ᠵᠣᠴᠢᠨ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤᠨ ᠤ ᠶᠠᠪᠤᠳᠠᠯ ᠤᠨ ᠲᠤᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | | | ᠯᠢᠦ ᠸᠧᠨ ᠵᠢᠶᠦ᠋ᠨ | ᠰᠤᠷᠪᠤᠯᠵᠢᠯᠠᠭᠰᠠᠨ ᠴᠠᠭ᠄ 2023 ᠣᠨ ᠤ 11 ᠰᠠᠷ᠎ᠠ ᠶᠢᠨ 30 ᠤ ᠡᠳᠦᠷ | ᠬᠥᠲᠥᠯᠥᠭᠴᠢ᠄ ᠲᠠ ᠮᠠᠨ ᠤ ᠬᠤᠰᠢᠭᠤᠨ ᠤ ᠤᠰᠤᠨ ᠤ ᠶᠠᠪᠤᠳᠠᠯ ᠤᠨ ᠲᠤᠪᠴᠢᠶᠠᠨ ᠤ 2023 ᠣᠨ ᠤ | ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠤᠨ᠎ᠠ ᠤᠤ︖ | ᠵᠣᠴᠢᠨ᠄ 2023 ᠣᠨ ᠳᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ | ᠤᠨᠤᠪᠴᠢᠳᠠᠢ ᠤᠳᠤᠷᠢᠳᠤᠯᠭ᠎ᠠ ᠪᠣᠯᠣᠨ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ | ᠳᠡᠮᠵᠢᠯᠭᠡ ᠪᠠᠷ ᠮᠠᠨ ᠤ ᠲᠣᠪᠴᠢᠶ᠎ᠠ ᠤᠰᠤᠨ ᠠᠰᠢᠭᠯᠠᠯᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ︽ᠠᠷᠪᠠᠨ ᠵᠢᠷᠭᠤᠭᠠᠨ ᠦᠰᠦᠭ︾ ᠤᠨ ᠤᠰᠤ ᠵᠠᠰᠠᠬᠤ ᠰᠡᠳᠬᠢᠴᠡ ᠪᠣᠯᠣᠨ ᠤᠰᠤ ᠵᠠᠰᠠᠬᠤ ᠴᠢᠬᠤᠯᠠ | ᠶᠠᠷᠢᠶᠠᠨ ᠤ ᠲᠤᠬᠠᠢ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ | ︽ᠰᠢᠨᠵᠢᠯᠡᠬᠦ ᠤᠬᠠᠭᠠᠨᠴᠢ᠂ ᠦᠨᠡᠨ ᠢ ᠪᠠᠷᠢᠮᠲᠠᠯᠠᠬᠤ᠂ ᠰᠢᠨ᠎ᠡ ᠶᠢ ᠡᠭᠦᠳᠬᠦ︾ ᠤᠰᠤᠨ ᠠᠰᠢᠭᠯᠠᠯᠲᠠ ᠶᠢᠨ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ | ᠬᠥᠭ ᠠᠶᠠᠰ ᠢ ᠪᠠᠷᠢᠮᠲᠠᠯᠠᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠦᠨᠳᠦᠷᠴᠠ ᠠᠴᠠ ᠬᠥᠭᠵᠢᠯᠲᠡ ᠶᠢ ᠰᠦᠪᠡᠭᠴᠢᠯᠡᠵᠦ᠂ ᠵᠣᠯ ᠵᠢᠷᠭᠠᠯᠲᠤ | ᠰᠠᠶᠢᠨ ᠰᠠᠶᠢᠬᠠᠨ ᠰᠢᠨ᠎ᠡ ᠳᠠᠷᠬᠠᠨ ᠮᠤᠤᠮᠢᠩᠭᠠᠨ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠤᠰᠤᠨ | ᠠᠰᠢᠭᠯᠠᠯᠲᠠ ᠶᠢᠨ ᠲᠤᠯᠭᠠᠭᠤᠷᠢᠯᠠᠯ ᠪᠠ ᠪᠠᠲᠤᠯᠠᠭ᠎ᠠ ᠶᠢ ᠬᠠᠩᠭᠠᠪᠠ᠃ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ | ᠲᠦᠷᠦᠯ ᠵᠦᠢᠯ ᠳᠣᠣᠷᠠᠬᠢ ᠮᠡᠳᠤ᠄ | ᠮᠢᠩᠭᠠᠨ ᠪᠠᠯᠭᠠᠰᠤ ᠶᠢᠨ ᠠᠮᠢ ᠠᠬᠤᠢ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠬᠥᠷᠥᠰᠥ | ᠰᠢᠷᠣᠢ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠪᠡ᠃ ᠶᠡᠷᠦᠩᠬᠡᠢ ᠪᠡᠯᠡ ᠣᠷᠣᠭᠤᠯᠤᠯᠲᠠ | ᠨᠢ 1000 ᠲᠦᠮᠡᠨ ᠲᠥᠭᠦᠷᠢᠭ ᠪᠠᠶᠢᠵᠤ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠶᠡᠷᠦᠩᠬᠡᠢ ᠲᠠᠯᠠᠪᠠᠶ ᠨᠢ | 20 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ | ᠠᠶᠢᠪᠠᠭ᠎ᠠ ᠭᠤᠣᠯ ᠤᠨ ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠢ ᠳᠠᠭᠤᠰᠬᠠᠪᠡ᠃ ᠶᠡᠷᠦᠩᠬᠡᠢ ᠪᠡᠯᠡ | ᠣᠷᠣᠭᠤᠯᠤᠯᠲᠠ ᠨᠢ 1.06 ᠳ᠋ᠦᠩᠰᠢᠭᠤᠷ ᠲᠥᠭᠦᠷᠢᠭ ᠪᠠᠶᠢᠵᠤ᠂ ᠵᠠᠰᠠᠭᠰᠠᠨ ᠬᠡᠰᠡᠭ ᠤᠨ ᠪᠥᠬᠦ ᠣᠷᠳᠣ ᠨᠢ 55. | 85 ᠺᠢᠯᠣᠮᠧᠲᠷ ᠪᠠᠶᠢᠵᠤ᠂ ᠪᠠᠷᠢᠯᠭ᠎ᠠ ᠶᠢᠨ ᠵᠠᠰᠠᠯᠲᠠ ᠶᠢᠨ ᠬᠡᠪᠴᠢᠶᠡᠨ ᠳᠤ ᠪᠠᠲᠤᠬᠠᠭᠠᠯᠭ᠎ᠠ ᠪᠠᠯᠭᠠᠰᠤ᠂ ᠰᠢ ᠾᠧ | ᠰᠢᠶᠠᠩ᠂ ᠪᠠᠶ᠋ᠬᠠᠤᠪᠤᠭ᠎ᠠ ᠰᠤᠮᠤ ᠶᠢᠨ ᠲᠠᠯ᠎ᠠ ᠶᠢᠨ ᠬᠦᠨ ᠲᠣᠰᠬᠤᠨ ᠤ 4541 ᠬᠥᠮᠥᠨ ᠪᠠ 3.25 ᠲᠦᠮᠡᠨ ᠮᠦ | ᠲᠠᠷᠢᠶᠠᠨ ᠭᠠᠵᠠᠷ ᠵᠢᠴᠢ ᠰᠠᠭᠤᠷᠢ ᠳᠦᠬᠦᠬᠡᠷᠦᠮᠵᠢ ᠶᠢ ᠬᠠᠮᠠᠭᠠᠯᠠᠪᠡ᠃ | ᠲᠠᠢ ᠾᠧ ᠴᠧᠩ ᠤᠨ ᠳᠤᠮᠳᠠ ᠵᠢᠵᠢᠭ ᠤᠷᠤᠰᠬᠠᠯ ᠢ ᠵᠠᠰᠠᠬᠤ ᠢᠨᠵᠧᠨᠧᠷᠢᠩ ᠢ ᠪᠡᠶᠡᠯᠡᠭᠦᠯᠪᠡ᠃ ᠨᠡᠶᠢᠲᠡ | 1664 ᠲᠦᠮᠡᠨ ᠲᠥᠭᠦᠷᠢᠭ ᠤᠨ ᠪᠡᠯᠡ ᠣᠷᠣᠭᠤᠯᠵᠤ᠂ 9.1 ᠺᠢᠯᠣᠮᠧᠲᠷ ᠭᠤᠣᠯ ᠤᠨ ᠵᠠᠮ ᠢ ᠵᠠᠰᠠᠪᠠ᠃ | ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ 7 ᠶᠢ ᠪᠡᠶᠡᠯᠡᠭᠦᠯᠪᠡ᠃ ᠪᠠᠭ᠎ᠠ ᠤᠩᠭᠤᠨ ᠰᠢᠶᠠᠩ᠂ | ᠮᠢᠩᠭᠠᠨ ᠪᠠᠯᠭᠠᠰᠤ᠂ ᠰᠢ ᠾᠧ ᠰᠢᠶᠠᠩ᠂ ᠰᠢᠷᠠᠮᠦ᠋ᠷᠡᠨ ᠪᠠᠯᠭᠠᠰᠤ᠂ ᠳᠠᠷᠬᠠᠨ ᠰᠤᠮᠤ᠂ ᠴᠠᠭᠠᠨᠬᠠᠳᠠ ᠰᠤᠮᠤ ᠵᠡᠷᠭᠡ 6 | ᠰᠢᠶᠠᠩ ︵ᠪᠠᠯᠭᠠᠰᠤ᠂ ᠰᠤᠮᠤ︶ ᠤᠨ 7 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠵᠤ᠂ 517 ᠬᠥᠮᠥᠨ | ᠠᠰᠢᠭ ᠬᠦᠷᠲᠡᠵᠡᠢ᠃ | ᠬᠢᠯᠢ ᠬᠢᠵᠠᠭᠠᠷ ᠤᠨ ᠮᠠᠯᠵᠢᠬᠤ ᠣᠷᠣᠨ ᠤ ᠲᠠᠷᠠᠬᠠᠢ ᠪᠤᠲᠠᠷᠬᠠᠢ ᠤᠰᠤᠨ ᠰᠤᠷᠪᠤᠯᠵᠢ ᠶᠢᠨ ᠴᠡᠭ ᠤᠨ | ᠪᠠᠷᠢᠯᠭ᠎ᠠ ᠶᠢ ᠪᠡᠶᠡᠯᠡᠭᠦᠯᠪᠡ᠃ ᠶᠡᠷᠦᠩᠬᠡᠢ ᠪᠡᠯᠡ ᠣᠷᠣᠭᠤᠯᠤᠯᠲᠠ ᠨᠢ 890 ᠲᠦᠮᠡᠨ ᠲᠥᠭᠦᠷᠢᠭ ᠪᠠᠶᠢᠵᠤ᠂ 3 | ᠰᠤᠮᠤ ︵ᠪᠠᠯᠭᠠᠰᠤ︶ ᠶᠢᠨ 5 ᠭᠠᠴᠠᠭ᠎ᠠ ᠳᠤ ᠬᠤᠯᠪᠣᠭᠳᠠᠵᠤ᠂ ᠨᠡᠶᠢᠲᠡ 361 ᠡᠷᠦᠬᠡ ᠶᠢᠨ 1005 ᠬᠥᠮᠥᠨ ᠤ | ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠵᠦ᠂ ᠣᠲᠣ ᠨᠢᠭᠡᠨᠲᠡ 240 ᠡᠷᠦᠬᠡ ᠶᠢ ᠪᠡᠶᠡᠯᠡᠭᠦᠯᠪᠡ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠬᠢᠵᠠᠭᠠᠷ ᠤᠨ ᠮᠠᠯᠵᠢᠬᠤ ᠣᠷᠣᠨ ᠤ ᠬᠤᠯᠠ | ᠠᠴᠠ ᠤᠰᠤ ᠳᠠᠳᠠᠬᠤ ᠳᠤ ᠳᠦᠭᠦᠮ ᠦᠵᠡᠭᠦᠯᠬᠦ ᠢᠨᠵᠧᠨᠧᠷᠢᠩ ᠢ ᠪᠡᠶᠡᠯᠡᠭᠦᠯᠪᠡ᠃ ᠶᠡᠷᠦᠩᠬᠡᠢ ᠪᠡᠯᠡ | ᠣᠷᠣᠭᠤᠯᠤᠯᠲᠠ ᠨᠢ 1370 ᠲᠦᠮᠡᠨ ᠲᠥᠭᠦᠷᠢᠭ ᠪᠠᠶᠢᠵᠤ᠂ 5 ᠰᠤᠮᠤ ︵ᠰᠢᠶᠠᠩ ᠪᠠᠯᠭᠠᠰᠤ︶᠂ 13 ᠭᠠᠴᠠᠭ᠎ᠠ | ᠲᠣᠰᠬᠤᠨ ᠳᠤ ᠬᠤᠯᠪᠣᠭᠳᠠᠵᠤ᠂ ᠨᠡᠶᠢᠲᠡ 137 ᠡᠷᠦᠬᠡ ᠶᠢᠨ 331 ᠬᠥᠮᠥᠨ ᠤ ᠤᠤᠭᠤᠬᠤ ᠤᠰᠤᠨ ᠤ | ᠠᠰᠠᠭᠤᠳᠠᠯ ᠢ ᠰᠢᠢᠳᠪᠦᠷᠢᠯᠡᠪᠡ᠃ | ᠬᠥᠲᠥᠯᠥᠭᠴᠢ᠄ ᠤᠰᠤᠨ ᠤ ᠶᠠᠪᠤᠳᠠᠯ ᠤᠨ ᠬᠠᠮᠢᠶ᠎ᠠ ᠪᠦᠬᠦᠢ ᠠᠵᠢᠯ ᠢ ᠤᠳᠤ ᠪᠤᠯᠳᠠᠯ᠎ᠠ ᠬᠢᠷᠢ ᠵᠡᠷᠭᠡ | ᠥᠷᠨᠢᠭᠦᠯᠵᠦ ᠪᠠᠶᠢᠬᠤ ᠪᠣᠶ︖ | ᠵᠣᠴᠢᠨ᠄ ᠨᠢᠭᠡ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠢᠯᠡᠳᠲᠡ | ᠦᠷ᠎ᠡ ᠪᠦᠲᠦᠮᠵᠢ ᠣᠯᠪᠠ᠃ ᠨᠢᠭᠡ ᠳᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ᠳᠥᠷᠪᠡᠨ | ᠤᠰᠤ ᠳᠥᠷᠪᠡ ᠶᠢ ᠲᠣᠭᠲᠠᠭᠠᠬᠤ﹀ ᠠᠵᠢᠯ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ︽ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠪᠠ ︽ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ | ᠠᠰᠢᠭᠯᠠᠬᠤ ᠶᠢ ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵ | 2023 ︱ 2025 ᠣᠨ︶︾ ᠢ ᠲᠣᠭᠲᠠᠭᠠᠪᠠ᠃ ᠬᠤᠶᠠᠷ ᠲᠤ 3.22 ︽ᠳᠡᠯᠡᠬᠡᠢ ᠶᠢᠨ ᠤᠰᠤᠨ ᠤ ᠡᠳᠦᠷ᠂ | ᠳᠤᠮᠳᠠᠳᠤ ᠤᠯᠤᠰ ᠤᠨ ᠤᠰᠤᠨ ᠤ ᠭᠠᠷᠠᠭ︾ ᠢ ᠠᠰᠢᠭᠯᠠᠨ ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ | ᠤᠰᠤ ᠠᠷᠪᠢᠯᠠᠬᠤ ᠤᠬᠠᠭᠤᠯᠭ᠎ᠠ ᠶᠢᠨ ᠠᠵᠢᠯ ᠢ ᠢᠳᠡᠪᠬᠢᠲᠡᠢ ᠥᠷᠨᠢᠭᠦᠯᠪᠡ᠃ ᠭᠤᠷᠪᠠ ᠳᠤ ᠭᠠᠴᠠᠭ᠎ᠠ ᠲᠣᠰᠬᠤᠨ ᠤ | ᠬᠥᠮᠥᠨ ᠮᠠᠯ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠳᠳᠤᠭ ᠤᠨ ᠬᠡᠮᠵᠢᠯᠲᠡ ᠶᠢᠨ ᠤᠭᠰᠠᠷᠠᠬᠤ | ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠬᠥᠮᠥᠨ ᠮᠠᠯ ᠤᠨ ᠤᠤᠭᠤᠬᠤ ᠤᠰᠤᠨ ᠤ ᠢᠨᠵᠧᠨᠧᠷᠢᠩ ᠤᠨ | ᠬᠡᠮᠵᠢᠯᠲᠡ ᠶᠢᠨ ᠳᠦᠬᠦᠭᠡᠷᠦᠮᠵᠢ 78 ᠶᠢ ᠤᠭᠰᠤᠷᠪᠠ᠃ ᠡᠭᠦᠨ ᠤ ᠬᠠᠮᠲᠤ᠂ ᠭᠤᠣᠯᠳᠠᠯᠭ᠎ᠠ ᠲᠠᠢ ᠤᠰᠤ ᠬᠡᠷᠡᠭᠯᠡᠬᠦ | ᠡᠷᠦᠬᠡ ᠶᠢᠨ ᠬᠢᠨᠠᠨ ᠬᠡᠮᠵᠢᠯᠲᠡ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠢᠯ ᠤᠨ ᠵᠥᠪᠰᠢᠶᠡᠷᠡᠯ ᠤᠨ | ᠬᠡᠮᠵᠢᠶ᠎ᠡ ᠨᠢ 5 ᠲᠦᠮᠡᠨ m³ ᠠᠴᠠ ᠳᠡᠭᠡᠭᠰᠢᠬᠢ 11 ᠠᠵᠤ ᠠᠬᠤᠶᠢᠯᠠᠯ ᠴᠥᠮ ᠰᠦᠯᠵᠢᠶᠡᠨ ᠳᠡᠭᠡᠷᠡᠬᠢ ᠬᠢᠨᠠᠨ | ᠬᠡᠮᠵᠢᠯᠲᠡ ᠶᠢ ᠪᠡᠶᠡᠯᠡᠭᠦᠯᠪᠡ᠃ ᠳᠥᠷᠪᠡ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠬᠠᠤᠯᠢ | ᠪᠤᠰᠤ ᠪᠠᠷ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠡᠰᠡᠷᠭᠦᠴᠡᠬᠦ ᠬᠠᠤᠯᠢ ᠶᠢᠨ ᠠᠵᠢᠯᠯᠠᠭ᠎ᠠ ᠥᠷᠨᠢᠭᠦᠯᠵᠦ | ᠂ ᠪᠥᠬᠦ ᠬᠤᠰᠢᠭᠤᠨ ᠤ 18 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠬᠡᠷᠡᠭᠯᠡᠬᠦ ᠤᠰᠤᠨ ᠤ ᠪᠠᠶᠢᠳᠠᠯ ᠢ | ᠣᠶᠢᠯᠠᠭᠠᠵᠤ ᠪᠠᠶᠢᠴᠠᠭᠠᠬᠤ ᠶᠢ ᠭᠤᠣᠯᠳᠠᠯᠭ᠎ᠠ ᠲᠠᠢ ᠥᠷᠨᠢᠭᠦᠯᠵᠦ᠂ ᠬᠠᠤᠯᠢ ᠪᠤᠰᠤ ᠪᠠᠷ ᠤᠰᠤ ᠲᠠᠲᠠᠬᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠬᠤᠰᠢᠭᠤᠨ ᠤ ᠬᠠᠤᠯᠢ ᠶᠣᠰᠣᠭᠠᠷ ᠤᠰᠤ ᠲᠠᠲᠠᠵᠤ ᠬᠡᠷᠡᠭᠯᠡᠬᠦ | ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠪᠡ᠃ ᠲᠠᠪᠤ ᠳ᠋ᠤ᠋ᠮᠠᠯᠵᠢᠬᠤ ᠲᠠᠷᠢᠶᠠᠯᠠᠬᠤ ᠣᠷᠣᠨ ᠤ ᠬᠥᠮᠥᠨ | ᠮᠠᠯ ᠤᠨ ᠤᠤᠭᠤᠬᠤ ᠤᠰᠤᠨ ᠳᠤ ᠤᠰᠤ ᠲᠠᠲᠠᠬᠤ ᠵᠥᠪᠰᠢᠶᠡᠷᠡᠯ ᠤᠨ ᠡᠯᠧᠺᠲᠷᠣᠨ ᠦᠨᠡᠮᠯᠡᠯ ᠢ ᠭᠦᠢᠴᠡᠳᠬᠡᠪᠡ᠃ | ᠵᠢᠷᠭᠤᠭ᠎ᠠ ᠳᠤ ᠨᠢᠭᠡᠳᠦᠭᠡᠷ ᠤᠯᠠᠷᠢᠯ᠂ ᠬᠤᠶᠠᠳᠤᠭᠠᠷ ᠤᠯᠠᠷᠢᠯ ᠤᠨ ᠠᠵᠤ ᠠᠬᠤᠶᠢᠯᠠᠯ ᠤᠨ ᠤᠰᠤ ᠲᠠᠲᠠᠬᠤ | ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠭᠤᠷᠪᠠᠳᠤᠭᠠᠷ ᠤᠯᠠᠷᠢᠯ ᠤᠨ ᠤᠰᠤ ᠲᠠᠲᠠᠵᠤ ᠬᠡᠷᠡᠭᠯᠡᠬᠦ | ᠡᠷᠦᠬᠡ ᠶᠢᠨ ᠤᠰᠤᠨ ᠤ ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠢ ᠶᠠᠭ ᠥᠷᠨᠢᠭᠦᠯᠵᠦ ᠪᠠᠶᠢᠨ᠎ᠠ᠃ | ᠬᠤᠶᠠᠷ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠢ ᠯᠠᠪᠳᠠᠭᠤᠨ ᠪᠠᠲᠤᠯᠠᠪᠠ᠃ ᠪᠥᠬᠦ | ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠶᠡᠷ ᠠᠴᠠ ᠡᠮᠦᠨ᠎ᠡ ᠤᠰᠤᠨ ᠴᠥᠭᠦᠷᠥᠮ᠂ | ᠨᠦᠯᠦᠮᠡᠯ ᠭᠠᠵᠠᠷ ᠤᠨ ᠬᠠᠰᠢᠯᠭ᠎ᠠ᠂ ᠦᠶᠡᠷ ᠢ ᠠᠮᠤᠷ ᠲᠦᠪᠰᠢᠨ ᠥᠩᠭᠡᠷᠡᠬᠡᠬᠦ ᠲᠥᠰᠥᠯ ᠢ ᠴᠠᠭ ᠲᠤᠬᠠᠢ ᠳᠤ ᠨᠢ | ᠲᠤᠭᠳᠠᠭᠠᠪᠠ᠃ ᠤᠰᠤᠨ ᠴᠥᠭᠦᠷᠥᠮ ᠤᠨ ︽ᠳᠥᠷᠪᠡᠨ ᠬᠠᠷᠢᠭᠤᠴᠠᠯᠭᠠᠲᠠᠨ︾ ︽ᠭᠤᠷᠪᠠᠨ ᠴᠢᠬᠤᠯᠠ ᠭᠤᠭᠴᠤᠭ᠎ᠠ | ︾ ᠪᠣᠯᠣᠨ ᠨᠦᠯᠦᠮᠡᠯ ᠭᠠᠵᠠᠷ ᠤᠨ ᠬᠠᠰᠢᠯᠭ᠎ᠠ᠂ ᠬᠠᠰᠢᠯᠭ᠎ᠠ ᠶᠢᠨ ︽ᠭᠤᠷᠪᠠᠨ ᠬᠠᠷᠢᠭᠤᠴᠠᠯᠭᠠᠲᠠᠨ︾ ᠤ ᠦᠶᠡᠷ ᠢ | ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠣᠯᠠᠨ ᠨᠡᠶᠢᠲᠡ ᠶᠢᠨ | ᠵᠠᠭᠤᠴᠢᠯᠠᠭᠤᠷ ᠳᠡᠭᠡᠷ᠎ᠡ ᠢᠯᠡ ᠨᠡᠶᠢᠲᠡᠯᠡᠪᠡ᠃ ᠡᠯ᠎ᠡ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ᠂ | ᠭᠤᠣᠯ ᠤᠨ ᠵᠠᠮ ᠤᠨ ᠬᠠᠰᠢᠯᠭ᠎ᠠ ᠵᠡᠷᠭᠡ ᠶᠢᠨ ᠰᠡᠷᠡᠮᠵᠢᠯᠡᠭᠦᠯᠬᠦ ᠫᠠᠶᠢᠰᠠ᠂ ᠬᠠᠷᠢᠭᠤᠴᠠᠯᠭᠠᠲᠠᠨ ᠤ ᠢᠯᠡ ᠨᠡᠶᠢᠲᠡᠯᠡᠬᠦ | ᠫᠠᠶᠢᠰᠠ ᠶᠢ ᠨᠡᠮᠡᠵᠦ ᠰᠢᠨ᠎ᠡ ᠪᠠᠷ ᠰᠤᠯᠢᠪᠠ᠃ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ ᠪᠠ | ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠮᠡᠳᠡᠭᠡᠯᠡᠬᠦ ᠠᠵᠢᠯ ᠢ | ᠢᠳᠡᠪᠬᠢᠲᠡᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠳᠠ ᠵᠠᠰᠠᠨ | ᠴᠡᠭᠴᠡᠯᠡᠯᠳᠡ ᠬᠢᠵᠤ᠂ ᠵᠢᠯ ᠤᠨ ᠳᠣᠲᠣᠷ᠎ᠠ 37 ᠭᠠᠵᠠᠷ ᠤᠨ ᠳᠠᠯᠳᠠ ᠭᠡᠮ ᠢ ᠪᠠᠶᠢᠴᠠᠭᠠᠵᠤ ᠴᠡᠭᠴᠡᠯᠡᠨ ᠵᠠᠰᠠᠵᠤ᠂ | ᠳᠠᠯᠳᠠ ᠭᠡᠮ ᠢ ᠴᠠᠭ ᠲᠤᠬᠠᠢ ᠳᠤ ᠨᠢ ᠠᠷᠢᠯᠭᠠᠪᠠ᠃ ᠤᠰᠤ ᠭᠠᠩ ᠤᠨ ᠭᠠᠮᠰᠢᠭ ᠢ ᠰᠡᠷᠭᠡᠶᠢᠯᠡᠨ ᠬᠤᠷᠢᠭᠯᠠᠬᠤ | ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠦᠶᠡᠷ ᠢ ᠰᠡᠷᠭᠡᠶᠢᠯᠡᠨ ᠠᠶᠤᠯ ᠠᠴᠠ ᠠᠪᠤᠷᠠᠬᠤ ᠲᠤᠨᠤᠭ ᠳᠦᠬᠦᠭᠡᠷᠦᠮᠵᠢ ᠳᠤ ᠣᠨ ᠤ ᠪᠠᠶᠢᠴᠠᠭᠠᠯᠲᠠ ᠪᠠ ᠰᠡᠯᠪᠢᠨ | ᠵᠠᠰᠠᠯᠲᠠ ᠶᠢ ᠴᠠᠭ ᠲᠤᠬᠠᠢ ᠳᠤ ᠨᠢ ᠥᠷᠨᠢᠭᠦᠯᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠬᠥᠮᠥᠷᠭᠡ ᠶᠢᠨ | ᠬᠠᠳᠠᠭᠠᠯᠠᠯᠲᠠ ᠶᠢ ᠲᠣᠳᠣᠷᠬᠠᠢ ᠣᠶᠢᠯᠠᠭᠠᠬᠤ ᠶᠢᠨ ᠬᠠᠮᠲᠤ ᠡᠳ᠋ ᠪᠣᠳᠠᠰ ᠢ ᠴᠠᠭ ᠲᠤᠬᠠᠢ ᠳᠤ ᠨᠢ ᠨᠥᠬᠦᠪᠦᠷᠢᠯᠡᠵᠦ᠂ | ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ | ᠰᠣᠷᠢᠯᠲᠠ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠠᠷᠭᠠᠴᠠᠭᠠᠬᠤ ᠴᠢᠳᠠᠪᠤᠷᠢ ᠪᠠᠨ | ᠨᠡᠮᠡᠭᠳᠡᠭᠦᠯᠪᠡ᠃ ᠦᠶᠡᠷ ᠤᠨ ᠬᠤᠭᠤᠴᠠᠭᠠᠨ ᠳᠤ 24 ᠴᠠᠭ ᠤᠨ ᠦᠶᠡᠷ ᠤᠨ ᠭᠠᠮᠰᠢᠭ ᠢ ᠤᠷᠢᠳᠴᠢᠯᠠᠨ | ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠷᠣᠭᠠᠨ ᠤ | ᠪᠠᠶᠢᠳᠠᠯ᠂ ᠦᠶᠡᠷ ᠤᠨ ᠪᠠᠶᠢᠳᠠᠯ ᠢ ᠴᠠᠭ ᠲᠤᠬᠠᠢ ᠳᠤ ᠨᠢ ᠳᠠᠮᠵᠢᠭᠤᠯᠵᠤ᠂ ᠠᠭᠤᠯᠠᠨ ᠦᠶᠡᠷ ᠤᠨ ᠭᠠᠮᠰᠢᠭ ᠢ | ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ 196 ᠮᠡᠳᠡᠭᠡ ᠵᠠᠩᠭᠢ ᠶᠢ ᠨᠡᠶᠢᠲᠡᠯᠡᠪᠡ᠃ ᠭᠠᠩ | ᠬᠠᠭᠰᠠᠷᠠᠭᠠᠨ ᠤ ᠪᠠᠶᠢᠳᠠᠯ ᠪᠣᠯᠣᠨ ᠤᠰᠤᠨ ᠴᠥᠭᠦᠷᠥᠮ ᠤᠨ ᠤᠰᠤ ᠬᠠᠳᠠᠭᠠᠯᠠᠭᠰᠠᠨ ᠪᠠᠶᠢᠳᠠᠯ ᠢ ᠴᠠᠭ ᠲᠤᠬᠠᠢ ᠳᠤ | ᠨᠢ ᠳᠡᠭᠡᠭᠰᠢ ᠮᠡᠳᠡᠭᠦᠯᠵᠦ᠂ ᠪᠥᠬᠦ ᠬᠤᠰᠢᠭᠤᠨ ᠤ ᠠᠭᠤᠯᠠᠨ ᠦᠶᠡᠷ ᠤᠨ ᠭᠠᠮᠰᠢᠭ ᠢ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠬᠦ ᠳᠤ ᠦᠨᠳᠦᠰᠦᠯᠡᠯ ᠬᠠᠩᠭᠠᠭᠰᠠᠨ ᠪᠠᠶᠢᠨ᠎ᠠ᠃ | ᠭᠤᠷᠪᠠ᠂ ᠤᠰᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤ ᠦᠷᠭᠦᠯᠵᠢᠯᠡᠨ | ᠬᠦᠴᠦᠯᠡᠪᠡ᠃ ᠨᠢᠭᠡ ᠳ᠋ᠦᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠡᠮᠬᠢ | ᠵᠢᠷᠤᠮ ᠲᠠᠢ ᠪᠠᠷ ᠥᠷᠨᠢᠭᠦᠯᠵᠦ᠂ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠵᠤ᠂ ᠱᠠᠭᠠᠷᠳᠠᠯᠭ᠎ᠠ ᠶᠣᠰᠣᠭᠠᠷ 1048 ᠤᠳᠠᠭ᠎ᠠ ᠭᠤᠣᠯ | ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠭᠤᠣᠯ ᠮᠥᠷᠡᠨ ᠨᠠᠭᠤᠷ | ᠴᠥᠭᠦᠷᠥᠮ ᠢ ᠲᠣᠭᠤᠷᠢᠨ ᠪᠠᠶᠢᠴᠠᠭᠠᠬᠤ ᠠᠵᠢᠯ ᠢ ᠵᠢᠷᠤᠮᠵᠢᠭᠤᠯᠪᠠ᠃ ᠬᠤᠶᠠᠷ ᠲᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ 2023 ᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ | ᠬᠠᠮᠠᠭᠠᠯᠠᠯᠲᠠ ᠶᠢᠨ ︽ᠬᠠᠪᠤᠷ ᠤᠨ ᠤᠯᠠᠷᠢᠯ︾ ︽ᠨᠠᠮᠤᠷ ᠤᠨ ᠤᠯᠠᠷᠢᠯ︾ ᠤᠨ ᠠᠵᠢᠯᠯᠠᠭ᠎ᠠ ᠶᠢ ᠥᠷᠨᠢᠭᠦᠯᠵᠦ᠂ | ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡ ᠶᠢ ᠠᠷᠢᠯᠭᠠᠬᠤ︾ ᠠᠵᠢᠯ ᠢ ᠪᠠᠶᠢᠩᠭᠤᠵᠢᠭᠤᠯᠬᠤ ᠶᠢ | ᠦᠷᠭᠦᠯᠵᠢᠯᠡᠨ ᠠᠬᠢᠭᠤᠯᠪᠡ᠃ ᠭᠤᠷᠪᠠ ᠳᠤ᠂ ᠭᠤᠣᠯᠳᠠᠯᠭ᠎ᠠ ᠲᠠᠢ ᠭᠤᠣᠯ ᠤᠨ ᠬᠡᠰᠡᠭ᠂ ᠬᠠᠮᠠᠭᠠᠯᠠᠯᠳᠠ ᠶᠢᠨ ᠤᠰᠤᠨ | ᠣᠷᠣᠨ ᠤ ᠡᠯᠡᠰᠦ ᠮᠠᠯᠲᠠᠬᠤ ᠬᠠᠮᠢᠶᠠᠷᠤᠯᠲᠠ ᠶᠢᠨ ᠭᠤᠣᠯ ᠤᠨ ᠳᠠᠷᠤᠭ᠎ᠠ᠂ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ᠂ ᠲᠤᠬᠠᠢ ᠶᠢᠨ ᠲᠠᠯᠠᠪᠤᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠪᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ 4 ᠬᠠᠷᠢᠭᠤᠴᠠᠯᠭᠠᠲᠠᠨ ᠤ ᠨᠡᠷᠡᠰ ᠢ ᠴᠠᠭ ᠲᠤᠬᠠᠢ ᠳᠤ ᠨᠢ | ᠰᠢᠨᠡᠳᠬᠡᠨ ᠨᠡᠶᠢᠲᠡᠯᠡᠵᠦ᠂ ᠪᠥᠬᠦ ᠬᠤᠰᠢᠭᠤᠨ ᠤ 8 ᠡᠯᠡᠰᠦ ᠮᠠᠯᠲᠠᠬᠤ ᠴᠡᠭ ᠲᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠭᠤᠣᠯ ᠤᠨ ᠵᠠᠮ ᠤᠨ ᠡᠯᠡᠰᠦ ᠮᠠᠯᠲᠠᠬᠤ ᠬᠠᠮᠢᠶᠠᠷᠤᠯᠲᠠ ᠪᠠ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠡ᠃ ᠳᠥᠷᠪᠡ ᠳᠤ᠂ 6 ᠴᠢᠬᠤᠯᠠ ᠤᠷᠤᠰᠬᠠᠯ ᠳᠤ | ᠠᠮᠤᠷ ᠲᠦᠪᠰᠢᠨ ᠤ ᠦᠨᠡᠯᠡᠯᠲᠡ ᠬᠢᠬᠦ ᠶᠢ ᠵᠣᠬᠢᠶᠠᠨ ᠪᠠᠶᠢᠭᠤᠯᠪᠠ᠃ ᠲᠠᠪᠤ ᠳᠤ᠂ ᠭᠤᠣᠯ ᠮᠥᠷᠡᠨ ᠨᠠᠭᠤᠷ | ᠴᠥᠭᠦᠷᠥᠮ ᠤᠨ ᠦᠶᠡᠷ ᠢ ᠬᠠᠷᠰᠢᠯᠠᠬᠤ ᠵᠢᠷᠤᠭ ᠤᠨ ᠲᠣᠯᠪᠤ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ | 2023 ᠣᠨ ᠳᠤ ᠤᠰᠤᠨ ᠠᠰᠢᠭᠯᠠᠯᠲᠠ ᠶᠢᠨ ᠶᠠᠮᠤᠨ ᠠᠴᠠ ᠪᠠᠭᠤᠯᠭᠠᠭᠰᠠᠨ ᠦᠶᠡᠷ ᠢ ᠬᠠᠷᠰᠢᠯᠠᠬᠤ 155 ᠵᠢᠷᠤᠭ | ᠲᠣᠯᠪᠤ ᠶᠢ ᠨᠢᠭᠡᠨᠲᠡ ᠪᠦᠬᠦᠨ ᠢ ᠬᠢᠨᠠᠨ ᠬᠠᠷᠭᠤᠭᠤᠯᠵᠤ᠂ ᠵᠢᠷᠤᠭ ᠲᠣᠯᠪᠤ ᠶᠢ ᠨᠢᠭᠡᠨᠲᠡ ᠥᠪᠡᠷᠲᠡᠭᠡᠨ ᠵᠠᠰᠠᠬᠤ | ᠣᠷᠣᠨ ᠤ ᠬᠢᠨᠠᠨ ᠬᠠᠷᠭᠤᠭᠤᠯᠤᠯᠲᠠ ᠪᠠᠷ ᠳᠠᠮᠵᠢᠨ ᠳ᠋ᠤᠭᠠᠷ ᠢ ᠨᠢ ᠬᠠᠰᠤᠪᠠ᠃ ᠵᠢᠷᠭᠤᠭ᠎ᠠ ᠳᠤ ᠭᠤᠣᠯ ᠨᠠᠭᠤᠷ | ᠴᠥᠭᠦᠷᠥᠮ ᠤᠨ ᠨᠡᠷᠡᠰ ᠤᠨ ᠵᠢᠭᠰᠠᠭᠠᠯᠲᠠ ᠶᠢ ᠡᠮᠬᠢᠯᠡᠨ ᠲᠢᠭᠯᠡᠵᠦ ᠲᠠᠬᠢᠨ ᠬᠢᠨᠠᠬᠤ ᠠᠵᠢᠯ ᠢ ᠥᠷᠨᠢᠭᠦᠯᠬᠦ ᠪᠠ | ᠠᠭᠤᠯᠠᠷᠬᠠᠭ ᠣᠷᠣᠨ ᠤ ᠭᠤᠣᠯ ᠤᠨ ᠵᠠᠮ ᠤᠨ ᠬᠠᠮᠢᠶᠠᠷᠤᠯᠲᠠ ᠶᠢ ᠴᠢᠩᠭᠠᠳᠬᠠᠪᠠ᠃ ᠠᠭᠤᠯᠠᠨ ᠦᠶᠡᠷ ᠤᠨ ᠭᠠᠮᠰᠢᠭ | ᠢ ᠰᠡᠷᠭᠡᠶᠢᠯᠡᠨ ᠵᠠᠰᠠᠬᠤ ᠬᠡᠪᠴᠢᠶᠠᠨ ᠳᠣᠲᠣᠷᠠᠬᠢ ᠰᠠᠪᠠ ᠭᠠᠵᠠᠷ ᠤᠨ ᠲᠠᠯᠠᠪᠠᠢ ᠨᠢ 200 ᠲᠡᠭᠰᠢ ᠳᠥᠷᠪᠡᠯᠵᠢᠨ | ᠺᠢᠯᠤᠮᠧᠲᠷ ᠠᠴᠠ ᠪᠠᠭ᠎ᠠ ᠭᠤᠣᠯ ᠮᠥᠷᠡᠨ ᠢ ᠡᠮᠬᠢᠯᠡᠨ ᠲᠢᠭᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠠᠭᠤᠯᠠᠷᠬᠠᠭ ᠣᠷᠣᠨ ᠤ ᠭᠤᠣᠯ ᠤᠨ ᠵᠠᠮ ᠤᠨ ᠨᠡᠷᠡᠰ ᠢ ᠪᠠᠶᠢᠭᠤᠯᠬᠤ ᠶᠢᠨ ᠬᠠᠮᠲᠤ ᠡᠯ᠎ᠡ ᠱᠠᠲᠤᠨ ᠤ ᠭᠤᠣᠯ ᠤᠨ | ᠳᠠᠷᠤᠭ᠎ᠠ ᠶᠢᠨ ᠬᠠᠷᠢᠭᠤᠴᠠᠯᠭᠠᠲᠠᠨ ᠢ ᠳᠤᠳᠤᠷᠬᠠᠢ ᠲᠤᠭᠳᠠᠭᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ | ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭᠠᠲᠠᠨ᠂ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠣᠨ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ | ᠬᠠᠷᠢᠭᠤᠴᠠᠯᠭᠠᠲᠠᠨ ︽ᠲᠦᠷᠪᠡᠨ ᠬᠠᠷᠢᠭᠤᠴᠠᠯᠭᠠᠲᠠᠨ︾ ᠢ ᠲᠣᠳᠣᠷᠬᠠᠶᠢᠯᠠᠪᠡ᠃ ᠮᠠᠨ ᠤ ᠬᠤᠰᠢᠭᠤᠨ ᠤ ᠨᠡᠶᠢᠲᠡ | 61 ᠰᠠᠪᠠ ᠭᠠᠵᠠᠷ ᠤᠨ ᠲᠠᠯᠠᠪᠠᠶ ᠨᠢ 200 ᠲᠡᠭᠰᠢ ᠳᠥᠷᠪᠡᠯᠵᠢᠨ ᠺᠢᠯᠣᠮᠧᠲᠷ ᠠᠴᠠ ᠪᠠᠭ᠎ᠠ ᠭᠤᠣᠯ ᠮᠥᠷᠡᠨ ᠢ | ᠠᠭᠤᠯᠠᠷᠬᠠᠭ ᠣᠷᠣᠨ ᠤ ᠭᠤᠣᠯ ᠤᠨ ᠵᠠᠮ ᠤᠨ ᠬᠠᠮᠢᠶᠠᠷᠤᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ | ᠳᠥᠷᠪᠡ᠂ ᠠᠶᠤᠯᠭᠦᠢ ᠦᠢᠯᠡᠳᠪᠦᠷᠢᠯᠡᠯ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠵᠡᠷᠭᠡ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠠᠶᠤᠯᠭᠦᠢ ᠦᠢᠯᠡᠳᠪᠦᠷᠢᠯᠡᠯ ᠤᠨ ᠠᠵᠢᠯ᠂ ︽2023 | ᠣᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ︿ᠠᠶᠤᠯᠭᠦᠢ ᠦᠢᠯᠡᠳᠪᠦᠷᠢᠯᠡᠯ ᠤᠨ ᠰᠠᠷ᠎ᠠ﹀ ᠶᠢᠨ | ᠠᠵᠢᠯᠯᠠᠭ᠎ᠠ ᠶᠢᠨ ᠲᠥᠰᠥᠯ︾ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤᠨ ᠤ ᠶᠠᠪᠤᠳᠠᠯ ᠤᠨ | ᠲᠣᠪᠴᠢᠶ᠎ᠠ ᠶᠢᠨ ᠵᠣᠨ ᠤ ᠠᠮᠠᠷᠠᠯᠲᠠ ᠶᠢᠨ ᠦᠶᠡᠷ ᠤᠨ ᠬᠤᠭᠤᠴᠠᠭᠠᠨ ᠤ ᠤᠰᠤᠨ ᠳᠤ ᠵᠢᠪᠬᠦ ᠶᠢ ᠰᠡᠷᠭᠡᠶᠢᠯᠡᠬᠦ ᠠᠷᠭ᠎ᠠ | ᠬᠡᠮᠵᠢᠶ᠎ᠡ︾ ᠶᠢ ᠳᠠᠷᠤᠮᠠᠯᠯᠠᠨ ᠲᠠᠷᠬᠠᠭᠠᠪᠠ᠃ ᠡᠯ᠎ᠡ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠶᠢ 5 ᠤᠳᠠᠭ᠎ᠠ᠂ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 1 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ | ᠠᠬᠤᠶᠢᠯᠠᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ 3 ᠤᠳᠠᠭ᠎ᠠ ᠬᠢᠵᠦ᠂ ᠤᠰᠤᠨ | ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠲᠣᠭᠲᠠᠮᠠᠯ ᠬᠤᠷᠠᠯ ᠢ 10 ᠤᠳᠠᠭ᠎ᠠ ᠬᠤᠷᠠᠯᠳᠤᠭᠤᠯᠵᠤ᠂ | ᠬᠤᠰᠢᠭᠤᠨ ᠤ ᠠᠶᠤᠯᠭᠦᠢ ᠶᠢᠨ ᠵᠥᠪᠯᠡᠯ ᠤᠨ ᠵᠣᠬᠢᠶᠠᠨ ᠪᠠᠶᠢᠭᠤᠯᠤᠭᠰᠠᠨ 5.12 ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ᠂ 6.16 ᠤᠯᠤᠰ ᠤᠨ ᠠᠶᠤᠯᠭᠦᠢ | ᠦᠢᠯᠡᠳᠪᠦᠷᠢᠯᠡᠯ ᠤᠨ ᠰᠠᠷ᠎ᠠ ᠶᠢᠨ ᠭᠤᠣᠯ ᠰᠡᠳᠦᠪᠲᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ | ᠦᠵᠡᠭᠦᠯᠦᠯᠭᠡ ᠶᠢᠨ ᠰᠠᠮᠪᠠᠷ᠎ᠠ᠂ ᠤᠬᠠᠭᠤᠯᠭ᠎ᠠ ᠶᠢᠨ ᠵᠢᠷᠤᠭ᠂ LED ᠳᠡᠯᠭᠡᠴᠡ ᠵᠡᠷᠭᠡ ᠪᠠᠷ ᠳᠠᠮᠵᠢᠭᠤᠯᠤᠨ | ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠶᠡᠭᠡ ᠪᠠᠷ ᠤᠬᠠᠭᠤᠯᠵᠤ᠂ ︽ᠬᠥᠮᠥᠨ ᠪᠣᠯᠭᠠᠨ ᠠᠮᠤᠷ | ᠲᠦᠪᠰᠢᠨ ᠢ ᠡᠷᠬᠢᠮᠯᠡᠵᠦ᠂ ᠬᠦᠮᠦᠨ ᠪᠤᠯᠭᠠᠨ ᠪᠠᠴᠢᠮ ᠪᠠᠶᠢᠳᠠᠯ ᠢ ᠠᠷᠭᠠᠴᠠᠬᠤ︾ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠣᠶ ᠪᠣᠯᠭᠠᠪᠠ᠃ ᠳᠠᠯᠳᠠ ᠭᠡᠮ ᠢ ᠪᠠᠶᠢᠴᠠᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠠᠯᠪᠠᠨ ᠭᠠᠵᠠᠷ᠂ | ᠤᠰᠤ ᠬᠠᠩᠭᠠᠬᠤ ᠪᠠᠲᠤᠯᠠᠭ᠎ᠠ ᠶᠢᠨ ᠠᠶᠤᠯᠭᠦᠢ ᠦᠢᠯᠡᠳᠪᠦᠷᠢᠯᠡᠯ ᠳᠤ᠂ ᠪᠥᠬᠦ ᠬᠤᠰᠢᠭᠤᠨ ᠤ ᠤᠰᠤᠨ ᠠᠰᠢᠭᠯᠠᠯᠲᠠ | ᠤᠰᠤᠨ ᠤ ᠬᠠᠮᠠᠭᠠᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠳᠤ᠂ ᠤᠰᠤᠨ ᠴᠥᠭᠦᠷᠥᠮ ᠤᠨ ᠣᠷᠣᠨ ᠤ | ᠠᠶᠤᠯᠭᠦᠢ ᠦᠢᠯᠡᠳᠪᠦᠷᠢᠯᠡᠯ᠂ ᠤᠰᠤᠨ ᠤ ᠡᠬᠢ ᠪᠠᠶᠠᠯᠢᠭ᠂ ᠭᠤᠣᠯ ᠤᠨ ᠵᠠᠮ ᠤᠨ ᠠᠶᠤᠯᠭᠦᠢ ᠬᠠᠮᠢᠶᠠᠷᠤᠯᠲᠠ᠂ | ᠤᠰᠤᠨ ᠤ ᠶᠠᠪᠤᠳᠠᠯ ᠤᠨ ᠠᠶᠤᠯᠭᠦᠢ ᠦᠢᠯᠡᠳᠪᠦᠷᠢᠯᠡᠯ᠂ ᠬᠥᠮᠥᠷᠭᠡ ᠶᠢᠨ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ | ᠨᠡᠶᠢᠲᠡ 67 ᠭᠤᠣᠯᠳᠠᠯᠭ᠎ᠠ ᠲᠠᠢ ᠣᠷᠣᠨ ᠪᠦᠰᠡ ᠶᠢ ᠪᠠᠶᠢᠴᠠᠭᠠᠵᠤ᠂ 220 ᠬᠥᠮᠥᠨ ᠲᠣᠮᠢᠯᠠᠨ᠂ ᠠᠮᠤᠷ | ᠲᠦᠪᠰᠢᠨ ᠤ ᠳᠠᠯᠳᠠ ᠬᠡᠮ ᠤᠨ 16 ᠠᠰᠠᠭᠤᠳᠠᠯ ᠢ ᠢᠯᠡᠷᠡᠭᠦᠯᠵᠦ᠂ ᠪᠦᠬᠦᠨ ᠢ ᠴᠡᠭᠴᠡᠯᠡᠨ ᠵᠠᠰᠠᠪᠠ᠃ ᠮᠠᠨ ᠤ | ᠬᠤᠰᠢᠭᠤᠨ ᠤ ᠣᠰᠣᠨ ᠠᠰᠢᠭᠯᠠᠯᠲᠠ ᠶᠢᠨ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠢ ᠳᠠᠩᠰᠠᠯᠠᠬᠤ ᠳᠦᠷᠢᠮ ᠤᠨ | ᠠᠵᠢᠯ ᠢ ᠦᠷᠭᠦᠯᠵᠢᠯᠡᠨ ᠶᠠᠪᠤᠭᠤᠯᠵᠤ᠂ ᠠᠶᠤᠯᠭᠦᠢ ᠶᠢᠨ ᠰᠢᠰᠲ᠋ᠧᠮ ᠪᠣᠯᠣᠨ ᠪᠠᠷᠢᠯᠭ᠎ᠠ ᠶᠢᠨ ᠠᠵᠢᠯ ᠤᠨ ᠲᠠᠯᠠᠪᠠᠢ ᠶᠢᠨ | ᠠᠶᠤᠯᠭᠦᠢ ᠬᠤᠶᠠᠷ ᠶᠡᠭᠡ ᠬᠡᠰᠡᠭ ᠠᠴᠠ ᠮᠠᠨ ᠤ ᠬᠤᠰᠢᠭᠤᠨ ᠤ ᠣᠰᠣᠨ ᠠᠰᠢᠭᠯᠠᠯᠲᠠ ᠶᠢᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠠᠬᠢᠭᠤᠯᠬᠤ ᠶᠢ ᠪᠠᠷᠢᠮᠲᠠᠯᠠᠪᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ | ᠠᠵᠢᠯ ᠢ ᠰᠢᠯᠢᠳᠡᠭᠵᠢᠭᠦᠯᠵᠦ᠂ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠤᠰᠤᠨ ᠤ ᠶᠠᠪᠤᠳᠠᠯ ᠤᠨ | ᠲᠣᠪᠴᠢᠶ᠎ᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠵᠢᠭᠦᠯᠬᠦ ᠲᠥᠰᠥᠯ︾ ᠢ | ᠲᠣᠭᠲᠠᠭᠠᠵᠤ᠂ ᠡᠯ᠎ᠡ ᠲᠠᠰᠤᠭ᠂ ᠲᠥᠪ ᠤᠨ ᠠᠵᠢᠯ ᠬᠤᠪᠢᠶᠠᠷᠢᠯᠠᠨ ᠬᠠᠷᠢᠭᠤᠴᠠᠬᠤ ᠬᠠᠮᠢᠶ᠎ᠠ ᠪᠦᠬᠦᠢ ᠠᠵᠢᠯ ᠢ | ᠨᠠᠶᠢᠳᠠᠪᠤᠷᠢᠵᠢᠭᠤᠯᠪᠠ᠃ ᠬᠢᠨᠠᠨ ᠵᠥᠪᠰᠢᠶᠡᠷᠡᠬᠦ ᠵᠦᠢᠯᠡᠰ ᠢ ᠴᠣᠮᠬᠠᠳᠬᠠᠨ᠂ ᠲᠤᠬᠠᠶᠢᠯᠠᠭᠰᠠᠨ ᠠᠵᠢᠯ ᠤᠨ ᠴᠤᠪᠤᠷᠠᠯ᠂ | ᠠᠵᠢᠯ ᠤᠨ ᠳᠦᠷᠢᠮ᠂ ᠦᠢᠯᠡᠴᠢᠯᠡᠭᠡᠨ ᠤ ᠵᠦᠭᠯᠡᠭᠦᠷ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ | ᠳᠠᠷᠠᠭᠠᠬᠢ ᠬᠢᠨᠠᠨ ᠬᠠᠮᠢᠶᠠᠷᠬᠤ ᠠᠵᠢᠯ ᠤᠨ ᠲᠥᠰᠥᠯ ᠢ ᠲᠣᠭᠲᠠᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠶᠡᠬᠡᠪᠡᠷ ᠰᠢᠯᠢᠳᠡᠭᠵᠢᠭᠦᠯᠪᠡ᠃ ᠮᠠᠨ ᠤ ᠲᠣᠪᠴᠢᠶ᠎ᠠ ᠶᠢᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠬᠢᠨᠠᠨ ᠵᠥᠪᠰᠢᠶᠡᠷᠡᠬᠦ ᠵᠦᠢᠯᠡᠰ ᠢ ᠨᠢᠭᠡᠨᠲᠡ ᠪᠦᠬᠦᠨ ᠢ ᠬᠤᠲᠠ ᠶᠢᠨ ᠠᠷᠠᠳ ᠤᠨ ᠶᠡᠭᠡ | ᠲᠢᠩᠬᠢᠮ ᠤᠨ ᠦᠢᠯᠡᠴᠢᠯᠡᠭᠡᠨ ᠤ ᠴᠣᠩᠬᠤᠨ ᠳᠤ ᠣᠷᠣᠭᠤᠯᠤᠨ ᠭᠦᠢᠴᠡᠳᠬᠡᠵᠦ᠂ ᠭᠦᠢᠴᠡᠳᠬᠡᠵᠦ ᠳᠠᠭᠤᠰᠬᠠᠬᠤ ᠴᠠᠭ | ᠢ 1 ᠠᠵᠢᠯᠯᠠᠬᠤ ᠡᠳᠦᠷ ᠢᠶᠠᠷ ᠲᠤᠭᠳᠠᠭᠠᠪᠠ᠃ ᠬᠢᠨᠠᠨ ᠵᠥᠪᠰᠢᠶᠡᠷᠡᠬᠦ ᠶᠠᠪᠤᠴᠠ ᠶᠢᠨ ᠳᠡᠭᠡᠭᠰᠢ ᠮᠡᠳᠡᠭᠦᠯᠬᠦ | ᠵᠦᠭᠯᠡᠭᠦᠷ ᠢ ᠲᠡᠭᠦᠯᠳᠡᠷᠵᠢᠭᠦᠯᠵᠦ᠂ 2023 ᠣᠨ ᠳᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ ᠮᠡᠳᠡᠭᠦᠯᠦᠯᠲᠡ ᠶᠢᠨ ᠪᠢᠴᠢᠭ ︵ᠬᠦᠰᠦᠨᠦᠭᠲᠦ︶ ᠤᠨ | ᠭᠤᠶᠤᠴᠢᠯᠠᠯ ᠤᠨ ᠪᠢᠴᠢᠭ ᠢ ᠨᠡᠶᠢᠲᠡ 9 ᠬᠤᠪᠢ ᠭᠥᠯᠢᠶᠡᠨ ᠠᠪᠴᠤ ᠰᠢᠢᠳᠪᠦᠷᠢᠯᠡᠨ᠂ 9 ᠬᠤᠪᠢ ᠭᠦᠢᠴᠡᠳᠬᠡᠨ | ᠳᠠᠭᠤᠰᠬᠠᠵᠤ᠂ ᠭᠦᠢᠴᠡᠳᠬᠡᠨ ᠳᠠᠭᠤᠰᠬᠠᠭᠰᠠᠨ ᠨᠣᠷᠮ᠎ᠠ ᠨᠢ 100% ᠳᠤ ᠬᠥᠷᠪᠡ᠃ ᠤᠰᠤ ᠲᠠᠲᠠᠬᠤ | ᠵᠥᠪᠰᠢᠶᠡᠷᠡᠯ ᠤᠨ ᠭᠤᠶᠤᠴᠢᠯᠠᠯ ᠢ ᠨᠡᠶᠢᠲᠡ 17 ᠬᠤᠪᠢ ᠭᠥᠯᠢᠶᠡᠨ ᠠᠪᠴᠤ ᠰᠢᠢᠳᠪᠦᠷᠢᠯᠡᠵᠦ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠲᠣᠭᠲᠠᠭᠠᠯ ᠤᠨ ᠪᠢᠴᠢᠭ ᠢ 17 ᠬᠤᠪᠢ ᠭᠠᠷᠭᠠᠨ ᠥᠭᠴᠦ᠂ ᠰᠢᠢᠳᠪᠦᠷᠢᠯᠡᠵᠦ ᠳᠠᠭᠤᠰᠬᠠᠭᠰᠠᠨ | ᠨᠣᠷᠮ᠎ᠠ 100% ᠳᠤ ᠬᠥᠷᠪᠡ᠃ | ᠲᠠᠪᠤ᠂ ᠤᠰᠤᠨ ᠤ ᠶᠠᠪᠤᠳᠠᠯ ᠤᠨ ᠠᠮᠢ ᠠᠬᠤᠢ ᠶᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠲᠦᠯᠬᠢᠨ ᠠᠬᠢᠭᠤᠯᠪᠠ᠃ 2023 ᠣᠨ ᠳᠤ ᠤᠰᠤᠨ ᠤ ᠪᠡᠯᠡ ᠣᠷᠣᠭᠤᠯᠤᠯᠲᠠ ᠶᠢᠨ ᠺᠣᠮᠫᠠᠨᠢ ᠶᠢ | ᠳᠠᠬᠢᠨ ᠵᠣᠬᠢᠶᠠᠨ ᠪᠠᠶᠢᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤᠨ ᠤ ᠶᠠᠪᠤᠳᠠᠯ ᠤᠨ ᠠᠮᠢ | ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠭᠡᠵᠦ ᠵᠠᠰᠠᠪᠠ᠃ | ᠨᠢᠭᠡ ᠳᠤ ᠴᠢᠩ ᠶᠤᠸᠠᠨ ᠤᠰᠤᠨ ᠤ ᠦᠢᠯᠡᠳᠪᠦᠷᠢ ᠶᠢ ᠬᠤᠳᠠᠯᠳᠤᠨ ᠠᠪᠬᠤ ᠠᠵᠢᠯ ᠢ ᠳᠠᠭᠤᠰᠬᠠᠵᠤ᠂ | ᠣᠳᠣᠬᠠᠨ ᠳᠤ ᠶᠠᠭ ᠰᠡᠯᠪᠢᠨ ᠵᠠᠰᠠᠵᠤ ᠥᠭᠡᠷᠡᠴᠢᠯᠡᠵᠦ ᠪᠠᠶᠢᠨ᠎ᠠ᠃ ᠬᠤᠶᠠᠷ ᠲᠤ ᠡᠯᠡᠰᠦ ᠮᠠᠯᠲᠠᠬᠤ ᠲᠠᠯᠠᠪᠠᠶ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠢ ᠶᠠᠭ ᠭᠦᠢᠴᠡᠳᠬᠡᠵᠦ ᠪᠠᠶᠢᠨ᠎ᠠ᠃ ᠭᠤᠷᠪᠠ ᠳ᠋ᠤ᠋ᠬᠤᠯᠢᠮᠠᠭ | ᠥᠭᠡᠷᠡᠴᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠺᠣᠮᠫᠠᠨᠢ ᠪᠠᠶᠢᠭᠤᠯᠪᠠ᠃ ᠨᠢᠭᠡᠨᠲᠡ ᠭᠤᠷᠪᠠᠨ ᠨᠥᠬᠦᠴᠡᠯ ᠳᠤ | ᠨᠡᠶᠢᠴᠡᠬᠦ ᠪᠦᠲᠦᠭᠡᠨ ᠪᠠᠶᠢᠭᠤᠯᠤᠯᠲᠠ ᠶᠢᠨ ᠺᠣᠮᠫᠠᠨᠢ ᠲᠠᠢ ᠵᠥᠪᠳᠡᠯᠴᠡᠵᠦ᠂ ᠣᠳᠣᠬᠠᠨ ᠳᠤ ᠭᠤᠷᠪᠠᠨ ᠺᠣᠮᠫᠠᠨᠢ ᠶᠠᠭ | ᠬᠤᠯᠢᠮᠠᠭ ᠥᠭᠡᠷᠡᠴᠢᠯᠡᠯᠲᠡ ᠶᠢᠨ ᠲᠥᠰᠥᠯ ᠲᠣᠭᠲᠠᠭᠠᠵᠤ ᠪᠠᠶᠢᠨ᠎ᠠ᠃ ᠳᠥᠷᠪᠡ ᠳᠤ ᠳᠠᠯᠳᠠ ᠥᠭᠴᠡᠭᠡ ᠶᠢ 3039. | 72 ᠲᠦᠮᠡᠨ ᠲᠥᠭᠦᠷᠢᠭ ᠰᠢᠢᠳᠪᠦᠷᠢᠯᠡᠵᠦ᠂ ᠣᠳᠣᠬᠠᠨ ᠳᠤ ᠶᠠᠭ ᠢᠳᠡᠪᠬᠢᠲᠡᠢ ᠪᠠᠷ ᠪᠡᠯᠡ ᠮᠥᠩᠭᠦ ᠣᠯᠬᠤ ᠪᠠᠷ | ᠴᠢᠷᠮᠠᠶᠢᠵᠤ ᠥᠭᠴᠡᠭᠡ ᠶᠢ ᠴᠡᠪᠡᠷᠯᠡᠨ ᠠᠷᠢᠯᠭᠠᠬᠤ ᠠᠵᠢᠯ ᠢ ᠠᠯᠢ ᠲᠦᠷᠭᠡᠨ ᠢᠶᠠᠷ ᠪᠡᠶᠡᠯᠡᠭᠦᠯᠵᠦ ᠪᠠᠶᠢᠨ᠎ᠠ᠃ | ᠬᠥᠲᠥᠯᠥᠭᠴᠢ᠄ ᠤᠰᠤᠨ ᠤ ᠶᠠᠪᠤᠳᠠᠯ ᠤᠨ ᠲᠤᠪᠴᠢᠶᠠᠨ ᠤ ᠲᠠᠷᠠᠭᠠᠴᠢ ᠶᠢᠨ ᠠᠵᠢᠯ ᠤᠨ ᠲᠣᠬᠢᠷᠠᠭᠤᠯᠤᠯᠲᠠ | ᠶᠠᠭᠤ ᠪᠣᠶ︖ | ᠵᠣᠴᠢᠨ᠄ ᠨᠢᠭᠡ᠂ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠡᠷᠢᠯᠬᠢᠯᠡᠨ᠎ᠡ᠃ ᠨᠢᠭᠡ ᠳᠤ 3000 | ᠲᠦᠮᠡᠨ ᠲᠥᠭᠦᠷᠢᠭ ᠣᠯᠬᠤ ᠪᠠᠷ ᠲᠥᠯᠥᠪᠯᠡᠵᠦ᠂ 2024 ᠣᠨ ᠤ ᠠᠮᠢ ᠠᠬᠤᠢ ᠶᠢᠨ ᠠᠷᠢᠭᠤᠨ ᠴᠡᠪᠡᠷ ᠵᠢᠵᠢᠭ | ᠰᠠᠪᠠ ᠭᠠᠵᠠᠷ ᠤᠨ ᠢᠨᠵᠧᠨᠧᠷᠢᠩ ᠢ ᠬᠡᠷᠡᠭᠵᠢᠭᠦᠯᠵᠦ᠂ ᠬᠥᠷᠥᠰᠥ ᠰᠢᠷᠣᠢ ᠶᠢᠨ ᠢᠳᠡᠭᠳᠡᠯ ᠤᠨ ᠲᠠᠯᠠᠪᠠᠶ ᠶᠢ 60 | ᠲᠡᠭᠰᠢ ᠳᠥᠷᠪᠡᠯᠵᠢᠨ ᠺᠢᠯᠣᠮᠧᠲᠷ ᠵᠠᠰᠠᠨ᠎ᠠ᠃ ᠬᠤᠶᠠᠷ ᠲᠤ 240 ᠲᠦᠮᠡᠨ ᠲᠥᠭᠦᠷᠢᠭ ᠣᠯᠬᠤ ᠪᠠᠷ ᠲᠥᠯᠥᠪᠯᠡᠵᠦ᠂ | ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2024 ᠣᠨ ᠤ ᠮᠠᠯᠵᠢᠬᠤ ᠲᠠᠷᠢᠶᠠᠯᠠᠬᠤ | ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 6 ᠰᠢᠶᠠᠩ ᠪᠠᠯᠭᠠᠰᠤ ᠶᠢᠨ 8 | ᠭᠠᠵᠠᠷ ᠤᠨ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠬᠤᠭᠤᠯᠠᠢ ᠶᠢᠨ ᠢᠨᠵᠧᠨᠧᠷᠢᠩ ᠤᠨ | 19906 ᠮᠧᠲᠷ ᠲᠤ ᠬᠤᠯᠪᠣᠭᠳᠠᠵᠤ᠂ 3 ᠤᠰᠤᠨ ᠤ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠮᠠᠯᠲᠠᠨ᠎ᠠ᠃ | ᠭᠤᠷᠪᠠ ᠳᠤ 1600 ᠲᠦᠮᠡᠨ ᠲᠥᠭᠦᠷᠢᠭ ᠤᠨ ᠪᠡᠯᠡ ᠮᠥᠩᠭᠦ ᠣᠯᠬᠤ ᠪᠠᠷ ᠲᠥᠯᠥᠪᠯᠡᠵᠦ᠂ ᠪᠤᠭᠤᠲᠤ ᠬᠤᠲᠠ ᠶᠢᠨ | ᠲᠠᠪᠤᠨ ᠭᠤᠣᠯ ︵ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠡᠰᠡᠭ︶ ᠤᠨ ᠭᠤᠣᠯ ᠤᠨ ᠵᠠᠮ ᠢ ᠵᠠᠰᠠᠬᠤ | ᠢᠨᠵᠧᠨᠧᠷᠢᠩ ᠢ ᠬᠡᠷᠡᠭᠵᠢᠭᠦᠯᠵᠦ᠂ ᠵᠠᠰᠠᠬᠤ ᠬᠡᠪᠴᠢᠶ᠎ᠡ ᠶᠢᠨ ᠭᠤᠣᠯ ᠤᠨ ᠣᠷᠳᠣ ᠨᠢ 20.22 ᠺᠢᠯᠣᠮᠧᠲᠷ ᠪᠣᠯᠣᠨ᠎ᠠ᠃ | ᠳᠥᠷᠪᠡ ᠳᠤ 1000 ᠲᠦᠮᠡᠨ ᠲᠥᠭᠦᠷᠢᠭ ᠤᠨ ᠪᠡᠯᠡ ᠮᠥᠩᠭᠦ ᠣᠯᠵᠤ᠂ ᠰᠢ ᠭᠧ ᠳ᠋ᠠᠨ ᠤ ᠡᠮᠦᠨ᠎ᠡ ᠭᠤᠤ ᠶᠢᠨ | ᠠᠭᠤᠯᠠ ᠶᠢᠨ ᠦᠶᠡᠷ ᠤᠨ ᠭᠤᠤ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 16 ᠺᠢᠯᠣᠮᠧᠲᠷ ᠭᠤᠣᠯ ᠤᠨ ᠵᠠᠮ ᠢ | ᠵᠠᠰᠠᠬᠤ ᠪᠠᠷ ᠲᠥᠯᠥᠪᠯᠡᠵᠦ ᠪᠠᠶᠢᠨ᠎ᠠ᠃ ᠲᠠᠪᠤ ᠳᠤ2794.90 ᠲᠦᠮᠡᠨ ᠲᠥᠭᠦᠷᠢᠭ ᠤᠨ ᠪᠡᠯᠡ ᠮᠥᠩᠭᠦ ᠣᠯᠵᠤ | ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢ ᠪᠢᠶᠠᠨ ᠾᠧ ᠭᠤᠣᠯ ᠤᠨ ᠦ᠋ ᠹᠦ᠋ | ᠲᠠᠩ ᠤᠨ ᠳᠡᠭᠡᠳᠦ ᠤᠷᠤᠰᠬᠠᠯ ᠤᠨ ᠬᠡᠰᠡᠭ ᠢ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ᠂ 24.64 | ᠺᠢᠯᠣᠮᠧᠲᠷ ᠢ ᠶᠡᠷᠦᠩᠬᠡᠶᠢᠯᠡᠨ ᠵᠠᠰᠠᠨ᠎ᠠ᠃ | ᠬᠤᠶᠠᠷ᠂ ᠦᠶᠡᠷ ᠢ ᠰᠡᠷᠭᠡᠶᠢᠯᠡᠨ ᠠᠮᠤᠷ ᠢ ᠬᠠᠮᠠᠭᠠᠯᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ | ᠦᠶᠡᠷ ᠢ ᠰᠡᠷᠭᠡᠶᠢᠯᠡᠬᠦ ᠬᠠᠤᠯᠢ︾ ᠵᠢᠴᠢ ᠢᠵᠢ ᠪᠦᠷᠢᠳᠦᠭᠦᠯᠬᠦ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ | ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠶᠡᠭᠡ ᠦᠶᠡᠷ ᠢ | ᠰᠡᠷᠭᠡᠶᠢᠯᠡᠬᠦ᠂ ᠶᠡᠭᠡ ᠭᠠᠮᠰᠢᠭ ᠢ ᠡᠰᠡᠷᠭᠦᠴᠡᠬᠦ ᠦᠵᠡᠯ ᠰᠠᠨᠠᠭᠠᠨ ᠤ ᠤᠬᠠᠮᠰᠠᠷ ᠢ ᠪᠤᠢ ᠪᠣᠯᠭᠠᠨ᠎ᠠ᠃ ᠤᠰᠤ ᠭᠠᠩ ᠤᠨ | ᠭᠠᠮᠰᠢᠭ ᠤᠨ ᠠᠵᠢᠯ ᠤᠨ ᠡᠯ᠎ᠡ ᠵᠦᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠡᠶᠢᠳᠠᠪᠤᠷᠢᠵᠢᠭᠤᠯᠵᠤ | ᠂ ᠡᠯ᠎ᠡ ᠲᠥᠷᠥᠯ ᠤᠨ ᠪᠡᠯᠡᠳᠬᠡᠯ ᠲᠥᠰᠥᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠠᠶᠤᠯ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ | ᠠᠪᠤᠷᠠᠬᠤ ᠰᠣᠷᠢᠯᠲᠠ ᠶᠢ ᠥᠷᠨᠢᠭᠦᠯᠦᠨ᠂ ᠤᠰᠤᠨ ᠴᠥᠭᠦᠷᠥᠮ᠂ ᠬᠠᠰᠢᠯᠭ᠎ᠠ ᠳᠠᠯᠠᠩ ᠵᠢᠴᠢ ᠪᠠᠶᠢᠭᠤᠯᠵᠤ ᠪᠠᠶᠢᠭ᠎ᠠ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠠᠯᠳᠠ ᠭᠡᠮ ᠢ ᠪᠠᠶᠢᠴᠠᠭᠠᠬᠤ ᠪᠠ ᠠᠶᠤᠯ ᠢ ᠠᠷᠢᠯᠭᠠᠨ ᠪᠠᠬᠢᠵᠢᠭᠦᠯᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠳᠦᠬᠦᠭᠡᠷᠦᠮᠵᠢ ᠶᠢ | ᠴᠠᠭ ᠲᠤᠬᠠᠢ ᠳᠤ ᠨᠢ ᠬᠠᠮᠠᠭᠠᠯᠠᠨ᠂ ᠴᠢᠬᠢᠭ ᠤᠨ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ | ᠮᠡᠳᠡᠭᠡᠯᠡᠬᠦ ᠦᠨᠳᠦᠰᠤᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠰᠤ ᠭᠠᠩ ᠤᠨ ᠭᠠᠮᠰᠢᠭ ᠢ | ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠴᠠᠭ ᠲᠤᠬᠠᠢ ᠳᠤ ᠨᠢ ᠣᠨᠣᠪᠴᠢᠲᠠᠶ | ᠳᠠᠮᠵᠢᠭᠤᠯᠬᠤ ᠶᠢ ᠦᠨᠡᠨᠬᠦ ᠪᠠᠲᠤᠯᠠᠵᠤ᠂ ᠤᠰᠤ ᠭᠠᠩ ᠤᠨ ᠭᠠᠮᠰᠢᠭ ᠢ ᠠᠷᠭᠠᠴᠠᠨ ᠰᠡᠷᠭᠡᠶᠢᠯᠡᠨ ᠵᠠᠰᠠᠬᠤ | ᠴᠢᠳᠠᠪᠤᠷᠢ ᠪᠠᠨ ᠳᠡᠭᠡᠭᠰᠢᠯᠡᠭᠦᠯᠤᠨ᠎ᠡ᠃ | ᠭᠤᠷᠪᠠ᠂ ᠤᠰᠤᠨ ᠤ ᠡᠬᠢ ᠪᠠᠶᠠᠯᠢᠭ ᠢ ᠴᠢᠩᠭ᠎ᠠ ᠬᠠᠮᠢᠶᠠᠷᠤᠨ ᠡᠵᠡᠮᠳᠡᠨ᠎ᠡ᠃ ︽ᠤᠰᠤ ᠪᠠᠷ ᠬᠤᠲᠠ ᠶᠢ | ᠲᠣᠭᠲᠠᠭᠠᠬᠤ᠂ ᠤᠰᠤ ᠪᠠᠷ ᠭᠠᠵᠠᠷ ᠰᠢᠷᠣᠢ ᠶᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ | ᠭᠠᠷᠤᠯᠲᠠ ᠶᠢ ᠲᠣᠭᠲᠠᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠲᠠᠭᠤ | ᠬᠢᠵᠠᠭᠠᠷᠯᠠᠯ ᠢ ᠴᠢᠩᠭᠠᠷᠠᠭᠤᠯᠤᠨ᠂ ᠭᠠᠵᠠᠷ ᠳᠣᠣᠷᠠᠬᠢ ᠤᠰᠤ ᠶᠢ ᠬᠠᠮᠠᠭᠠᠯᠠᠨ ᠵᠠᠰᠠᠬᠤ ᠶᠢ ᠦᠷᠭᠦᠯᠵᠢᠯᠡᠨ ᠠᠬᠢᠭᠤᠯᠵᠤ | ᠂ ᠳᠠᠬᠢᠨ ᠠᠰᠢᠭᠯᠠᠬᠤ ᠤᠰᠤ ᠵᠡᠷᠭᠡ ᠬᠡᠪ ᠤᠨ ᠪᠤᠰᠤ ᠤᠰᠤᠨ ᠤ ᠡᠬᠢ ᠪᠠᠶᠠᠯᠢᠭ ᠢ ᠠᠰᠢᠭᠯᠠᠬᠤ ᠡᠷᠴᠢᠮ ᠢ | ᠴᠢᠩᠭᠠᠷᠠᠭᠤᠯᠤᠨ᠎ᠠ᠃ ᠤᠰᠤ ᠲᠠᠲᠠᠬᠤ ᠵᠥᠪᠰᠢᠶᠡᠷᠡᠯ ᠤᠨ ᠳᠦᠷᠢᠮ᠂ ᠤᠰᠤᠨ ᠤ ᠡᠬᠢ ᠪᠠᠶᠠᠯᠢᠭ ᠢ ᠨᠤᠲᠠᠯᠠᠬᠤ | ᠳᠦᠷᠢᠮ ᠢ ᠴᠢᠩᠭ᠎ᠠ ᠬᠡᠷᠡᠭᠵᠢᠭᠦᠯᠵᠦ᠂ ᠤᠰᠤ ᠲᠠᠲᠠᠵᠤ ᠬᠡᠷᠡᠭᠯᠡᠬᠦ ᠥᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ | ᠤᠰᠤ ᠠᠷᠪᠢᠯᠠᠬᠤ ᠶᠢ ᠡᠩ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠲᠥᠯᠥᠪᠯᠡᠭᠡ ᠲᠠᠢ ᠪᠠᠷ | ᠤᠰᠤ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠤᠰᠤᠨ ᠠᠰᠢᠭᠯᠠᠯᠲᠠ ᠶᠢᠨ ᠮᠡᠳᠡᠭᠡ ᠵᠠᠩᠭᠢᠵᠢᠯᠲᠠ ᠶᠢ | ᠠᠬᠢᠭᠤᠯᠵᠤ᠂ ᠤᠰᠤᠨ ᠤ ᠡᠬᠢ ᠪᠠᠶᠠᠯᠢᠭ ᠢ ᠴᠠᠭ ᠲᠤᠬᠠᠢ ᠳᠤ ᠨᠢ ᠬᠢᠨᠠᠨ ᠡᠵᠡᠮᠳᠡᠬᠦ ᠪᠠ ᠬᠠᠮᠢᠶᠠᠷᠤᠯᠲᠠ ᠶᠢᠨ | ᠰᠢᠰᠲ᠋ᠧᠮ ᠤᠨ ᠲᠠᠪᠴᠠᠩ ᠢ ᠠᠰᠢᠭᠯᠠᠨ ᠤᠰᠤ ᠬᠡᠷᠡᠭᠯᠡᠬᠦ ᠡᠷᠦᠬᠡ ᠶᠢ ᠴᠠᠭ ᠲᠤᠬᠠᠢᠳᠤ ᠨᠢ ᠬᠢᠨᠠᠨ ᠡᠵᠡᠮᠳᠡᠵᠦ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠬᠢᠨᠠᠨ ᠪᠤᠳᠤᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ | ᠳᠥᠷᠪᠡ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠯᠠᠪᠳᠠᠭᠤᠨ ᠢᠶᠠᠷ ᠠᠬᠢᠭᠤᠯᠤᠨ᠎ᠠ᠃ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ | ᠮᠥᠷᠡᠨ ᠨᠠᠭᠤᠷ ᠴᠥᠭᠦᠷᠥᠮ ᠢ ᠴᠡᠪᠡᠷᠯᠡᠬᠦ ︽ᠲᠦᠷᠪᠡᠨ ᠳᠤᠷ᠎ᠠ ᠶᠢᠨ ᠠᠵᠢᠯᠯᠠᠭ᠎ᠠ︾ ᠶᠢ ᠵᠢᠷᠤᠮᠵᠢᠭᠤᠯᠤᠨ | ᠪᠠᠶᠢᠩᠭᠤᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ ᠪᠦᠷᠢ ᠶᠢ ᠬᠠᠮᠢᠶᠠᠷᠬᠤ | ᠬᠥᠮᠥᠨ ᠲᠠᠢ᠂ ᠬᠠᠮᠢᠶᠠᠷᠴᠤ ᠳᠡᠶᠢᠯᠬᠦ᠂ ᠰᠠᠶᠢᠲᠤᠷ ᠬᠠᠮᠢᠶᠠᠷᠬᠤ ᠶᠢ ᠪᠠᠳᠤᠯᠠᠨ᠎ᠠ᠃ ᠭᠤᠣᠯ ᠮᠥᠷᠡᠨ ᠨᠠᠭᠤᠷ | ᠴᠥᠭᠦᠷᠥᠮ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠣᠷᠣᠨ ᠤ ᠡᠷᠭᠢ ᠶᠢᠨ ᠱᠤᠭᠤᠮ ᠢ | ᠬᠠᠮᠢᠶᠠᠷᠴᠤ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ | ᠵᠠᠰᠠᠬᠤ᠂ ᠤᠰᠤᠨ ᠤ ᠠᠮᠢ ᠠᠬᠤᠢ ᠶᠢ ᠰᠡᠷᠭᠦᠭᠡᠬᠦ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠵᠡᠷᠭᠡ ᠵᠢᠷᠭᠤᠭᠠᠨ | ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠭᠦᠨᠵᠡᠭᠡᠢ ᠠᠬᠢᠭᠤᠯᠵᠤ᠂ ᠤᠯᠠᠨ ᠵᠦᠢᠯ ᠤᠨ ᠬᠡᠯᠪᠡᠷᠢ ᠶᠢ ᠠᠪᠴᠤ | ᠪᠠᠶᠢᠭᠠᠳ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠤᠬᠠᠭᠤᠯᠭ᠎ᠠ ᠶᠢᠨ | ᠡᠷᠴᠢᠮ ᠢ ᠴᠢᠩᠭᠠᠷᠠᠭᠤᠯᠵᠤ᠂ ᠤᠰᠤᠨ ᠵᠠᠮ ᠠᠴᠠ ᠡᠯᠡᠰᠦ ᠮᠠᠯᠲᠠᠬᠤ ᠶᠢ ᠬᠢᠨᠠᠨ ᠬᠠᠮᠢᠶᠠᠷᠬᠤ ᠠᠵᠢᠯ ᠢ ᠵᠣᠬᠢᠶᠠᠨ | ᠪᠠᠶᠢᠭᠤᠯᠤᠨ ᠰᠠᠶᠢᠲᠤᠷ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ ᠤᠨ ᠠᠵᠢᠯ ᠢ ᠠᠩᠬᠠᠷᠤᠨ ᠳᠡᠮᠵᠢᠬᠦ ᠪᠠ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ | ᠦᠷᠭᠦᠯᠵᠢᠯᠡᠨ ᠪᠤᠢ ᠪᠣᠯᠭᠠᠨ᠎ᠠ᠃ | ᠲᠠᠪᠤ᠂ ᠤᠰᠤᠨ ᠤ ᠶᠠᠪᠤᠳᠠᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠥᠷᠭᠡᠳᠬᠡᠨ᠎ᠡ᠃ | ᠨᠢᠭᠡ ᠳᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠤᠰᠤᠨ ᠤ ᠦᠨ᠎ᠡ ᠶᠢ ᠳᠠᠬᠢᠨ ᠬᠢᠨᠠᠨ | ᠲᠣᠭᠲᠠᠭᠠᠬᠤ ᠶᠢ ᠭᠤᠶᠤᠴᠢᠯᠠᠬᠤ ᠶᠢᠨ ᠬᠠᠮᠲᠤ ᠬᠤᠳᠠᠯᠳᠤᠭᠠᠴᠢᠨ ᠤᠷᠢᠵᠤ ᠬᠠᠮᠲᠤᠷᠠᠨ ᠠᠵᠢᠯᠯᠠᠵᠤ᠂ ᠤᠰᠤ | ᠬᠠᠩᠭᠠᠬᠤ ᠬᠡᠪᠴᠢᠶ᠎ᠡ ᠪᠠ ᠴᠢᠳᠠᠪᠤᠷᠢ ᠶᠢ ᠥᠷᠭᠡᠳᠬᠡᠨ᠂ ᠬᠦᠷᠢᠶᠡᠯᠡᠩ ᠲᠣᠭᠤᠷᠢᠭ ᠤᠨ ᠤᠰᠤ ᠬᠠᠩᠭᠠᠬᠤ | ᠬᠡᠷᠡᠭᠴᠡᠭᠡ ᠶᠢ ᠬᠠᠩᠭᠠᠬᠤ ᠪᠠᠷ ᠲᠥᠯᠥᠪᠯᠡᠵᠦ ᠪᠣᠶ᠃ ᠬᠤᠶᠠᠷ ᠲᠤ 2024 ᠣᠨ ᠤ ᠤᠰᠤᠨ ᠤ ᠶᠠᠪᠤᠳᠠᠯ ᠤᠨ | ᠲᠣᠪᠴᠢᠶ᠎ᠠ ᠶᠢᠨ ᠡᠯᠡᠰᠦ ᠮᠠᠯᠲᠠᠬᠤ ᠬᠡᠪᠴᠢᠶᠡᠨ ᠳᠠᠬᠢ ᠡᠯᠡᠰᠦ ᠮᠠᠯᠲᠠᠬᠤ ᠵᠥᠪᠰᠢᠶᠡᠷᠡᠯ ᠢ ᠲᠥᠯᠥᠪᠵᠢᠭᠦᠯᠬᠦ ᠪᠠᠷ | ᠴᠢᠷᠮᠠᠶᠢᠨ᠎ᠠ᠃ ᠭᠤᠷᠪᠠ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠤᠰᠤᠨ ᠳᠤ ᠬᠤᠯᠪᠣᠭᠳᠠᠬᠤ᠂ | ᠤᠢ ᠰᠢᠭᠤᠢ ᠡᠪᠡᠰᠦ ᠪᠡᠯᠴᠢᠭᠡᠷ ᠲᠤ ᠬᠤᠯᠪᠣᠭᠳᠠᠬᠤ ᠵᠦᠢᠯᠡᠰ ᠤᠨ ᠣᠷᠣᠯᠠᠨ ᠪᠠᠶᠢᠭᠤᠯᠬᠤ ᠡᠷᠬᠡ ᠵᠡᠷᠭᠡ ᠡᠬᠢ | ᠪᠠᠶᠠᠯᠢᠭ ᠢ ᠢᠳᠡᠪᠬᠢᠲᠡᠢ ᠪᠠᠷ ᠲᠡᠮᠡᠴᠡᠨ ᠣᠯᠵᠤ᠂ ᠡᠳ᠋ ᠬᠥᠷᠥᠩᠭᠡ ᠶᠢᠨ ᠬᠡᠪᠴᠢᠶ᠎ᠡ ᠶᠢ ᠥᠷᠭᠡᠳᠬᠡᠬᠦ ᠪᠠ ᠡᠳ᠋ | ᠬᠥᠷᠥᠩᠭᠡ ᠶᠢᠨ ᠪᠦᠲᠦᠴᠡ ᠶᠢ ᠰᠠᠶᠢᠵᠢᠷᠠᠭᠤᠯᠤᠨ᠎ᠠ᠃ ᠲᠥᠯᠥᠪᠯᠡᠭᠡ ᠪᠠᠷ ᠬᠤᠳᠠᠯᠳᠤᠭᠠᠴᠢᠨ ᠤᠷᠢᠵᠤ ᠠᠵᠢᠯ | ᠲᠥᠷᠥᠯ ᠤᠨ ᠰᠢᠯᠢᠳᠡᠭ ᠪᠠᠶᠢᠯᠳᠤᠬᠤ ᠪᠣᠳᠣᠯᠭ᠎ᠠ ᠶᠢᠨ ᠬᠠᠮᠲᠤᠷᠠᠨ ᠠᠵᠢᠯᠯᠠᠭᠴᠢ ᠶᠢ ᠣᠷᠣᠭᠤᠯᠤᠨ ᠠᠪᠴᠢᠷᠠᠵᠤ᠂ | ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ᠂ ᠵᠠᠬ᠎ᠠ ᠳᠡᠯᠭᠡᠭᠦᠷ ᠤᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ᠳᠥᠷᠪᠡ ᠳᠤ᠂ ᠰᠢᠶᠠᠩ ᠪᠠᠯᠭᠠᠰᠤ ᠰᠤᠮᠤ ᠶᠢᠨ ᠣᠲᠣ ᠶᠢᠨ ᠪᠠᠶᠢᠭ᠎ᠠ ᠤᠰᠤ | ᠬᠠᠩᠭᠠᠬᠤ ᠤᠰᠤ ᠭᠠᠳᠠᠭᠰᠢᠯᠠᠭᠤᠯᠬᠤ ᠠᠵᠤ ᠦᠢᠯᠡᠰ ᠤᠨ ᠪᠠᠶᠢᠳᠠᠯ ᠢ ᠣᠶᠢᠯᠠᠭᠠᠵᠤ᠂ ᠪᠤᠴᠠᠭᠠᠨ ᠬᠤᠳᠠᠯᠳᠤᠨ | ᠠᠪᠬᠤ ᠲᠥᠯᠥᠪᠯᠡᠭᠡ ᠶᠢ ᠠᠯᠬᠤᠮ ᠠᠯᠬᠤᠮ ᠢᠶᠠᠷ ᠠᠬᠢᠭᠤᠯᠤᠨ᠂ ᠪᠥᠬᠦ ᠬᠤᠰᠢᠭᠤᠨ ᠤ ᠤᠰᠤ ᠲᠠᠲᠠᠬᠤ ᠤᠰᠤ | ᠬᠠᠩᠭᠠᠬᠤ ᠤᠰᠤ ᠭᠠᠳᠠᠭᠰᠢᠯᠠᠭᠤᠯᠬᠤ ᠠᠵᠤ ᠦᠢᠯᠡᠰ ᠤᠨ ᠨᠢᠭᠡ ᠴᠣᠭᠴᠠᠵᠢᠯᠲᠠ ᠶᠢ ᠪᠡᠶᠡᠯᠡᠭᠦᠯᠵᠦ᠂ ᠮᠠᠯᠲᠠᠬᠤ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠪᠠᠲᠤᠯᠠᠨ᠎ᠠ᠃ | | |