ᠬᠤᠪᠢᠰᠬᠠᠯᠳᠦ ᠮᠤᠩᠭᠤᠯ ᠭᠡᠷ ᠠᠴᠠ ᠦᠨᠳᠦᠰᠦᠨ ᠱᠠᠳᠤᠨ ᠤ ᠡᠮᠡᠭᠳᠡᠶᠢᠴᠤᠳ ᠤᠨ ᠤᠷᠮ᠎ᠠ ᠵᠤᠷᠢᠭ ᠬᠦᠪᠴᠢᠯᠡᠭᠳᠡᠨ᠎ᠡ
ᠨᠡᠶᠢᠲᠡᠯᠡᠭᠰᠡᠨ ᠴᠠᠭ᠄
2023/12/2
      12 ᠰᠠᠷ᠎ᠠ ᠶᠢᠨ1 ᠤ ᠦᠳᠡ ᠶᠢᠨ ᠡᠮᠦᠨ᠎ᠡ᠂ ᠨᠢᠭᠡᠳᠦᠭᠡᠷ ᠬᠡᠥᠬᠡᠳ ᠤᠨ ᠴᠡᠴᠡᠷᠯᠢᠭ ᠤᠨ ᠬᠦᠷᠢᠶᠡᠨ ᠳᠠᠬᠢ ᠬᠤᠪᠢᠰᠬᠠᠯᠳᠦ ᠮᠤᠩᠭᠤᠯ ᠭᠡᠷ ᠲᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ ᠠᠴᠠ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠢ ᠶᠢᠨ ᠫᠢᠩ ᠶᠡᠷᠦᠩᠭᠡᠢ ᠱᠦᠵᠢ ᠶᠢᠨ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ  ᠶᠢᠨ ᠰᠢᠨ᠎ᠡ ᠨᠢᠭᠡ ᠬᠤᠤᠭᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠲᠠᠢ ᠬᠢᠭᠰᠡᠨ ᠬᠠᠮᠳᠦ ᠶᠢᠨ ᠶᠡᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ᠂ ᠲᠤᠮᠳᠠᠳᠦ ᠤᠯᠤᠰ ᠤᠨ ᠡᠮᠡᠭᠳᠡᠶᠢᠴᠤᠳ ᠤᠨ ᠠᠷᠪᠠᠨ ᠭᠤᠷᠪᠠᠳᠤᠭᠠᠷ ᠶᠡᠭᠡ ᠬᠤᠷᠠᠯ᠂ ᠪᠤᠭᠤᠳᠦ ᠬᠤᠳᠠ ᠶᠢᠨ ᠡᠮᠡᠭᠳᠡᠶᠢᠴᠤᠳ ᠤᠨ ᠠᠷᠪᠠᠨ ᠲᠠᠪᠤᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃
微信图片_20231204111349.jpg
      ᠲᠤᠰ ᠣᠳᠠᠭᠠᠨ ᠤ ᠰᠤᠷᠤᠯᠴᠠᠯᠭ᠎ᠠ ᠳᠤ ᠦᠪᠦᠷ ᠮᠤᠩᠭᠤᠯ ᠤᠨ ᠤᠮᠠᠷᠠᠳᠦ ᠶᠢᠨ ᠬᠦᠨᠳᠦ ᠠᠵᠦ ᠦᠢᠯᠡᠳᠪᠦᠷᠢ  ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ ᠪᠠᠳᠤᠯᠠᠨ ᠬᠠᠮᠠᠭᠠᠯᠠᠯᠳᠠ ᠶᠢᠨ ᠠᠵᠢᠯ ᠦᠢᠯᠡᠰ ᠤᠨ ᠬᠡᠯᠳᠡᠰ ᠤᠨ ᠰᠡᠯᠪᠢᠨ ᠵᠠᠰᠠᠬᠤ ᠴᠠᠬᠢᠯᠭᠠᠨ ᠤ ᠠᠵᠢᠯᠴᠢᠨ᠂ ᠲᠡᠭᠡᠳᠦ ᠵᠡᠷᠭᠡ ᠶᠢᠨ ᠮᠠᠰᠲ᠋ᠧᠷ᠂ ᠲᠤᠮᠳᠠᠳᠦ ᠤᠯᠤᠰ ᠤᠨ ᠴᠡᠷᠢᠭ ᠤᠨ ᠵᠡᠪᠰᠡᠭ ᠤᠨ ᠵᠠᠩᠭᠢᠯᠠᠭ᠎ᠠ ᠶᠢᠨ ᠤᠷ᠎ᠠ ᠮᠡᠷᠭᠡᠵᠢᠯ ᠤᠨ ᠲᠠᠭᠠᠭᠤᠯᠤᠭᠴᠢ᠂ ᠪᠤᠭᠤᠳᠦ ᠬᠤᠳᠠ ᠶᠢᠨ ᠠᠵᠢᠯᠳᠠᠨ ᠠᠵᠢᠯᠴᠢᠨ ᠤ ᠰᠢᠨ᠎ᠡ ᠶᠢ ᠡᠭᠦᠳᠬᠦ ᠠᠵᠢᠯ ᠤᠨ ᠲᠠᠰᠤᠭ ᠤᠨ ᠬᠠᠷᠢᠭᠤᠴᠠᠯᠭᠠᠳᠠᠨ᠂ ᠲᠤᠮᠳᠠᠳᠦ ᠤᠯᠤᠰ ᠤᠨ ᠡᠮᠡᠭᠳᠡᠶᠢᠴᠣᠳ ᠤᠨ ᠠᠷᠪᠠᠨ ᠭᠤᠷᠪᠠᠳᠤᠭᠠᠷ ᠶᠡᠭᠡ ᠬᠤᠷᠠᠯ ᠤᠨ ᠲᠦᠯᠦᠭᠡᠯᠡᠭᠴᠢ ᠯᠢᠶᠤᠤ ᠯᠢ ᠵᠢᠦᠸᠠᠨ ᠪᠠᠭᠰᠢ ᠶᠢ ᠤᠷᠤᠯᠴᠠᠭᠤᠯᠵᠦ᠂ ᠦᠨᠳᠦᠰᠦᠨ ᠱᠠᠳᠤᠨ ᠤ ᠡᠮᠡᠭᠳᠡᠶᠢᠴᠣᠳ ᠤᠨ ᠬᠤᠯᠪᠤᠭᠠᠳᠦ ᠬᠤᠷᠠᠯ ᠤᠨ ᠲᠡᠷᠢᠭᠦᠯᠡᠭᠴᠢ᠂ ᠡᠮᠡᠭᠳᠡᠢ ᠺᠠᠳ᠋ᠷ ᠂ ᠡᠮᠡᠭᠳᠡᠶᠢᠴᠤᠳ ᠤᠨ ᠲᠦᠯᠦᠭᠡᠯᠡᠭᠴᠢ ᠨᠠᠷ ᠲᠤ ᠬᠤᠷᠠᠯ ᠤᠨ ᠵᠤᠷᠢᠭ ᠰᠠᠨᠠᠭ᠎ᠠ ᠶᠢ ᠤᠯᠠᠨᠵᠢᠯᠠᠨ ᠲᠠᠶᠢᠯᠪᠤᠷᠢᠯᠠᠪᠠ᠃ ᠯᠢᠶᠤᠤ ᠯᠢ ᠵᠢᠦᠸᠠᠨ ᠪᠠᠭᠰᠢ ᠠᠴᠠ ᠬᠤᠷᠠᠯ ᠳᠤ ᠤᠷᠤᠯᠴᠠᠭᠰᠠᠨ ᠰᠡᠳᠭᠢᠭᠳᠡᠯ᠂ ᠲᠦᠯᠦᠭᠡᠯᠡᠭᠴᠢ ᠶᠠᠪᠤᠭᠰᠠᠨ ᠶᠠᠪᠤᠴᠠ ᠵᠡᠷᠭᠡ ᠪᠠᠨ ᠬᠤᠪᠢᠶᠠᠯᠴᠠᠵᠦ᠂ ᠬᠤᠪᠢᠰᠬᠠᠯᠳᠦ ᠮᠤᠩᠭᠤᠯ ᠭᠡᠷ ᠲᠤ ᠬᠠᠯᠠᠭᠤᠨ ᠲᠤᠯᠠᠭᠠᠨ ᠶᠠᠷᠢᠯᠴᠠᠯᠭ᠎ᠠ ᠦᠷᠨᠢᠭᠦᠯᠦᠭᠰᠡᠨ ᠪᠠᠶᠢᠨ᠎ᠠ᠃      ᠡᠨᠡᠬᠦ ᠰᠤᠷᠤᠯᠴᠠᠯᠭ᠎ᠠ ᠲᠠᠶᠢᠯᠤᠮᠵᠢ ᠨᠢ ᠦᠨᠳᠦᠰᠦᠨ ᠱᠠᠳᠤᠨ ᠤ ᠡᠮᠡᠭᠳᠡᠶᠢᠴᠤᠳ ᠤᠨ ᠲᠤᠬᠠᠶᠢᠯᠠᠭᠰᠠᠨ ᠠᠵᠢᠯ  ᠳᠤ ᠪᠠᠨ ᠰᠢᠮᠳᠠᠵᠦ᠂ ᠨᠡᠶᠢᠭᠡᠮ ᠨᠡᠶᠢᠳᠡ ᠳᠤ ᠬᠤᠪᠢ ᠨᠡᠮᠡᠷᠢ ᠪᠠᠨ ᠦᠵᠡᠭᠦᠯᠵᠦ᠂ ᠠᠵᠢᠯ ᠠᠮᠢᠳᠤᠷᠠᠯ ᠳᠤ ᠪᠠᠨ ᠬᠢᠯᠠᠷᠠᠭᠤᠯᠵᠦ ᠶᠠᠪᠤᠬᠤ ᠳᠤ ᠨᠢ ᠤᠷᠮ᠎ᠠ ᠵᠤᠷᠢᠭ ᠤᠯᠭᠤᠭᠰᠠᠨ ᠪᠦᠭᠡᠳ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ ᠰᠢᠨ᠎ᠡ ᠴᠠᠭ ᠦᠶ᠎ᠡ ᠶᠢᠨ ᠡᠮᠡᠭᠳᠡᠶᠢᠴᠣᠳ ᠤᠨ ᠠᠵᠢᠯ ᠢ ᠰᠠᠶᠢᠳᠤᠷ ᠬᠢᠬᠦ ᠳᠤ ᠨᠡᠩ ᠰᠠᠶᠢᠨ ᠰᠠᠭᠤᠷᠢ ᠶᠢ ᠲᠠᠯᠪᠢᠵᠦ ᠦᠭᠭᠦᠭᠰᠡᠨ ᠪᠠᠶᠢᠨ᠎ᠠ᠃    
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号