ ᠠᠴᠠ ᠨᠠᠰᠢ᠂ ᠠᠭᠤᠷ ᠠᠮᠢᠰᠬᠤᠯ ᠬᠦᠢᠳᠡᠷᠡᠵᠦ᠂ ᠲᠤᠯᠠᠭᠠᠯᠠᠭ᠎ᠠ ᠶᠢᠨ ᠨᠡᠭᠦᠷᠡᠰᠦ ᠬᠡᠷᠡᠭᠯᠡᠬᠦ ᠨᠢ ᠤᠯᠠᠨ ᠲᠦᠮᠡᠨ ᠤ ᠬᠠᠮᠤᠭ ᠠᠴᠠ ᠢᠯᠡᠭᠦᠦ ᠰᠡᠳᠬᠢᠯ ᠲᠠᠯᠪᠢᠬᠤ ᠶᠠᠪᠤᠳᠠᠯ ᠪᠤᠯᠵᠠᠢ᠃ ᠡᠪᠦᠯ ᠤᠨ ᠤᠯᠠᠷᠢᠯ ᠤᠨ ᠠᠷᠠᠳ ᠤᠨ ᠠᠮᠢᠳᠣᠷᠠᠯ ᠤᠨ ᠲᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠳᠤᠯᠠᠭ᠎ᠠ ᠶᠢᠨ ᠠᠵᠢᠯ ᠢ ᠦᠨᠡᠨ ᠬᠦ ᠰᠠᠶᠢᠳᠤᠷ ᠬᠢᠬᠦ  ᠶᠢᠨ ᠲᠦᠯᠦᠭᠡ ᠪᠦᠬᠦ ᠬᠤᠰᠢᠭᠤᠨ ᠤ ᠨᠡᠭᠦᠷᠡᠰᠦ ᠬᠡᠷᠡᠭᠯᠡᠬᠦ ᠱᠠᠭᠠᠷᠳᠠᠯᠭ᠎ᠠ ᠲᠠᠢ ᠮᠠᠯᠴᠢᠨ ᠲᠠᠷᠢᠶᠠᠴᠢᠨ ᠳᠤ ︽ᠰᠡᠳᠬᠢᠯ  ᠢ ᠲᠤᠯᠠᠭᠠᠴᠠᠭᠤᠯᠬᠤ ᠨᠡᠭᠦᠷᠡᠰᠦ︾ ᠲᠦᠭᠡᠭᠡᠭᠦ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠯᠴᠢᠨ ᠲᠠᠷᠢᠶᠠᠴᠢᠨ ᠤ ᠬᠦᠰᠡᠨ ᠬᠦᠯᠢᠶᠡᠳᠡᠭ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠤᠯᠤᠭᠰᠠᠨ ᠶᠤᠮ᠃
微信图片_20231108083816.jpg
      ︽ᠰᠡᠳᠬᠢᠯ ᠲᠤᠯᠠᠭᠠᠴᠠᠭᠤᠯᠬᠤ ᠨᠡᠭᠦᠷᠡᠰᠦ ᠶᠢᠨ ᠲᠦᠷᠦ ᠶᠢᠨ ᠪᠤᠳᠤᠯᠭ᠎ᠠ ᠦᠨᠡᠬᠡᠷ ᠰᠠᠶᠢᠨ ᠪᠠᠶᠢᠨ᠎ᠠ᠂ ᠵᠢᠯ ᠪᠦᠷᠢ ᠶᠢᠨ ᠡᠨᠡ ᠦᠶ᠎ᠡ ᠳᠤ ᠨᠡᠭᠦᠷᠡᠰᠦ ᠶᠢ ᠭᠡᠷ ᠤᠨ ᠡᠭᠦᠳᠡᠨ ᠳᠤ ᠬᠦᠷᠭᠡᠵᠦ ᠦᠭᠳᠡᠭ᠂ ᠠᠭᠤᠷ ᠠᠮᠢᠰᠬᠤᠯ ᠡᠳᠦᠷ  ᠠᠴᠠ ᠡᠳᠦᠷ ᠬᠦᠢᠳᠡᠷᠡᠵᠦ ᠪᠠᠶᠢᠪᠠᠴᠦ ᠪᠢᠳᠡᠨ ᠤ ᠰᠡᠳᠬᠢᠯ ᠲᠤᠯᠠᠭᠠᠨ ᠪᠠᠶᠢᠨ᠎ᠠ︾ ᠭᠡᠵᠦ ᠴᠠᠭᠠᠠᠬᠠᠳᠠ ᠰᠤᠮᠤᠨ ᠤ ᠮᠠᠯᠴᠢᠳ ᠪᠠᠶᠠᠷᠳᠡᠢ ᠶᠠᠷᠢᠨ᠎ᠠ᠃ ︽ᠡᠪᠦᠯ ᠪᠤᠯᠬᠤ ᠰᠢᠬᠠᠯ᠎ᠠ᠂ ᠭᠡᠷ ᠲᠡᠭᠡᠨ ᠵᠠᠪᠠᠯ ᠬᠤᠶᠠᠷ ᠲᠤᠨ ᠨᠡᠭᠦᠷᠡᠰᠦ ᠤᠷᠤᠭᠤᠯᠬᠤ ᠬᠡᠷᠡᠭᠳᠡᠢ᠂ ᠵᠠᠰᠠᠭ ᠤᠨ ᠤᠷᠳᠤᠨ ᠠᠴᠠ ᠡᠨᠡ ᠵᠢᠯ ᠪᠢᠳᠡᠨ ᠳᠤ ᠬᠢᠮᠳᠠ ᠦᠨ᠎ᠡ ᠲᠠᠢ ᠨᠡᠭᠦᠷᠡᠰᠦ ᠤᠯᠵᠦ ᠦᠭᠴᠡᠢ᠂ ᠪᠢ ᠬᠤᠶᠠᠷ ᠲᠤᠨ ᠨᠡᠭᠦᠷᠡᠰᠦ ᠠᠪᠤᠭᠰᠠᠨ᠂ ᠡᠪᠦᠯ ᠬᠡᠳᠦᠢ ᠬᠦᠢᠳᠡᠷᠡᠭᠰᠡᠨ ᠴᠦ ᠠᠶᠤᠬᠤ ᠦᠬᠡᠢ ᠪᠤᠯᠤᠯ᠎ᠠ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠵᠦ ᠪᠠᠶᠢᠨ᠎ᠠ︾ ᠬᠡᠵᠦ ᠦᠬᠡᠷᠬᠤᠳᠳᠤᠭ ᠪᠤᠯᠭᠠᠰᠤᠨ ᠤ ᠳ᠋ᠦᠩ ᠱᠠᠨ ᠫᠠᠨ ᠲᠤᠰᠬᠤᠨ ᠤ ᠵᠠᠩ ᠯᠢᠶᠠᠨ ᠫᠢᠩ ᠦᠪᠡᠷ ᠤᠨ ᠲᠠᠷᠢᠶᠠᠯᠠᠩ ᠤᠨ ᠮᠠᠰᠢᠨ ᠲᠡᠷᠭᠡ ᠪᠠᠷ ᠢᠶᠠᠨ ᠨᠡᠭᠦᠷᠡᠰᠦ ᠲᠡᠭᠡᠭᠡᠬᠦ ᠪᠠᠷ ᠢᠷᠡᠪᠡ᠃ ᠤᠶᠢᠯᠠᠭᠠᠭᠰᠠᠨ ᠢᠶᠠᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ2023 ᠤᠨ ᠤ1.87 ᠲᠦᠮᠡᠨ ᠲᠤᠨ ︽ᠰᠡᠳᠬᠢᠯ ᠲᠤᠯᠠᠭᠠᠴᠠᠭᠤᠯᠬᠤ ᠨᠡᠭᠦᠷᠡᠰᠦ︾ ᠶᠢ ᠨᠢᠭᠡᠨᠳᠡ ᠪᠦᠬᠦᠨ ᠢ ᠮᠠᠯᠴᠢᠨ ᠲᠠᠷᠢᠶᠠᠴᠢᠳ ᠲᠤ ᠬᠦᠷᠭᠡᠪᠡ᠃
微信图片_20231108083822.jpg
      ᠲᠤᠰᠬᠤᠨ ᠤ ᠠᠷᠠᠳ᠄ ︽ᠵᠠᠰᠠᠭ ᠤᠨ ᠣᠷᠳᠤᠨ ᠳᠤ ᠮᠠᠰᠢ ᠲᠠᠯᠠᠷᠬᠠᠵᠦ ᠪᠠᠶᠢᠨ᠎ᠠ᠂ ᠰᠢᠨ᠎ᠡ ᠪᠠᠷ ᠮᠠᠯᠳᠠᠭᠰᠠᠨ ᠬᠤᠳᠳᠤᠭ ᠦᠨᠡᠭᠡᠷ ᠰᠠᠶᠢᠨ᠂ ᠣᠰᠣᠨ ᠤ ᠬᠠᠩᠭᠠᠯᠭ᠎ᠠ ᠭᠦᠢᠴᠡᠳ ᠪᠠᠶᠢᠨ᠎ᠠ᠂ ᠣᠳᠣ ᠣᠰᠦ ᠬᠦᠷᠦᠯᠴᠡᠬᠦ ᠦᠬᠡᠢ ᠭᠡᠵᠦ ᠵᠤᠪᠠᠭ᠋ᠤ ᠬᠡᠷᠡᠭ ᠦᠬᠡᠢ᠂ ᠦᠨᠡᠭᠡᠷ ᠪᠠᠶᠠᠷᠯᠠᠵᠦ ᠪᠠᠶᠢᠨ᠎ᠠ︕︾ ᠭᠡᠵᠦ ᠶᠠᠷᠢᠵᠦ ᠪᠠᠶᠢᠯ᠎ᠠ᠃ ᠦᠬᠡᠷᠬᠤᠳᠳᠤᠭ ᠪᠠᠯᠭᠠᠰᠤᠨ ᠤ ᠬᠡᠰᠡᠭ ᠲᠤᠰᠬᠤᠨ ᠳᠤ ᠤᠰᠤᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠳᠠᠯ ᠤᠷᠤᠰᠢᠵᠦ᠂ ᠤᠯᠠᠨ ᠡᠷᠦᠬᠡ ᠶᠢᠨ ᠠᠮᠢᠳᠤᠷᠠᠯ ᠳᠤ ᠬᠡᠷᠡᠭᠯᠡᠬᠦ ᠣᠰᠤ ᠪᠠᠳᠤᠯᠠᠭ᠎ᠠ ᠦᠭᠡᠢ ᠪᠠᠶᠢᠬᠤ ᠶᠢ ᠤᠶᠢᠯᠠᠭᠠᠭᠰᠠᠨ ᠤ ᠲᠠᠷᠠᠭ᠎ᠠ ᠲᠤᠰ ᠭᠠᠵᠠᠷ ᠤᠷᠤᠨ ᠤ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠬᠤᠰᠢᠭᠤᠨ ᠤ ᠣᠰᠣᠨ ᠤ ᠶᠠᠪᠤᠳᠠᠯ ᠤᠨ ᠲᠤᠪᠴᠢᠶ᠎ᠠ᠂ ᠦᠬᠡᠷ ᠬᠤᠳᠳᠤᠭ ᠪᠠᠯᠭᠠᠰᠤᠨ ᠤ ᠨᠠᠮ ᠤᠨ ᠡᠭᠦᠷ᠂ ᠲᠤᠰᠬᠤᠨ ᠤ ᠨᠠᠮ ᠤᠨ ᠬᠤᠷᠢᠶ᠎ᠠ ᠦᠳᠳᠡᠷ ᠲᠦᠷᠭᠡᠨ ᠬᠦᠳᠡᠯᠦᠯᠴᠡᠵᠦ᠂ ᠴᠠᠭ ᠲᠤᠬᠠᠢ ᠳᠤᠨᠢ ᠪᠠᠶᠢᠴᠠᠭᠠᠨ ᠰᠡᠯᠪᠢᠵᠦ᠂ ᠰᠢᠨ᠎ᠡ ᠤᠰᠤ ᠬᠠᠩᠭᠠᠬᠤ, ᠲᠦᠬᠦᠭᠡᠷᠦᠮᠵᠢ ᠰᠤᠯᠢᠵᠦ᠂ ᠲᠣᠰᠬᠤᠨ ᠤ ᠠᠷᠠᠳ ᠤᠨ ᠤᠰᠤ ᠬᠡᠷᠡᠭᠯᠡᠬᠦ ᠳᠤ ᠬᠦᠴᠢᠷᠳᠡᠢ ᠠᠰᠠᠭᠤᠳᠠᠯ ᠢ ᠰᠢᠢᠳᠪᠦᠷᠢᠯᠡᠵᠡᠢ᠃ ᠤᠶᠢᠯᠠᠭᠠᠭᠰᠠᠨ ᠢᠶᠠᠷ᠂ ᠤᠳᠤ ᠪᠤᠯᠳᠠᠯ᠎ᠠ᠂ ᠨᠡᠶᠢᠳᠡ5 ᠲᠤᠰᠬᠤᠨ ᠤ86 ᠡᠷᠦᠬᠡ ᠶᠢᠨ173 ᠬᠦᠮᠦᠨ ᠤ ᠢᠳᠡᠬᠦ ᠤᠰᠤᠨ ᠤ ᠠᠰᠠᠭᠤᠳᠠᠯ ᠢ ᠰᠢᠢᠳᠪᠦᠷᠢᠯᠡᠵᠦ᠂ ︽ᠨᠢᠭᠡ ᠵᠦᠢᠯ ᠤᠨ ᠶᠠᠪᠤᠳᠠᠯ︾ ᠢ ᠰᠢᠢᠳᠪᠦᠷᠢᠯᠡᠬᠦ ᠠᠴᠠ ︽ᠨᠢᠭᠡ ᠲᠦᠷᠦᠯ ᠤᠨ ᠶᠠᠪᠤᠳᠠᠯ︾ ᠢ ᠰᠠᠶᠢᠳᠤᠷ ᠬᠢᠬᠦ ᠲᠡᠰᠢ ᠪᠦᠳᠦᠮᠵᠢᠳᠡᠢ ᠲᠦᠯᠬᠢᠨ ᠠᠬᠢᠭᠤᠯᠪᠠ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠯᠠᠭᠠᠨ ᠭᠡᠷ ᠨᠡᠶᠢᠭᠡᠮ ᠲᠤᠭᠤᠷᠢᠭ ᠤᠨ ︽ᠤᠯᠠᠭᠠᠨ ᠠᠨᠠᠷ ᠤᠨ ᠭᠡᠷ ᠪᠦᠯᠢ︾ ᠶᠢᠨ ᠰᠠᠶᠢᠨ ᠲᠤᠷ᠎ᠠ ᠶᠢᠨ ᠦᠢᠯᠡᠴᠢᠯᠡᠭᠡᠨ ᠤ ᠠᠩᠭᠢ ᠨᠠᠰᠤᠳᠠᠶᠢᠴᠤᠤᠯ᠂ ᠭᠡᠷ ᠲᠡᠭᠡᠨ ᠬᠤᠴᠤᠷᠤᠭᠰᠠᠨ ᠬᠡᠥᠬᠡᠳ᠂ ᠬᠦᠴᠢᠷᠳᠡᠯᠳᠡᠢ ᠰᠠᠭᠤᠭᠠᠯᠢ ᠠᠷᠠᠳ᠂ ᠰᠢᠯᠵᠢᠭᠦᠯᠦᠨ ᠲᠦᠪᠬᠢᠨᠡᠭᠦᠯᠦᠭᠰᠡᠨ ᠮᠠᠯᠴᠢᠳ ᠲᠤ ᠠᠩᠬᠠᠷᠤᠯ ᠢᠶᠠᠨ ᠲᠦᠪᠯᠡᠷᠡᠭᠦᠯᠵᠦ᠂ ᠲᠦᠷᠪᠡᠨ ︽15 ᠮᠢᠨᠤᠲ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠲᠤᠭᠤᠷᠢᠭ︾ ᠢ ᠪᠦᠬᠦ ᠬᠦᠴᠦᠨ ᠢᠶᠠᠷ ᠢᠶᠠᠨ ᠪᠠᠶᠢᠭᠤᠯᠵᠦ᠂ ᠲᠤᠭᠳᠠᠭᠰᠠᠨ ᠴᠡᠭ ᠤᠨ ᠠᠮᠢᠳᠤᠷᠠᠯ  ᠤᠨ ᠬᠠᠷᠠᠭᠠᠯᠵᠠᠯ᠂ ᠡᠮ ᠡᠮᠨᠡᠯᠭᠡ ᠡᠷᠡᠭᠦᠯᠵᠡᠯ᠂ ᠤᠶᠤᠨ ᠰᠠᠨᠠᠭᠠᠨ ᠤ ᠲᠠᠶᠢᠳᠬᠤᠷᠠᠭᠤᠯᠤᠯ᠂ ᠰᠤᠶᠤᠯ ᠲᠠᠮᠢᠷ ᠵᠤᠭ᠎ᠠ ᠴᠡᠩᠭᠡᠯ ᠵᠡᠷᠭᠡ ᠦᠢᠯᠡᠴᠢᠯᠡᠭᠡ ᠬᠠᠩᠭᠠᠪᠠ᠃
微信图片_20231108083829.jpg
      ︽ᠡᠨᠡ ᠬᠦ ᠲᠤᠷ᠎ᠠ ᠶᠢᠨ ᠦᠢᠯᠡᠴᠢᠯᠡᠭᠡᠨ ᠤ ᠠᠩᠭᠢ ᠦᠨᠡᠬᠡᠷ ᠰᠠᠶᠢᠨ᠂ ᠪᠢᠳᠡ ᠶᠠᠭᠤ ᠬᠢᠬᠦ ᠳᠤ ᠴᠤ ᠲᠦᠭᠦᠮ ᠂ ᠨᠠᠰᠢ ᠴᠠᠰᠢ ᠬᠦᠶᠦᠬᠦ ᠬᠡᠷᠡᠭ ᠦᠭᠡᠢ᠂ ᠦᠰᠦ ᠵᠠᠰᠠᠬᠤ ᠭᠠᠵᠠᠷ ᠤᠴᠢᠬᠤ ᠵᠤᠭᠤᠰ ᠢ ᠴᠦ ᠠᠷᠪᠢᠯᠠᠴᠢᠬᠠᠵᠠᠢ᠂ ᠦᠨᠡᠭᠡᠷ ᠪᠠᠶᠠᠷᠯᠠᠵᠦ ᠪᠠᠶᠢᠨ᠎ᠠ︾ ᠭᠡᠵᠦ ᠲᠤᠯᠠᠭᠠᠨ ᠭᠡᠷ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠢᠯᠡᠳᠭᠡᠵᠦ ᠪᠠᠶᠢᠨ᠎ᠠ᠃ ᠤᠳᠤᠬᠠᠨ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠤᠭᠤᠷᠢᠨ ᠳᠤ᠂ ︽ᠤᠯᠠᠨ ᠡᠷᠦᠬᠡ ᠳᠤ ᠤᠴᠢᠬᠤ᠂ ᠤᠯᠠᠨ ᠡᠷᠦᠬᠡ ᠶᠢᠨ ᠪᠠᠶᠢᠳᠠᠯ ᠢ ᠰᠤᠷᠪᠤᠯᠵᠢᠯᠠᠬᠤ᠂ ᠤᠯᠠᠨ ᠡᠷᠦᠬᠡ ᠶᠢᠨ ᠬᠦᠴᠢᠷᠳᠡᠯ ᠢ ᠰᠢᠢᠳᠪᠦᠷᠢᠯᠡᠬᠦ᠂ ᠤᠯᠠᠨ ᠡᠷᠦᠬᠡ ᠶᠢᠨ ᠰᠡᠳᠬᠢᠯ ᠢ ᠲᠤᠯᠠᠭᠠᠴᠠᠭᠤᠯᠬᠤ︾ ᠪᠠᠷ ᠴᠢᠬᠤᠯᠠ ᠠᠴᠢᠶᠠᠯᠠᠪᠤᠷᠢ ᠪᠠ ᠭᠠᠷᠳᠠᠴᠠ ᠪᠤᠯᠭᠠᠵᠦ᠂ ᠤᠯᠠᠨ ᠲᠦᠮᠡᠨ ᠤ ᠬᠡᠷᠡᠭᠴᠡᠭᠡ᠂ ᠪᠤᠳᠤᠯ᠂ ᠬᠦᠰᠡᠯ᠂ ᠪᠴᠢᠮᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠦᠨᠡᠨ ᠪᠤᠳᠠᠳᠠᠢ ᠠᠷᠭ᠎ᠠ ᠬᠡᠮᠵᠢᠶ᠎ᠡ ᠪᠠᠷ ᠤᠯᠠᠨ ᠲᠦᠮᠡᠨ ᠳᠤ ᠲᠤᠯᠭᠠᠷᠠᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠠᠮᠤᠷ ᠲᠦᠪᠰᠢᠨ  ᠤ ᠲᠦᠷᠦᠭᠳᠡᠯ ᠪᠠ ᠵᠤᠯ ᠵᠢᠷᠭᠠᠯ ᠤᠨ ᠲᠦᠷᠦᠭᠳᠡᠯ ᠪᠠ ᠵᠤᠯ ᠵᠢᠷᠭᠠᠯ ᠤᠨ ᠲᠦᠷᠦᠭᠳᠡᠯ ᠢ ᠦᠷᠭᠦᠯᠵᠢᠯᠡᠨ ᠲᠡᠭᠡᠭᠰᠢᠯᠡᠭᠦᠯᠵᠦ ᠪᠤᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号