2023 ᠤᠨ ᠤ ︽ᠬᠤᠶᠠᠷ ᠭᠠᠵᠠᠷ ᠭᠤᠷᠪᠠᠨ ᠲᠠᠯ᠎ᠠ︾ ᠶᠢᠨ ᠦᠨᠳᠦᠰᠦᠳᠡᠨ ᠤ ᠪᠦᠯᠬᠦᠮᠳᠡᠯ ᠤᠨ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/6
      12 ᠰᠠᠷ᠎ᠠ ᠶᠢᠨ5 ᠤ ᠡᠳᠦᠷ᠂ ᠪᠤᠭᠤᠳᠦ ᠶᠢᠨ ᠪᠤᠯᠤᠳ ᠲᠡᠮᠦᠷ ᠤᠨ ᠪᠦᠯᠦᠭᠯᠡᠯ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ᠂ ᠪᠠᠶ᠋ᠬᠠᠤᠪᠤᠭ᠎ᠠ ᠠᠭᠤᠷᠬᠠᠢ ᠶᠢᠨ ᠤᠷᠤᠨ ᠤ ᠲᠦᠯᠦᠭᠡᠯᠡᠭᠴᠢᠳ ᠪᠠᠶ᠋ᠬᠠᠤᠪᠤᠭ᠎ᠠ ᠳᠤ ᠴᠤᠭᠯᠠᠷᠠᠵᠦ᠂2023 ᠤᠨ ᠤ ︽ᠬᠤᠶᠠᠷ ᠭᠠᠵᠠᠷ ᠭᠤᠷᠪᠠᠨ ᠲᠠᠯ᠎ᠠ︾ ᠶᠢᠨ ᠦᠨᠳᠦᠰᠦᠳᠡᠨ ᠤ ᠪᠦᠯᠬᠦᠮᠳᠡᠯ ᠤᠨ ᠰᠠᠭᠤᠳᠠᠯ ᠤᠨ ᠬᠤᠷᠠᠯ ᠢ ᠬᠤᠷᠠᠯᠳᠤᠭᠤᠯᠵᠦ᠂ ᠪᠦᠯᠬᠦᠮᠳᠡᠯ ᠬᠦᠭᠵᠢᠯᠳᠡ ᠶᠢᠨ ᠶᠡᠭᠡ ᠪᠤᠳᠤᠯᠭ᠎ᠠ ᠶᠢ ᠵᠦᠪᠳᠡᠪᠡ᠃      ᠪᠤᠭᠤᠳᠦ ᠬᠤᠳᠠ ᠶᠢᠨ ᠲᠡᠳ᠋ ᠲᠠᠷᠤᠭ᠎ᠠ᠂ ᠪᠠᠶ᠋ᠬᠠᠤᠪᠤᠭ᠎ᠠ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠡᠦ ᠺᠠᠢ ᠶᠡᠷᠢᠶᠠᠨ ᠳᠤ ᠪᠠᠨ  ᠄ ︽60 ᠵᠢᠯ ᠤᠨ ᠲᠤᠷᠰᠢ᠂ ﹇ᠬᠤᠶᠠᠷ ᠭᠠᠵᠠᠷ ᠭᠤᠷᠪᠠᠨ ᠲᠠᠯ᠎ᠠ﹈ ᠨᠢ ᠪᠠᠶ᠋ᠬᠠᠤᠪᠤᠭ᠎ᠠ ᠠᠭᠤᠷᠬᠠᠢ ᠶᠢ ᠬᠠᠮᠳᠦ ᠪᠠᠷ ᠪᠦᠳᠦᠭᠡᠨ ᠪᠠᠶᠢᠭᠤᠯᠬᠤ ᠶᠢᠨ ᠲᠦᠯᠦᠭᠡ ᠬᠤᠪᠢ ᠪᠠᠷᠢᠯᠳᠤᠯᠭ᠎ᠠ ᠲᠠᠢ ᠪᠤᠯᠵᠦ᠂ ᠬᠠᠮᠳᠦ ᠶᠢᠨ ᠬᠤᠪᠢᠰᠬᠠᠯ ᠤᠨ ᠤᠯᠠᠮᠵᠢᠯᠠᠯ ᠨᠢ ᠪᠢᠳᠡᠨ ᠢ ᠨᠠᠮ ᠤᠨ ᠤᠳᠤᠷᠢᠳᠤᠯᠭ᠎ᠠ ᠲᠤᠤᠷ᠎ᠠ ᠪᠠᠳᠦ ᠪᠠᠬᠢ ᠨᠢᠠᠠᠳᠠᠷᠠᠭᠤᠯᠵᠠᠢ᠃ ᠡᠳᠦᠬᠡ ᠰᠢᠨ᠎ᠡ ᠠᠶᠠᠨ ᠳᠤ᠂ ᠪᠠᠶ᠋ᠬᠠᠤᠪᠤᠭ᠎ᠠ ᠠᠭᠤᠷᠬᠠᠢ ᠶᠢᠨ ᠤᠷᠤᠨ ᠤᠯᠠᠨ ᠲᠠᠢ ᠬᠠᠮᠳᠤᠪᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠳᠤᠯᠠᠬᠤ ᠴᠢᠬᠤᠯᠠ ᠡᠭᠦᠷᠭᠡ  ᠶᠢ ᠡᠭᠦᠷᠭᠡᠯᠡᠵᠦ᠂ ︽ᠬᠤᠶᠠᠷ ᠭᠠᠵᠠᠷ ᠭᠤᠷᠪᠠᠨ ᠲᠠᠯ᠎ᠠ︾ ᠶᠢᠨ ᠨᠡᠩ ᠶᠡᠭᠡ ᠬᠡᠪᠴᠢᠶ᠎ᠡ᠂ ᠨᠡᠩ ᠦᠷᠭᠡᠨ ᠬᠦᠷᠢᠶ᠎ᠡ᠂ ᠨᠡᠩ ᠭᠦᠨ ᠲᠠᠪᠬᠤᠷᠭ᠎ᠠ ᠶᠢᠨ ᠬᠠᠮᠳᠤᠷᠠᠯᠴᠠᠭ᠎ᠠ ᠶᠢ ᠢᠳᠡᠪᠬᠢᠳᠡᠢ ᠠᠬᠢᠭᠤᠯᠬᠤ ᠪᠤᠯᠤᠨ᠎ᠠ ᠭᠡᠵᠡᠢ᠃
微信图片_20231208092422.jpg
      ᠲᠠᠷᠬᠠᠨ ᠮᠤᠤᠮᠢᠩᠭᠠᠨ ᠤ ᠠᠷᠠᠳ ᠲᠦᠮᠡᠨ ᠪᠤᠭᠳᠠ ᠠᠭᠤᠯᠠ ᠪᠠᠨ ᠡᠷᠭᠦᠵᠦ ᠪᠤᠭᠤᠳᠦ ᠶᠢᠨ ᠪᠤᠯᠤᠳ ᠲᠡᠮᠡᠦᠷ  ᠤᠨ ᠪᠦᠯᠦᠭᠯᠡᠯ ᠤᠨ ᠪᠦᠳᠦᠭᠡᠨ ᠪᠠᠶᠢᠭᠤᠯᠤᠯᠳᠠ ᠶᠢ ᠲᠡᠮᠵᠢᠭᠰᠡᠨ ᠠᠴᠠ ᠠᠪᠤᠭᠠᠳ ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠲᠡᠭᠦᠦ ᠶᠢ ᠬᠠᠮᠳᠤᠪᠠᠷ ᠠᠪᠤᠷᠠᠭᠰᠠᠨ᠂ ᠪᠤᠭᠤᠳᠦ ᠶᠢᠨ ᠪᠤᠯᠤᠳ ᠲᠡᠮᠦᠷ ᠤᠨ ᠪᠦᠯᠦᠭᠯᠡᠯ ᠤᠨ ᠬᠢᠨ ᠭᠠᠵᠠᠷ ᠤᠷᠤᠨ ᠤ ᠬᠦᠭᠵᠢᠯᠳᠡ ᠶᠢ ᠬᠠᠪᠰᠤᠷᠤᠭᠰᠠᠨ ᠬᠦᠷᠳᠡᠯ᠎ᠡ᠂ ᠲᠡᠥᠬᠡ ᠶᠢᠨ ᠰᠠᠶᠢᠬᠠᠨ ᠵᠤᠭᠤᠭ ᠪᠠ ᠵᠢᠳᠭᠦᠯ ᠨᠢ ︽ᠬᠤᠶᠠᠷ ᠭᠠᠵᠠᠷ ᠭᠤᠷᠪᠠᠨ ᠲᠠᠯ᠎ᠠ︾ ᠶᠢᠨ ᠬᠦᠴᠢᠷ ᠪᠡᠷᠬᠡᠰᠢᠶᠡᠯ ᠢ ᠬᠠᠮᠳᠤᠪᠠᠷ ᠲᠤᠭᠤᠯᠵᠦ᠂ ᠭᠠᠷ ᠬᠤᠯᠪᠤᠨ ᠬᠠᠮᠳᠤᠪᠠᠷ ᠤᠷᠤᠭᠰᠢᠯᠠᠭᠰᠠᠨ ᠭᠡᠷᠡᠯ ᠰᠠᠴᠤᠷᠠᠩᠭᠤᠢ ᠲᠡᠥᠬᠡ ᠶᠢ ᠬᠡᠷᠡᠴᠢᠯᠡᠵᠡᠢ᠃ ᠰᠢᠨ᠎ᠡ ᠴᠠᠭ ᠦᠶ᠎ᠡ᠂ ᠰᠢᠨ᠎ᠡ ᠭᠠᠷᠤᠭ᠎ᠠ᠂ ᠰᠢᠨ᠎ᠡ ᠠᠶᠠᠨ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠤᠨ ᠲᠤᠭᠤᠷᠢᠨ ᠳᠤ᠂ ᠠᠵᠦ ᠠᠬᠤᠶᠢᠯᠠᠯ ᠪᠠ ᠭᠠᠵᠠᠷ ᠤᠷᠤᠨ ᠢ ᠠᠭᠤᠰᠤᠯᠴᠠᠭᠤᠯᠤᠨ ᠬᠦᠭᠵᠢᠭᠦᠯᠬᠦ᠂ ᠤᠷᠤᠨ ᠪᠦᠰᠡ ᠶᠢ ᠬᠠᠮᠵᠢᠯᠴᠠᠭᠤᠯᠤᠨ ᠬᠦᠭᠵᠢᠭᠦᠯᠬᠦ ᠶᠢ ᠭᠦᠨᠵᠡᠭᠡᠢ ᠠᠬᠢᠭᠤᠯᠵᠦ᠂ ᠦᠨᠳᠦᠰᠦᠳᠡᠨ ᠤ ᠪᠦᠯᠬᠦᠮᠳᠡᠯ ᠬᠢᠯᠢ ᠬᠢᠵᠠᠭᠠᠷ ᠤᠨ ᠲᠤᠭᠳᠠᠭᠤᠨ ᠪᠠ ᠭᠠᠵᠠᠷ ᠤᠷᠤᠨ ᠤ ᠬᠦᠭᠵᠢᠯ ᠴᠡᠴᠡᠭᠯᠡᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠪᠤᠯᠤᠨ᠎ᠠ ᠭᠡᠵᠦ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠤᠤ ᠯᠢᠶᠠᠩ ᠢᠯᠡᠳᠭᠡᠭᠰᠡᠨ ᠪᠠᠶᠢᠨ᠎ᠠ᠃
微信图片_20231208092430.jpg
      ᠨᠠᠮ ᠤᠨ ᠲᠦᠪ ᠬᠤᠷᠢᠶ᠎ᠠ ᠠᠴᠠ ᠪᠤᠭᠤᠳᠦ ᠶᠢᠨ ᠪᠤᠯᠤᠳ ᠲᠡᠮᠦᠷ ᠤᠨ ᠪᠦᠯᠦᠭᠯᠡᠯ ᠢ ᠪᠦᠳᠦᠭᠡᠨ ᠪᠠᠶᠢᠭᠤᠯᠬᠤ  ᠪᠠᠷ ᠲᠤᠭᠳᠠᠭᠠᠭᠰᠠᠨ ᠠᠴᠠ ᠡᠬᠢᠯᠡᠨ᠂ ︽ᠬᠤᠶᠠᠷ ᠭᠠᠵᠠᠷ ᠭᠤᠷᠪᠠᠨ ᠲᠠᠯ᠎ᠠ︾ ᠨᠢᠠᠠᠳᠠ ᠬᠤᠯᠪᠤᠯᠳᠤᠵᠦ᠂ ᠠᠵᠦ ᠠᠬᠤᠶᠢᠯᠠᠯ ᠪᠠ ᠤᠷᠤᠨ ᠨᠤᠳᠤᠭ ᠠᠭᠤᠰᠤᠯᠴᠠᠬᠤ᠂ ᠭᠠᠷ ᠬᠤᠯᠪᠤᠨ ᠬᠠᠮᠳᠤᠪᠠᠷ ᠠᠰᠢᠭ ᠬᠦᠷᠳᠡᠬᠦ ᠰᠠᠷᠠᠭᠤᠯ ᠲᠠᠷᠳᠠᠩ ᠵᠠᠮ ᠢ ᠨᠡᠭᠡᠭᠡᠵᠠᠢ᠃ ᠰᠢᠨ᠎ᠡ ᠠᠶᠠᠨ ᠳᠤ᠂ ᠲᠡᠥᠬᠡ ᠶᠢᠨ ᠠᠵᠦ ᠲᠤᠬᠢᠶᠠᠯ ᠢ ᠠᠮᠵᠢᠵᠦ᠂ ᠬᠤᠶᠠᠷ ᠬᠤᠪᠤᠷ ᠰᠢᠷᠦᠢ  ᠶᠢᠨ ᠰᠠᠭᠤᠷᠢᠨ ᠤᠨ ᠪᠦᠳᠦᠭᠡᠨ ᠪᠠᠶᠢᠭᠤᠯᠤᠯᠳᠠ ᠶᠢ ᠭᠠᠷ ᠬᠤᠯᠪᠤᠨ ᠠᠬᠢᠭᠤᠯᠵᠦ᠂ ᠪᠤᠬᠢᠷᠳᠤᠯ ᠦᠬᠡᠢ ᠬᠦᠭᠵᠢᠯᠳᠡ  ᠶᠢ ᠪᠠᠷᠢᠮᠳᠠᠯᠠᠵᠦ᠂ ᠤᠮᠠᠷᠠᠳᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠳᠤᠪᠠᠷ ᠠᠰᠢᠭ ᠬᠦᠷᠳᠡᠬᠦ ᠰᠠᠷᠠᠭᠤᠯ ᠲᠠᠷᠳᠠᠩ ᠵᠠᠮ ᠢ ᠨᠡᠭᠡᠭᠡᠵᠡᠢ᠃ ᠰᠢᠨ᠎ᠡ ᠠᠶᠠᠨ ᠳᠤ᠂ ᠲᠡᠥᠬᠡ ᠶᠢᠨ ᠠᠵᠠ ᠲᠤᠬᠢᠶᠠᠯ ᠢ ᠠᠮᠵᠢᠵᠦ᠂ ᠬᠤᠶᠠᠷ ᠬᠤᠪᠤᠷ ᠰᠢᠷᠦᠢ ᠶᠢᠨ ᠰᠠᠭᠤᠷᠢᠨ ᠤ ᠪᠦᠳᠦᠭᠡᠨ ᠪᠠᠶᠢᠭᠤᠯᠤᠯᠳᠠ ᠶᠢ ᠭᠠᠷ ᠬᠤᠯᠪᠤᠨ ᠠᠬᠢᠭᠤᠯᠵᠦ᠂ ᠪᠤᠬᠢᠷᠳᠤᠯ ᠦᠭᠡᠢ ᠬᠦᠭᠵᠢᠯᠳᠡ ᠶᠢ ᠪᠠᠷᠢᠮᠳᠠᠯᠠᠵᠦ᠂ ᠤᠮᠠᠷᠠᠳᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠳᠤᠪᠠᠷ ᠪᠠᠶᠢᠭᠤᠯᠬᠤ ᠬᠡᠷᠡᠭᠳᠡᠢ᠂ ᠬᠠᠮᠳᠤᠪᠠᠷ ᠪᠠᠶᠢᠭᠤᠯᠵᠦ ᠬᠠᠮᠳᠤᠪᠠᠷ ᠡᠳ᠋ᠯᠡᠬᠦ ᠶᠢ ᠪᠠᠷᠢᠮᠳᠠᠯᠠᠵᠦ᠂ ᠬᠤᠪᠢ ᠵᠠᠶᠠᠭᠠᠨ ᠤ ᠬᠠᠮᠳᠦ ᠶᠢᠨ ᠴᠤᠭᠴᠠ ᠶᠢ ᠬᠦᠴᠦ ᠪᠠᠨ ᠬᠠᠮᠳᠤᠳᠬᠠᠨ ᠪᠠᠶᠢᠭᠤᠯᠬᠤ ᠶᠢᠨ ᠬᠠᠮᠳᠦ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ᠂ ᠪᠠᠶ᠋ᠬᠠᠤᠪᠤᠭ᠎ᠠ ᠠᠭᠤᠷᠬᠠᠢ ᠶᠢᠨ ᠤᠷᠤᠨ ᠪᠤᠭᠤᠳᠦ ᠶᠢᠨ ᠪᠤᠯᠤᠳ ᠲᠡᠮᠦᠷ ᠤᠨ ᠪᠦᠯᠦᠭᠯᠡᠯ ᠵᠢᠴᠢ ᠰᠠᠭᠤᠭ᠎ᠠ ᠭᠠᠵᠠᠷ ᠤᠨ ᠠᠵᠦ ᠠᠬᠤᠶᠢᠯᠠᠯ ᠤᠨ ᠬᠦᠭᠵᠢᠯᠳᠡ ᠶᠢ ᠦᠷᠭᠦᠯᠵᠢᠯᠡᠨ ᠬᠠᠯᠠᠮᠵᠢᠯᠠᠨ ᠲᠠᠮᠵᠢᠵᠦ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠡᠯ᠎ᠡ ᠲᠠᠯ᠎ᠠ ᠶᠢᠨ ᠪᠤᠳᠠᠳᠦ ᠴᠤᠭᠴᠠ ᠶᠢᠨ ᠠᠵᠦ ᠠᠬᠤᠢ ᠶᠢ ᠬᠦᠴᠦᠷᠬᠡᠭᠵᠢᠭᠦᠯᠬᠦ᠂ ᠰᠢᠯᠢᠳᠡᠭᠵᠢᠭᠦᠯᠬᠦ᠂ ᠪᠤᠵᠠᠭᠠᠶᠢᠷᠠᠭᠤᠯᠬᠤ ᠶᠢ ᠲᠠᠰᠤᠷᠠᠯᠳᠠ ᠦᠬᠡᠢ ᠲᠡᠮᠵᠢᠬᠦ ᠶᠢ ᠬᠦᠰᠡᠵᠦ ᠪᠠᠶᠢᠨ᠎ᠠ ᠭᠡᠵᠦ ᠪᠤᠭᠤᠳᠦ ᠶᠢᠨ ᠪᠤᠯᠤᠳ ᠲᠡᠮᠦᠷ ᠤᠨ ᠪᠦᠯᠦᠭᠯᠡᠯ ᠤᠨ ᠨᠠᠮ  ᠤᠨ ᠬᠤᠷᠢᠶᠠᠨ ᠤ ᠱᠦᠵᠢ ᠯᠢ ᠰᠢᠶᠤᠤ ᠬᠡᠯᠡᠪᠡ᠃
微信图片_20231208092437.jpg
      ᠶᠠᠷᠢᠯᠴᠠᠬᠤ ᠬᠤᠷᠠᠯ ᠠᠴᠠ ᠡᠮᠦᠨ᠎ᠡ᠂ ︽ᠬᠤᠶᠠᠷ ᠭᠠᠵᠠᠷ ᠭᠤᠷᠪᠠᠨ ᠲᠠᠯ᠎ᠠ︾ ᠶᠢᠨ ᠲᠦᠯᠦᠭᠡᠯᠡᠭᠴᠢ ᠪᠠᠶ᠋ᠬᠠᠤᠪᠤᠭ᠎ᠠ ᠲᠡᠮᠦᠷ ᠤᠨ ᠠᠭᠤᠷᠬᠠᠢ ᠶᠢᠨ ᠲᠤᠷᠠᠰᠤᠮᠵᠢ ᠶᠢᠨ ᠤᠷᠳᠤᠨ᠂ ᠪᠠᠶ᠋ᠬᠠᠤᠪᠤᠭ᠎ᠠ ᠲᠡᠮᠦᠷ ᠤᠨ ᠠᠭᠤᠷᠬᠠᠢ ᠶᠢᠨ ᠤᠶᠤᠨᠴᠢ ᠡᠵᠡᠮᠰᠢᠯ ᠤᠨ ᠲᠦᠪ᠂ ᠪᠠᠷᠠᠭᠤᠨ ᠬᠤᠪᠢᠶᠠᠷᠢ ᠯᠤᠮᠫᠠᠨᠢ ᠶᠢᠨ ᠠᠭᠤᠷᠬᠠᠢ ᠮᠠᠯᠳᠠᠬᠤ ᠲᠠᠯᠠᠪᠠᠢ ᠪᠠᠷ ᠲᠤᠭᠤᠷᠢᠨ ᠦᠵᠡᠵᠦ᠂ ᠪᠤᠭᠤᠳᠦ ᠶᠢᠨ ᠪᠤᠯᠤᠳ ᠲᠡᠮᠦᠷ ᠤᠨ ᠪᠦᠯᠦᠭᠯᠡᠯ ᠤᠨ ᠪᠠᠶ᠋ᠬᠠᠤᠪᠤᠭ᠎ᠠ ᠲᠡᠮᠦᠷ ᠤᠨ ᠠᠭᠤᠷᠬᠠᠢ  ᠶᠢᠨ ᠤᠯᠠᠮᠵᠢᠯᠠᠯ ᠪᠠ ᠬᠦᠭᠵᠢᠯᠳᠡ ᠶᠢ ᠬᠠᠮᠳᠤᠪᠠᠷ ᠤᠶᠢᠯᠠᠭᠠᠵᠠᠢ᠃ ᠬᠤᠷᠠᠯ ᠳᠤ ᠤᠷᠤᠯᠴᠠᠭᠰᠠᠳ ᠪᠠᠰᠠ ᠲᠤᠮᠳᠠᠳᠦ  ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠡᠳᠦᠪᠳᠦ ᠲᠤᠭᠯᠠᠯᠳᠠ ᠶᠢ ᠰᠤᠨᠢᠷᠬᠠᠪᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号