ᠴᠢᠩᠬᠤᠸᠠ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠴᠢᠩ ᠬᠤᠸᠠ ᠴᠠᠩ ᠭᠧᠩ ᠡᠮᠨᠡᠯᠭᠡ ᠶᠢᠨ | ᠬᠤᠷᠢᠶᠠᠨ ᠤ ᠠᠷᠠᠰᠤᠨ ᠤ ᠰᠠᠯᠠᠭᠠᠨ ᠤ ᠳᠡᠳ᠋ ᠡᠷᠬᠢᠯᠡᠭᠴᠢ ᠡᠮᠴᠢ ᠳ᠋ᠤᠸᠠᠨ ᠰᠢᠶᠤᠤ ᠬᠠᠨ᠄ ᠰᠢᠨ᠎ᠡ | ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠰᠠᠨ ᠤ ᠳᠠᠷᠠᠭ᠎ᠠ ᠦᠰᠦ ᠤᠨᠠᠬᠤ ᠦᠵᠡᠭᠳᠡᠯ ᠨᠡᠯᠢᠶᠡᠳ | ᠲᠦᠭᠡᠮᠡᠯ ᠢᠯᠡᠷᠡᠵᠦ ᠪᠠᠶᠢᠨ᠎ᠠ᠃ ᠨᠢᠭᠡ ᠳᠤ᠂ ᠸᠢᠷᠦ᠋ᠰ ᠨᠢ ᠦᠰᠦᠨ ᠤ ᠤᠭᠤᠲᠠ ᠶᠢᠨ ᠣᠷᠴᠢᠨ ᠤ | ᠦᠷᠪᠢᠰᠦᠯ ᠤᠨ ᠤᠷᠪᠠᠯ ᠢ ᠡᠭᠦᠰᠭᠡᠵᠦ᠂ ᠥᠨᠳᠥᠷ ᠬᠠᠯᠠᠭᠤᠷᠠᠯ ᠢ ᠡᠭᠦᠰᠭᠡᠵᠦ ᠮᠡᠳᠡᠨ᠎ᠡ᠃ ᠬᠤᠶᠠᠷ ᠲᠤ᠂ ᠰᠢᠨ᠎ᠡ | ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠰᠠᠨ ᠤ ᠳᠠᠷᠠᠭ᠎ᠠ ᠪᠠᠰᠠ ᠰᠠᠨᠠᠭ᠎ᠠ ᠵᠣᠪᠠᠭ᠋ᠤ᠂ ᠰᠠᠶᠢᠨ ᠠᠮᠠᠷᠠᠵᠤ | ᠴᠢᠳᠠᠬᠤ ᠥᠬᠡᠶ ᠵᠡᠷᠭᠡ ᠪᠠᠶᠢᠳᠠᠯ ᠭᠠᠷᠴᠤ ᠮᠡᠳᠡᠨ᠎ᠡ᠂ ᠡᠲᠡᠭᠡᠷ ᠰᠢᠯᠲᠠᠭᠠᠨ ᠠᠴᠠ ᠪᠣᠯᠵᠣ ᠵᠤᠬᠰᠤᠩᠭᠢᠷᠠᠬᠤ | ᠮᠠᠶ᠋ᠢᠭ ᠤᠨ ᠦᠰᠦ ᠤᠨᠠᠬᠤ ᠪᠠᠶᠢᠳᠠᠯ ᠭᠠᠷᠳᠠᠭ ᠬᠡᠵᠡᠢ᠃ | ᠠᠰᠠᠭᠤᠯᠲᠠ᠄ ᠦᠰᠦ ᠤᠨᠠᠬᠤ ᠨᠢ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠰᠠᠨ ᠠᠴᠠ | ᠪᠤᠯᠤᠬᠰᠠᠨ ᠠᠷᠬᠠᠭ ᠬᠡᠮ ᠮᠥᠨ ᠦᠦ︖ | ᠳ᠋ᠤᠸᠠᠨ ᠰᠢᠶᠤᠤ ᠬᠠᠨ᠄ ᠠᠷᠬᠠᠭ ᠭᠡᠮ ᠭᠡᠳᠡᠭ ᠤᠨ ᠣᠯᠠᠩᠬᠢ ᠨᠢ ᠴᠥᠮ ᠦᠰᠦ ᠤᠨᠠᠬᠤ ᠨᠢ | ᠦᠷᠭᠦᠯᠵᠢᠯᠡᠵᠦ᠂ ᠰᠥᠷᠴᠦ ᠪᠣᠯᠤᠰᠢ ᠦᠭᠡᠢ ᠪᠤᠯᠤᠭᠠᠳ ᠰᠠᠶ᠋ᠢ ᠠᠷᠬᠠᠭ ᠭᠡᠮ ᠲᠤᠬᠳᠠᠬᠤ ᠶᠢ ᠭᠡᠯᠡᠨ᠎ᠡ᠃ ᠵᠢᠱᠢᠶᠡᠯᠡᠪᠡᠯ | ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠰᠠᠨ ᠤ ᠳᠠᠷᠠᠭ᠎ᠠ ᠶᠠᠮᠠᠷ ᠨᠢᠭᠡᠨ ᠡᠪᠡᠳᠴᠢᠨ ᠤ ᠢᠯᠡᠷᠡᠯ ᠭᠠᠷᠪᠠᠯ | ᠦᠷᠪᠢᠰᠦᠯ ᠨᠢ ᠠᠷᠢᠯᠤᠭᠰᠠᠨ ᠤ ᠲᠠᠷᠠᠭ᠎ᠠ ᠬᠠᠷᠠᠭᠠᠯᠵᠠᠭᠰᠠᠨ ᠡᠮᠴᠢᠯᠡᠭᠡᠨ ᠤ ᠡᠪᠡᠳᠴᠢᠨ ᠤ ᠢᠯᠡᠷᠡᠯ ᠨᠢ ᠳᠠᠷᠤᠶ | ᠠᠷᠢᠯᠳᠠᠭ ᠪᠠᠶᠢᠨ᠎ᠠ᠂ ᠣᠳᠣᠬᠠᠨ ᠳᠤ ᠠᠵᠢᠭᠯᠠᠬᠰᠠᠨ ᠢᠶᠠᠷ᠂ ᠰᠢᠨ᠎ᠡ ᠲᠢᠲᠢᠮᠯᠢᠭ ᠸᠢᠷᠦ᠋ᠰ ᠨᠢ ᠥᠨᠢᠳᠡ ᠶᠢᠨ | ᠴᠢᠨᠠᠷᠲᠠᠶ ᠦᠰᠦ ᠤᠨᠠᠬᠤ ᠪᠠᠶᠢᠳᠠᠯ ᠢ ᠪᠣᠶ ᠪᠣᠯᠭᠠᠬᠤ ᠴᠢᠳᠠᠬᠤ ᠥᠬᠡᠶ᠂ ᠦᠭᠡᠷ᠎ᠡ ᠪᠠᠷ ᠬᠡᠯᠡᠪᠡᠯ ᠠᠷᠬᠠᠭ ᠬᠡᠮ | ᠲᠤᠬᠳᠠᠨ᠎ᠠ ᠭᠡᠵᠦ ᠬᠡᠯᠡᠵᠦ ᠪᠣᠯᠬᠤ ᠥᠬᠡᠶ ᠭᠡᠪᠡ᠃ | |