2022 ᠣᠨ ᠤ ᠲᠤᠭ᠎ᠠ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/12/6
      2022 ᠣᠨ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤ ᠪᠠᠷ ᠢᠶᠠᠨ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠲᠦᠮᠵᠢᠲᠡᠶ ᠨᠢᠭᠡᠳᠦᠯᠲᠡᠶ ᠲᠥᠯᠥᠪᠯᠡᠵᠦ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠠᠭᠠᠵᠢᠮ ᠢᠶᠠᠷ ᠰᠡᠷᠭᠦᠬᠦ ᠪᠠᠶᠢᠳᠠᠯ ᠢᠯᠡᠷᠡᠪᠡ᠃       ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ  ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠬᠢᠵᠢᠭᠦᠯᠪᠡ      ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 107.73 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 19.97 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 59.47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 28.30 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 18.5᠄ 55.2᠄ 26.3 ᠪᠣᠯᠤᠨ᠎ᠠ᠃       ᠬᠤᠶᠠᠷ᠂ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠨᠡᠯᠢᠶᠡᠳ ᠤᠳᠠᠭᠠᠨ ᠪᠠᠶᠢᠨ᠎ᠠ       ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 3.0% ᠢᠶᠠᠷ ᠨᠡᠮᠡᠭᠳᠡᠵᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠤᠯᠤᠭᠠᠨ ᠠᠵᠢᠯ ᠲᠦᠷᠦᠯ ᠤᠨ ᠦᠢᠯᠡᠳᠬᠦᠨ ᠤ ᠦᠷᠳᠡᠭ ︽ᠭᠤᠷᠪᠠ ᠶᠢ ᠳᠡᠭᠡᠭᠰᠢᠯᠡᠭᠦᠯᠵᠦ ᠲᠦᠷᠪᠡ ᠶᠢ ᠪᠠᠭᠤᠷᠠᠭᠤᠯᠵᠤ︾᠂ ᠡᠭᠦᠨ ᠳᠤ᠄ ᠲᠡᠮᠦᠷᠯᠢᠭ ᠪᠤᠰᠤ ᠠᠭᠤᠷᠬᠠᠶ ᠶᠢᠨ ᠦᠢᠯᠡᠳᠬᠦᠨ ᠤ ᠦᠢᠯᠡᠰ 31.5% ᠪᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 16.2% ᠢᠶᠠᠷ ᠪᠠᠭᠤᠷᠠᠵᠤ᠂ ᠬᠠᠷ᠎ᠠ ᠲᠡᠮᠦᠷᠯᠢᠭ ᠤᠨ ᠬᠦᠳᠡᠷ ᠰᠢᠯᠢᠬᠦ ᠦᠢᠯᠡᠰ 27.2% ᠢᠶᠠᠷ ᠪᠠᠭᠤᠷᠠᠵᠤ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠤ ᠦᠢᠯᠡᠳᠬᠦ ᠦᠢᠯᠡᠰ 13.4% ᠪᠠᠷ ᠨᠡᠮᠡᠭᠳᠡᠵᠦ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠤᠷᠲᠤᠳᠬᠠᠨ ᠪᠣᠯᠪᠠᠰᠤᠷᠠᠭᠤᠯᠬᠤ ᠦᠢᠯᠡᠰ 16.0% ᠪᠠᠷ ᠪᠠᠭᠤᠷᠠᠵᠤ᠂ ᠲᠡᠮᠦᠷᠯᠢᠭ ᠪᠤᠰᠤ ᠠᠭᠤᠷᠬᠠᠶ ᠶᠢᠨ ᠬᠦᠳᠡᠷ ᠰᠢᠯᠢᠬᠦ ᠦᠢᠯᠡᠰ 56.8% ᠪᠠᠷ ᠨᠡᠮᠡᠭᠳᠡᠵᠦ᠂ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9.8% ᠪᠠᠷ ᠪᠠᠭᠤᠷᠠᠪᠠ᠃       ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠠᠴᠠ ᠠᠪᠴᠤ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 20.3% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ 52 ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ 9 ᠠᠵᠤ ᠠᠬᠤᠶᠢᠯᠠᠯ ᠤᠨ ᠦᠢᠯᠡᠳᠭᠦᠨ ᠤ ᠥᠷᠲᠡᠭ ᠤᠨ ᠲᠤᠭ᠎ᠠ ᠪᠠᠷᠢᠮᠲᠠ ᠨᠡᠮᠡᠭᠳᠡᠬᠦ ᠬᠠᠨᠳᠤᠰᠢ ᠲᠠᠢ ᠪᠣᠯᠵᠣ᠂ 17.3% ᠶᠢ ᠡᠵᠡᠯᠡᠵᠦ᠂ 41 ᠠᠵᠤ ᠠᠬᠤᠶᠢᠯᠠᠯ ᠤᠨ ᠦᠢᠯᠡᠳᠭᠦᠨ ᠤ ᠥᠷᠲᠡᠭ ᠪᠠᠭᠠᠰᠴᠤ᠂ 78.8% ᠶᠢ ᠡᠵᠡᠯᠡᠵᠦ᠂ 2 ᠠᠵᠤ ᠠᠬᠤᠶᠢᠯᠠᠯ ᠦᠢᠯᠡᠳᠪᠦᠷᠢᠯᠡᠯ ᠢᠶᠠᠨ ᠵᠣᠭᠰᠣᠭᠠᠵᠤ ᠬᠥᠮᠥᠷᠭᠡ ᠳᠤ ᠡᠯᠭᠦᠭᠰᠡᠨ ᠪᠠᠶᠢᠨ᠎ᠠ᠃       ᠭᠤᠷᠪᠠ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ       ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.2% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 32.4% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 51.3% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 82.9% ᠪᠠᠷ ᠨᠡᠮᠡᠭᠳᠡᠪᠡ᠃       ᠲᠦᠷᠪᠡ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠰᠠᠶᠢᠨ ᠪᠠᠶᠢᠨ᠎ᠠ       ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 16.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠪᠠᠭᠤᠷᠠᠪᠠ᠃ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠠᠭᠠᠵᠢᠮ ᠢᠶᠠᠷ ᠰᠡᠷᠭᠦᠬᠦ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ ᠪᠠᠶᠢᠨ᠎ᠠ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠷᠢᠯᠠᠪᠠᠯ᠄ ᠪᠥᠭᠡᠮ ᠢᠶᠠᠷ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠦ᠂ ᠵᠢᠵᠢᠭᠯᠡᠨ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.8% ᠪᠠᠷ ᠪᠠᠭᠤᠷᠠᠵᠤ᠂ ᠬᠤᠨᠤᠭ ᠤᠨ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 8.0 ᠪᠠᠷ ᠪᠠᠭᠤᠷᠠᠪᠠ᠃       ᠲᠠᠪᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠦᠷᠭᠦᠯᠵᠢᠯᠡᠨ ᠨᠡᠮᠡᠭᠳᠡᠪᠡ       ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 38722 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ ᠡᠭᠦᠨ ᠤ ᠳᠣᠲᠣᠷ᠎ᠠ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 48274 ᠲᠥᠭᠦᠷᠢᠭ ᠲᠤ ᠬᠦᠷᠴᠦ᠂ 3.7% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 22062 ᠲᠥᠭᠦᠷᠢᠭ ᠲᠤ ᠬᠦᠷᠴᠦ᠂ 6.7% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 2.19 ᠪᠣᠯᠪᠠ᠃       ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 19567 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 24118 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 15310 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号