ᠵᠢᠭᠠᠰᠤ ᠠᠷᠪᠢᠨ ᠢᠳᠡᠪᠡᠯ ᠪᠡᠶ᠎ᠡ ᠳᠤ ᠰᠠᠶᠢᠨ᠂ ᠭᠡᠪᠡᠴᠦ ᠡᠨᠡ ᠭᠤᠷᠪᠠᠨ ᠵᠦᠢᠯ ᠤᠨ ᠵᠢᠭᠠᠰᠤ ᠶᠢ ᠢᠳᠡᠬᠦ  ᠦᠭᠡᠢ ᠪᠣᠯ ᠬᠠᠮᠤᠭ ᠰᠠᠶᠢᠨ︕
ᠨᠡᠶᠢᠲᠡᠯᠡᠭᠰᠡᠨ ᠴᠠᠭ᠄
2023/12/1
1. ᠵᠢᠭᠠᠰᠤᠨ ᠤ ᠴᠤᠤᠬ᠎ᠠ                    ᠣᠯᠠᠩᠬᠢ ᠦᠶ᠎ᠡ ᠳᠤ᠂ ᠪᠢᠳᠡ ᠵᠢᠭᠠᠰᠤ ᠬᠤᠳᠠᠯᠳᠤᠨ ᠠᠪᠬᠤ ᠳᠤ ᠵᠢᠭᠠᠰᠤ ᠶᠢ ᠠᠷᠢᠯᠭᠠᠴᠢᠬᠰᠠᠨ ᠮᠦᠷᠳᠡᠭᠡᠨ  ᠴᠤᠤᠬ᠎ᠠ ᠶᠢ ᠨᠢ ᠠᠪᠴᠤ ᠬᠠᠶᠠᠬᠰᠠᠨ ᠪᠠᠶᠢᠳᠠᠭ᠂  ᠭᠡᠳᠡᠯ᠎ᠡ  ᠤᠭᠤᠷᠠᠭ ᠤᠨ ᠠᠭᠤᠯᠤᠭᠳᠠᠴᠠ ᠠᠴᠠ ᠠᠪᠴᠤ ᠬᠡᠯᠡᠪᠡᠯ  ᠂ ᠵᠢᠭᠠᠰᠤᠨ ᠤ ᠴᠤᠤᠬ᠎ᠠ ᠶᠢᠨ ᠳᠣᠲᠣᠷᠠᠬᠢ ᠤᠭᠤᠷᠠᠭ ᠤᠨ ᠠᠭᠤᠯᠤᠭᠳᠠᠴᠠ ᠨᠢ ᠨᠡᠯᠢᠶᠡᠳ ᠥᠨᠳᠥᠷ᠂ 76%  —79% ᠶᠢᠨ ᠬᠤᠭᠤᠷᠣᠨᠳᠣ ᠪᠠᠶᠢᠳᠠᠭ᠂ ᠬᠡᠪᠡᠴᠦ ᠥᠭᠡᠬᠦᠨ ᠤ ᠠᠭᠤᠯᠤᠭᠳᠠᠴᠠ ᠨᠢ ᠨᠡᠯᠢᠶᠡᠳ ᠳᠤᠤᠷ᠎ᠠ᠂  ᠰᠥᠰᠥᠨ ᠤ ᠭᠤᠨᠠᠨ ᠠᠯᠺᠣᠣᠯ ‍ᠤᠨ‌ᠠᠭᠤᠯᠤᠭᠳᠠᠴᠠ ᠨᠢ ᠴᠦ ᠥᠨᠳᠥᠷ ᠪᠢᠰᠢ ᠪᠠᠶᠢᠳᠠᠭ ᠪᠦᠭᠡᠳ ᠮᠢᠬᠠᠨ ᠤ ᠴᠢᠨᠠᠷ ᠨᠢ  ᠨᠡᠯᠢᠶᠡᠳ ᠵᠦᠭᠡᠷ ᠬᠡᠰᠡᠭ ᠪᠣᠯᠤᠨ᠎ᠠ᠃         2. ᠵᠢᠭᠠᠰᠤᠨ ᠤ ᠲᠣᠯᠣᠭᠠᠢ                   ᠵᠢᠭᠠᠰᠤᠨ ᠤ ᠲᠣᠯᠣᠭᠠᠶ ᠶᠢᠨ ᠰᠢᠮ᠎ᠡ ᠲᠡᠵᠢᠭᠡᠯ ᠨᠢ ᠨᠡᠯᠢᠶᠡᠳ ᠥᠨᠳᠥᠷ᠂ ᠤᠭᠤᠷᠠᠭ᠂  ᠺᠠᠯᠼ᠂ ᠹᠣᠰᠹᠣᠷ᠂  ᠲᠡᠮᠦᠷ᠂ ᠸᠢᠲ᠋ᠠᠮᠢᠨ B1 ᠵᠡᠷᠭᠡ ᠣᠯᠠᠨ ᠵᠦᠢᠯ ᠤᠨ ᠰᠢᠮ᠎ᠡ ᠲᠡᠵᠢᠭᠡᠯ ᠤᠨ ᠡᠯᠧᠮᠧᠨ᠋ᠲ ᠠᠭᠤᠯᠵᠤ ᠪᠠᠶᠢᠳᠠᠭ᠃                   ᠪᠢᠳᠡᠨ ᠤ ᠦᠷᠭᠦᠯᠵᠢ ᠢᠳᠡᠳᠡᠭ ᠶᠠᠷᠮ᠎ᠠ ᠵᠢᠭᠠᠰᠤᠨ ᠤ ᠲᠣᠯᠣᠭᠠᠶ ︵ᠲᠠᠷᠭᠤᠨ ᠲᠣᠯᠣᠭᠠᠶᠢᠲᠤ ᠵᠢᠭᠠᠰᠤ︶ ᠪᠠᠷ  ᠵᠢᠱᠢᠶᠡᠯᠡᠬᠦ ᠳᠤ᠂ ᠲᠡᠭᠦᠨ ᠤ ᠲᠣᠯᠣᠭᠠᠶ ᠶᠢᠨ ᠤᠭᠤᠷᠠᠭ ᠤᠨ ᠠᠭᠤᠯᠤᠭᠳᠠᠴᠠ ᠨᠢ 18.32 % ᠲᠤ ᠬᠦᠷᠴᠦ  ᠪᠠᠶᠢᠬᠤ ᠪᠦᠭᠡᠳ ᠡᠭᠦᠨ ᠠᠴᠠ ᠭᠠᠳᠠᠨ᠎ᠠ ᠲᠣᠯᠣᠭᠠᠶ ᠳᠤᠨᠢ ᠪᠠᠰᠠ ᠬᠠᠨᠤᠮᠠᠯ ᠪᠤᠰᠤ ᠥᠭᠡᠬᠦᠨ ᠬᠦᠴᠢᠯ᠂ ᠹᠣᠰᠹᠣᠷᠲᠤ  ᠥᠭᠡᠬᠦᠨ ᠤ ᠲᠥᠷᠥᠯ ᠤᠨ  ᠪᠣᠳᠠᠰ  ᠡᠯᠪᠡᠭ ᠠᠭᠤᠯᠵᠤ ᠪᠠᠶᠢᠳᠠᠭ᠂ ᠡᠨᠡ ᠨᠢ ᠨᠢᠯᠬ᠎ᠠ ᠬᠡᠦᠬᠡᠳ ᠤᠨ ᠶᠡᠭᠡ  ᠲᠠᠷᠢᠬᠢᠨ ᠤ  ᠪᠤᠶᠢᠵᠢᠯᠲᠠ ᠳᠤ ᠠᠰᠢᠭᠲᠠᠶ  ᠪᠦᠭᠡᠳ ᠠᠯᠽᠧᠶᠢᠮᠧᠷ ᠡᠪᠡᠳᠴᠢᠨ ᠢ ᠰᠠᠶᠢᠵᠢᠷᠠᠭᠤᠯᠬᠤ ᠳᠤ ᠲᠤᠰᠠᠯᠠᠳᠠᠭ᠃                   ᠠᠩᠬᠠᠷᠤᠭᠤᠰᠢᠳᠠᠢ ᠨᠢ᠄ ᠵᠢᠭᠠᠰᠤᠨ ᠤ ᠲᠣᠯᠣᠭᠠᠶ ᠶᠢᠨ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ   ᠨᠡᠯᠢᠶᠡᠳ‌ᠥᠨᠳᠥᠷ ᠪᠣᠯᠬᠤᠷ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠲᠡᠶ᠃            3. ᠵᠢᠭᠠᠰᠤᠨ ᠤ ᠠᠷᠠᠰᠤ                   ᠤᠭᠤᠷᠠᠭ ᠤᠨ ᠠᠭᠤᠯᠤᠭᠳᠠᠴᠠ ᠨᠢ ᠨᠡᠯᠢᠶᠡᠳ ᠡᠯᠪᠡᠭ ᠪᠠᠶᠢᠵᠤ᠂ 30% ᠣᠷᠴᠢᠮ ᠬᠦᠷᠴᠦ ᠪᠠᠶᠢᠬᠤ  ᠪᠦᠭᠡᠳ ᠪᠠᠰᠠ ᠴᠠᠪᠠᠤᠯᠢᠭ ᠤᠭᠤᠷᠠᠭ ᠡᠯᠪᠡᠭ ᠠᠭᠤᠯᠵᠤ ᠪᠠᠶᠢᠳᠠᠭ᠂ ᠤᠯᠠᠭᠠᠨ ᠲᠤᠯᠪᠠᠭ᠎ᠠ ᠵᠢᠭᠠᠰᠤ ᠪᠠᠷ ᠵᠢᠱᠢᠶᠡᠯᠡᠬᠦ   ᠳᠤ᠂ ᠲᠡᠭᠦᠨ ᠤ ᠬᠠᠯᠢᠰᠤᠨ ᠳᠣᠲᠣᠷᠠᠬᠢ ᠴᠠᠪᠠᠤᠯᠢᠭ ᠤᠭᠤᠷᠠᠭ ᠤᠨ ᠠᠭᠤᠯᠤᠭᠳᠠᠴᠠ ᠨᠢ 80% ᠠᠴᠠ ᠳᠡᠭᠡᠭᠰᠢ  ᠪᠠᠶᠢᠳᠠᠭ᠃                   ᠠᠩᠬᠠᠷᠤᠭᠤᠰᠢᠳᠠᠢ ᠨᠢ᠄ ᠵᠢᠭᠠᠰᠤᠨ ᠤ ᠰᠥᠰᠥ ᠶᠢ ᠶᠠᠭᠠᠬᠢᠭᠰᠠᠨ ᠴᠤ ᠢᠳᠡᠵᠦ ᠪᠤᠯᠬᠤ ᠦᠭᠡᠢ︕   ᠵᠢᠭᠠᠰᠤᠨ ᠤ ᠰᠥᠰᠥᠨ ᠳᠤ ᠶᠡᠭᠡ ᠬᠡᠮᠵᠢᠶᠡᠨ ᠤ ᠰᠥᠰᠥᠨ ᠳᠠᠪᠤᠰᠤ᠂ ᠬᠤᠣᠷᠲᠤ ᠡᠳ᠋ ᠪᠠ ᠨᠡᠬᠡᠳᠡᠰᠦ ᠶᠢᠨ ᠠᠮᠢᠨ  ᠠᠭᠤᠯᠤᠭᠳᠠᠵᠤ  ᠪᠠᠶᠢᠳᠠᠭ ᠪᠤᠯᠬᠤᠷ ᠠᠳᠡᠭᠦᠷᠡᠨ ᠢᠳᠡᠪᠡᠯ ᠪᠥᠭᠡᠷ᠎ᠡ ᠶᠢ ᠮᠠᠭᠤᠳᠠᠭᠤᠯᠬᠤ ᠪᠤᠶᠤ ᠡᠯᠢᠭᠡᠨ ᠡᠪᠡᠳᠴᠢᠨ  ᠡᠭᠦᠰᠭᠡᠵᠦ ᠮᠡᠳᠡᠨ᠎ᠡ᠂ ᠴᠢᠨᠠᠬᠰᠢᠯᠠᠪᠠᠯ ᠠᠮᠢ ᠨᠠᠰᠤᠨ ᠤ ᠠᠶᠤᠯ ᠲᠠᠢ ᠶᠤᠮ᠂ ᠡᠶᠢᠮᠦ ᠠᠴᠠ ᠶᠠᠭᠠᠬᠢᠭᠰᠠᠨ ᠴᠤ ᠢᠳᠡᠵᠦ  ᠪᠣᠯᠬᠤ ᠦᠭᠡᠶ︕                   ᠭᠠᠷᠠᠭ ᠲᠤ ᠬᠡᠳᠦᠢ ᠵᠢᠭᠠᠰᠤ ᠢᠳᠡᠪᠡᠯ ᠵᠣᠬᠢᠯᠳᠠᠢ ᠪᠤᠢ︖                   ︽ᠳᠤᠮᠳᠠᠳᠤ  ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ  ᠵᠦᠭᠯᠡᠭᠦᠷ   ︵2022︶︾ ᠢ  ᠦᠨᠳᠦᠰᠦᠯᠡᠪᠡᠯ᠂ ᠭᠠᠷᠠᠭ ᠲᠤ 2 ᠤᠳᠠᠭ᠎ᠠ ᠵᠢᠭᠠᠰᠤ ᠢᠳᠡᠬᠦ ᠪᠤᠶᠤ 300 ~ 500 ᠭᠷᠠᠮ ᠵᠢᠭᠠᠰᠤ ᠢᠳᠡᠪᠡᠯ  ᠬᠠᠮᠤᠭ ᠰᠠᠶᠢᠨ ᠭᠡᠵᠡᠢ᠃                   ᠵᠢᠭᠠᠰᠤᠨ ᠤ ᠮᠢᠬ᠎ᠠ ᠢᠳᠡᠬᠦ ᠪᠠᠨ ᠵᠣᠬᠢᠬᠤ  ᠬᠡᠮᠵᠢᠶ᠎ᠡ ᠪᠠᠷ ᠨᠡᠮᠡᠭᠳᠡᠭᠦᠯᠪᠡᠯ ᠪᠠᠰᠠ ᠨᠠᠰᠤᠨ ᠳᠤ   ᠬᠦᠷᠦᠭᠰᠡᠳ ᠤᠨ ᠲᠠᠷᠢᠬᠢᠨ ᠰᠠ ᠳᠤ ᠳᠠᠭᠠᠷᠢᠬᠳᠠᠬᠤ ᠲᠦᠭᠰᠢᠭᠦᠷᠢ ᠶᠢ ᠪᠠᠭᠠᠰᠬᠠᠵᠤ ᠴᠢᠳᠠᠨ᠎ᠠ᠃ ᠵᠢᠭᠠᠰᠤᠨ ᠤ  ᠮᠢᠬ᠎ᠠ ᠶᠢ ᠢᠯᠡᠭᠦᠬᠡᠨ ᠰᠢᠭ ᠢᠳᠡᠪᠡᠯ ᠢᠳᠡᠷ ᠥᠲᠡᠯᠦᠭᠡ ᠨᠠᠰᠤᠨ ᠤ ᠬᠦᠮᠦᠰ ᠤᠨ ᠠᠯᠽᠧᠶᠢᠮᠧᠷ ᠡᠪᠡᠳᠴᠢᠨ ᠵᠢᠴᠢ  ᠲᠠᠨᠢᠨ ᠮᠡᠳᠡᠬᠦᠶ ᠶᠢᠨ ᠴᠢᠳᠠᠮᠵᠢ ᠶᠢᠨ ᠰᠠᠭᠠᠲᠠᠯ ᠤᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠤᠷᠠᠭᠤᠯᠵᠤ  ᠴᠢᠳᠠᠨ᠎ᠠ᠃                   ᠡᠨᠡ 3 ᠵᠦᠢᠯ ᠤᠨ ᠵᠢᠭᠠᠰᠤ ᠶᠢ ᠢᠳᠡᠬᠦ ᠦᠭᠡᠶ ᠪᠣᠯ ᠰᠠᠶᠢᠨ                   1. ᠴᠢᠨᠠᠵᠤ ᠪᠤᠯᠭᠤᠬᠰᠠᠨ ᠥᠬᠡᠶ ᠵᠢᠭᠠᠰᠤ                   2. ᠲᠣᠰᠣᠨ ᠳᠤ ᠭᠡᠳᠦ ᠪᠤᠴᠠᠯᠭᠠᠭᠰᠠᠨ ᠵᠢᠭᠠᠰᠤ                   3. ᠳᠠᠪᠤᠰᠤᠯᠠᠭᠰᠠᠨ ᠵᠢᠭᠠᠰᠤ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号