ᠡᠨᠡ ᠨᠣᠮᠧᠷ ᠢ ᠴᠡᠭᠡᠵᠢᠯᠡᠵᠦ ᠠᠪᠤᠭᠠᠷᠠᠢ᠂ ᠵᠠᠩᠭᠢᠯᠠᠭ᠎ᠠ ᠶᠢᠨ ᠦᠶ᠎ᠡ ᠳᠤ ᠠᠮᠢ ᠶᠢ ᠴᠢᠨᠢ ᠠᠪᠤᠷᠠᠨ᠎ᠠ ᠰᠢᠦ︕
ᠨᠡᠶᠢᠲᠡᠯᠡᠭᠰᠡᠨ ᠴᠠᠭ᠄
2023/12/1
      ︽ᠳᠤᠮᠳᠠᠳᠤ ᠤᠯᠤᠰ ᠤᠨ ᠴᠠᠭᠳᠠᠭᠠᠨ ᠤ ᠲᠠᠯ᠎ᠠ ᠶᠢᠨ ᠬᠢᠨ︾ ᠣᠶᠢᠷ᠎ᠠ ᠳᠤ ᠰᠠᠨᠠᠭᠤᠯᠤᠮᠵᠢ ᠨᠡᠶᠢᠲᠡᠯᠡᠵᠦ᠄  ᠳᠠᠮᠵᠢᠭᠤᠯᠤᠨ ᠪᠣᠷᠣᠯᠠᠭᠤᠯᠭ᠎ᠠ ᠶᠢᠨ ᠡᠭᠦᠷ ᠲᠤ ᠤᠨᠠᠬᠤ᠂ ᠬᠡᠷ ᠲᠤ ᠴᠢᠨᠢ ᠬᠤᠯᠠᠭᠠᠶᠢᠴᠢ ᠤᠷᠤᠵᠤ ᠬᠤᠯᠠᠭᠠᠢ ᠬᠢᠬᠦ  ᠲᠤᠨᠤᠵᠦ ᠳᠡᠭᠡᠷᠡᠮᠳᠡᠬᠦ ᠪᠠᠶᠢᠳᠠᠯ ᠳᠤ ᠲᠤᠯᠭᠠᠷᠠᠬᠤ ᠪᠠ ᠳᠦᠯᠡᠶ ᠶᠠᠪᠠ ᠬᠥᠮᠦᠨ ᠴᠠᠭᠳᠠᠭ᠎ᠠ ᠳᠤ ᠮᠡᠳᠡᠭᠦᠯᠬᠦ ᠪᠠᠷ  ᠤᠲᠠᠰᠤ ᠠᠪᠬᠤ ᠳᠤ ᠳᠥᠭᠦᠮ ᠦᠭᠡᠢ ᠪᠠᠶᠢᠳᠠᠯ ᠳᠤ ᠲᠤᠯᠠᠭᠠᠷᠠᠬᠤ ᠳᠤ ᠬᠦᠷᠪᠡᠯ᠂ ᠤᠴᠠᠷᠠᠵᠤ ᠪᠠᠶᠢᠭ᠎ᠠ ᠬᠠᠯᠳᠠᠯᠭ᠎ᠠ᠂  ᠴᠠᠭᠳᠠᠭᠠᠨ ᠤ ᠲᠠᠯ᠎ᠠ ᠶᠢᠨ ᠬᠢᠨ  ᠤ  ᠤᠲᠠᠰᠤ ᠶᠢ  ᠲᠣᠰᠬᠤ ᠳᠤ ᠲᠥᠬᠦᠮ ᠡᠰᠡᠬᠦ ᠶᠢᠨ ᠲᠤᠬᠠᠢ ᠤᠬᠤᠷ ᠠᠪᠰᠠᠷᠬᠠᠨ   ᠮᠡᠳᠡᠭᠡ  ᠶᠠᠪᠤᠭᠤᠯᠵᠤ  ᠪᠤᠯᠤᠨ᠎ᠠ᠂  ᠳᠠᠷᠠᠭ᠎ᠠ ᠨᠢ  12110 ᠳᠤ  ᠳᠠᠷᠤᠶ ᠲᠦᠷᠭᠡᠨ ᠣᠬᠤᠷ ᠮᠡᠳᠡᠭᠡ  ᠶᠠᠪᠤᠭᠤᠯᠵᠤ ᠲᠦᠭᠰᠢᠭᠦᠷᠢ  ᠮᠡᠳᠡᠭᠦᠯᠪᠠᠯ᠂  ᠴᠠᠭᠳᠠᠭᠠᠨ ᠤ  ᠲᠠᠯ᠎ᠠ ᠶᠢᠨ ᠬᠢᠨ  ᠪᠠᠷᠢᠨ  ᠲᠤᠤᠷ᠎ᠠ  ᠨᠢ ᠲᠦᠭᠰᠢᠭᠦᠷᠢ   ᠶᠢᠨ ᠠᠰᠠᠭᠤᠳᠠᠯ ᠢ ᠰᠢᠢᠳᠪᠦᠷᠢᠯᠡᠵᠦ᠂ ᠴᠢᠮᠠᠶᠢ ᠠᠶᠤᠯ ᠠᠴᠠ ᠠᠪᠤᠷᠠᠵᠤ ᠭᠠᠷᠭᠠᠨ᠎ᠠ ᠭᠡᠵᠡᠶ᠃                   ᠠᠶᠤᠯ ᠲᠤᠯᠭᠠᠷᠠᠬᠰᠠᠨ ᠦᠶ᠎ᠡ ᠳᠤ᠂ ᠴᠠᠭᠳᠠᠭ᠎ᠠ ᠳᠤ ᠮᠡᠳᠡᠭᠦᠯᠬᠦ ᠤᠲᠠᠰᠤ 110 ᠶᠢ ᠤᠳᠠᠰᠤᠳᠠᠭᠠᠷᠠᠢ᠃                     ᠣᠬᠤᠷ ᠮᠡᠳᠡᠭᠡ ᠪᠠᠷ ᠮᠡᠳᠡᠭᠦᠯᠬᠦ ᠨᠤᠮᠧᠷ᠄ 12110᠃                    12110 ᠨᠢ ᠶᠠᠭᠤ ᠪᠤᠢ︖                   12110 ᠭᠡᠳᠡᠭ ᠳᠤᠮᠳᠠᠳᠤ ᠤᠯᠤᠰ ᠤᠨ ᠳᠣᠲᠣᠭᠠᠳᠤ ᠶᠢ  ᠬᠠᠮᠠᠭᠠᠯᠠᠬᠤ  ᠪᠠᠶᠢᠭᠤᠯᠭ᠎ᠠ  ᠳᠤ   ᠵᠣᠷᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠬᠤᠷ ᠮᠡᠳᠡᠭᠡ ᠪᠠᠷ ᠲᠦᠭᠰᠢᠭᠦᠷᠢ ᠮᠡᠳᠡᠭᠦᠯᠬᠦ  ᠨᠢᠭᠡᠳᠦᠯᠲᠡᠶ  ᠨᠣᠮᠧᠷ  ᠪᠤᠯ  ᠣᠬᠤᠷ ᠮᠡᠳᠡᠭᠡ ᠪᠠᠷ ᠲᠦᠭᠰᠢᠭᠦᠷᠢ ᠮᠡᠳᠡᠭᠦᠯᠬᠦ ᠨᠢᠭᠡᠨ ᠬᠡᠯᠪᠡᠷᠢ ᠮᠥᠨ᠂ ᠡᠨᠡ ᠨᠢ   110  ᠤᠲᠠᠰᠤ ᠪᠠᠷ ᠲᠦᠭᠰᠢᠭᠦᠷᠢ ᠮᠡᠳᠡᠭᠦᠯᠬᠦ ᠶᠢᠨ ᠨᠥᠬᠦᠪᠥᠷᠢ ᠪᠣᠯᠤᠭᠰᠠᠨ ᠤ ᠬᠤᠪᠢ ᠳᠤ᠂ ᠨᠢᠭᠡ  ᠵᠦᠢᠯ ᠤᠨ   ᠲᠤᠰᠠᠯᠠᠬᠤ  ᠴᠢᠨᠠᠷᠲᠠᠶ᠂ ᠲᠦᠭᠰᠢᠭᠦᠷᠢ  ᠮᠡᠳᠡᠭᠦᠯᠵᠦ  ᠲᠤᠰᠠᠯᠠᠮᠵᠢ ᠭᠤᠶᠤᠴᠢᠯᠠᠬᠤ ᠪᠠᠴᠢᠮ ᠪᠤᠰᠤ ᠠᠷᠭ᠎ᠠ ᠮᠠᠶ᠋ᠢᠭ  ᠪᠤᠯᠤᠨ᠎ᠠ᠃ ᠳᠣᠲᠣᠭᠠᠳᠤ ᠶᠢ ᠬᠠᠮᠠᠭᠠᠯᠠᠬᠤ ᠶᠠᠮᠤᠨ 2012 ᠣᠨ ᠠᠴᠠ  ᠪᠥᠬᠦ ᠤᠯᠤᠰ ᠲᠤ 12110 ᠣᠬᠤᠷ  ᠮᠡᠳᠡᠭᠡ ᠪᠠᠷ ᠲᠦᠭᠰᠢᠭᠦᠷᠢ ᠮᠡᠳᠡᠭᠦᠯᠬᠦ ᠦᠢᠯᠡᠴᠢᠯᠡᠭᠡ ᠶᠢ ᠨᠡᠶᠢᠳᠡᠮ ᠥᠷᠨᠢᠭᠦᠯᠵᠠᠢ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号