ᠡᠯ᠎ᠡ ᠭᠠᠵᠠᠷ ᠤᠨ ᠬᠢᠨ ᠰᠣᠶᠣᠯ ᠤᠨ ᠨᠠᠶᠢᠷ᠂ ᠠᠶᠠᠯᠠᠯ ᠵᠢᠭᠤᠯᠴᠢᠯᠠᠯ ᠤᠨ ᠨᠠᠶᠢᠷ᠂ ᠭᠦᠢᠯᠡᠰᠦᠨ ᠴᠡᠴᠡᠭ   ᠤᠨ ᠪᠠᠶᠠᠷ ᠵᠡᠷᠭᠡ ᠪᠠᠶᠠᠯᠢᠭ ᠠᠭᠤᠯᠭ᠎ᠠ ᠲᠠᠢ ᠣᠨᠴᠠᠯᠢᠭᠲᠤ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/12/1
      ᠬᠠᠪᠤᠷ ᠤᠨ ᠤᠷᠢᠨ ᠳᠤᠯᠠᠭᠠᠨ ᠰᠠᠭᠠᠲᠠᠵᠤ᠂ ᠬᠠᠮᠤᠭ ᠠᠮᠢᠲᠠᠨ ᠲᠦᠮᠡᠨ  ᠪᠣᠳᠠᠰ  ᠰᠡᠷᠭᠦᠨ  ᠲᠥᠯᠵᠢᠵᠦ   ᠪᠠᠶᠢᠨ᠎ᠠ᠃ ᠣᠶᠢᠷ᠎ᠠ ᠶᠢᠨ ᠡᠳᠦᠷ ᠠᠴᠠ ᠨᠠᠭᠠᠰᠢ ᠡᠯ᠎ᠡ ᠭᠠᠵᠠᠷ ᠤᠨ ᠬᠢᠨ ᠰᠣᠶᠣᠯ ᠤᠨ ᠨᠠᠶᠢᠷ᠂ ᠠᠶᠠᠯᠠᠯ  ᠵᠢᠭᠤᠯᠴᠢᠯᠠᠯ ᠤᠨ ᠨᠠᠶᠢᠷ᠂ ᠭᠦᠢᠯᠡᠰᠦᠨ ᠴᠡᠴᠡᠭ ᠤᠨ ᠪᠠᠶᠠᠷ ᠵᠡᠷᠭᠡ ᠪᠠᠶᠠᠯᠢᠭ ᠠᠭᠤᠯᠭ᠎ᠠ ᠲᠠᠢ ᠣᠨᠴᠠᠯᠢᠭᠲᠤ  ᠠᠵᠢᠯᠯᠠᠭ᠎ᠠ ᠥᠷᠨᠢᠭᠦᠯᠵᠦ᠂ ᠡᠶᠡᠪᠡᠷᠭᠦᠦ  ᠬᠠᠪᠤᠷ ᠤᠨ ᠤᠷᠢᠨ ᠳᠤᠯᠠᠭᠠᠨ ᠴᠠᠭ ᠢ ᠤᠳᠬ᠎ᠠ ᠲᠡᠭᠦᠰ ᠠᠭᠤᠯᠭ᠎ᠠ  ᠲᠡᠭᠦᠯᠳᠡᠷ ᠥᠩᠭᠡᠷᠡᠭᠦᠯᠵᠦ ᠪᠠᠶᠢᠨ᠎ᠠ᠃                           2023 ᠣᠨ ᠤ ᠱᠠᠩᠬᠠᠢ ᠬᠤᠲᠠ ᠶᠢᠨ ᠠᠷᠠᠳ ᠤᠨ ᠰᠣᠶᠣᠯ ᠤᠨ ᠨᠠᠶᠢᠷ 8 ᠤ ᠡᠳᠦᠷ ᠡᠬᠢᠯᠡᠯ᠎ᠡ᠃  ᠡᠬᠢᠯᠡᠯᠲᠡ ᠵᠢᠨ‌ᠡᠳᠦᠷ ᠱᠠᠩᠬᠠᠢ ᠬᠤᠲᠠ ᠶᠢᠨ ᠰᠣᠶᠣᠯ ᠤᠨ ᠣᠷᠳᠣᠨ ᠲᠠᠯᠠᠪᠠᠢ᠂ ᠣᠯᠠᠨ ᠨᠡᠶᠢᠲᠡ ᠶᠢᠨ ᠭᠠᠵᠠᠷ ᠲᠤ  ᠡᠯ᠎ᠡ ᠲᠥᠷᠥᠯ ᠤᠨ ᠬᠥᠮᠥᠰ ᠲᠤ ᠵᠣᠷᠢᠭᠤᠯᠤᠭᠰᠠᠨ ᠮᠢᠩᠭ᠎ᠠ ᠰᠢᠬᠠᠮ ᠲᠠᠯᠠᠪᠤᠷ ᠣᠨᠴᠠᠯᠢᠭᠲᠤ ᠠᠵᠢᠯᠯᠠᠭ᠎ᠠ  ᠥᠷᠨᠢᠭᠦᠯᠵᠦ᠂ ᠬᠤᠲᠠ ᠶᠢᠨ ᠠᠷᠠᠳ ᠤᠨ ᠣᠶᠣᠨ ‍ᠣ‌ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃                   ᠰᠢᠨᠵᠢᠶᠠᠩ ᠤᠨ ᠢᠯᠢ ᠵᠸᠦ ᠶᠢᠨ ᠰᠢᠠ ᠶᠤᠸᠠᠠ ᠰᠢᠶᠠᠨ ᠤ ᠲᠦᠷᠭᠡᠡ ᠰᠢᠶᠠᠩ ᠤᠨ ᠭᠦᠢᠯᠡᠰᠦᠨ ᠤ ᠬᠥᠨᠳᠡᠢ    ᠳᠤ  3ᠲᠦᠮᠡ ᠰᠢᠬᠠᠮ ᠮᠦ ᠬᠡᠭᠡᠷ᠎ᠡ ᠶᠢᠨ ᠭᠦᠢᠯᠡᠰᠦ ᠥᠩᠭᠡ ᠢᠯᠭᠠᠷᠠᠨ ᠳᠡᠯᠭᠡᠷᠡᠵᠦ ᠪᠠᠶᠢᠯ᠎ᠠ᠃  ᠠᠭᠤᠯᠠ ᠶᠢᠨ ᠪᠡᠯ   ᠢᠶᠠᠷ ᠬᠠᠷᠠᠭ᠎ᠠ ᠪᠡᠯᠴᠢᠭᠡᠬᠦ ᠳᠤ ᠭᠦᠢᠯᠡᠰᠦᠨ ᠴᠡᠴᠡᠭ ᠰᠠᠯᠬᠢᠨ ᠤ ᠠᠶ᠎ᠠ ᠪᠠᠷ ᠨᠠᠶᠢᠭᠤᠵᠤ᠂ ᠴᠥᠭᠡᠨ ᠪᠤᠰᠤ  ᠵᠢᠭᠤᠯᠴᠢᠳ ᠮᠣᠷᠢᠲᠠᠢ ᠳᠠᠪᠬᠢᠯᠳᠤᠨ ᠬᠤᠸᠠᠷ ᠴᠡᠴᠡᠭ ᠰᠣᠨᠢᠷᠬᠠᠵᠤ ᠪᠠᠶᠢᠯ᠎ᠠ᠃ 3 ᠳ᠋ᠤᠭᠠᠷ ᠰᠠᠷ᠎ᠠ ᠶᠢᠨ 25 ᠤ  ᠡᠳᠦᠷ ᠠᠴᠠ ᠨᠠᠭᠠᠰᠢ ᠰᠢᠠ ᠶᠤᠸᠠᠠ ᠰᠢᠶᠠᠨ ᠤ  ᠬᠢᠨ ᠲᠠᠯ᠎ᠠ ᠨᠤᠲᠤᠭ ᠤᠨ ᠰᠣᠶᠣᠯ ᠤᠨ ᠨᠠᠶᠢᠷ᠂ ᠭᠦᠢᠯᠡᠰᠦᠨ  ᠴᠡᠴᠡᠭ ᠤᠨ ᠪᠠᠶᠠᠷ ᠵᠡᠷᠭᠡ ᠠᠵᠢᠯᠯᠠᠭ᠎ᠠ ᠥᠷᠨᠢᠭᠦᠯᠬᠦ  ᠪᠠᠷ ᠳᠠᠮᠵᠢᠵᠤ᠂ ᠳᠠᠪᠬᠤᠷᠳᠠᠭᠰᠠᠨ ᠲᠤᠭ᠎ᠠ ᠪᠠᠷ ᠨᠡᠶᠢᠲᠡ 22  ᠲᠦᠮᠡᠨ ᠵᠢᠭᠤᠯᠴᠢᠨ ᠢ ᠲᠠᠲᠠᠵᠤ᠂ 1 ᠳ᠋ᠦᠩᠰᠢᠭᠤᠷ 2000 ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ  ᠣᠯᠣᠭᠰᠠᠨ ᠪᠠᠶᠢᠨ᠎ᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号