ᠬᠤᠶ᠋ᠷ ᠢ ᠤᠷᠢᠵᠦ ᠬᠤᠶᠠᠷ ᠢ ᠲᠠᠳᠠᠵᠦ ᠨᠢᠭᠡ ᠶᠢ ᠰᠢᠯᠢᠳᠡᠭᠵᠢᠭᠦᠯᠦᠨ᠎ᠡ᠄ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠨᠢ ᠮᠠᠯ ᠠᠵᠦ ᠠᠬᠤᠢ ᠲᠠᠷᠢᠶᠠᠯᠠᠩ ᠤᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠦᠳᠡᠯᠭᠡᠭᠦ ᠬᠦᠴᠦᠨ
ᠨᠡᠶᠢᠲᠡᠯᠡᠭᠰᠡᠨ ᠴᠠᠭ᠄
2023/2/10
      ︽ᠬᠤᠳᠠᠯᠳᠤᠭᠠᠴᠢᠨ ᠤᠷᠢᠵᠦ ᠪᠡᠯᠡ ᠤᠷᠤᠭᠤᠯᠬᠤ᠂ ᠴᠢᠳᠠᠪᠤᠷᠢᠳᠠᠨ ᠡᠯᠰᠡᠵᠦ ᠬᠡᠷᠡᠭᠯᠡᠬᠦ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ︾ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠦᠯᠦᠭᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ︽ᠠᠵᠦ ᠦᠢᠯᠡᠰ ᠢ ᠬᠦᠭᠵᠢᠭᠦᠯᠬᠦ᠂ ᠪᠤᠳᠠᠳᠦ ᠴᠤᠭᠴᠠ ᠶᠢ ᠬᠦᠴᠦᠷᠬᠡᠭᠵᠢᠭᠦᠯᠬᠦ᠂ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ︾ ᠠᠵᠢᠯ ᠤᠨ ᠬᠠᠷᠠᠯᠳᠠ ᠶᠢᠨ ᠲᠤᠭᠤᠷᠢᠨ ᠳᠤ ᠪᠦᠬᠦ ᠬᠤᠰᠢᠭᠤᠨ ᠤ ᠲᠠᠷᠢᠶᠠᠯᠠᠩ ᠰᠤᠶᠤᠯ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠳᠤ ᠬᠦᠴᠦᠷᠬᠡᠭ ᠶᠡᠭᠡ ᠬᠦᠳᠡᠯᠬᠡᠭᠦ ᠬᠦᠴᠦᠨ ᠪᠠ ᠪᠠᠳᠤ ᠴᠢᠩᠭ᠎ᠠ ᠲᠤᠯᠭᠠᠭᠤᠷᠢᠯᠠᠯ ᠪᠤᠯᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠦ ᠠᠬᠤᠢ ᠶᠢᠨ ᠲᠠᠬᠢᠨ ᠠᠶᠠᠯᠠᠯ ᠢᠶᠠᠨ ᠡᠬᠢᠯᠡᠬᠦᠯᠬᠦ ᠳᠤ ᠢᠳᠡᠪᠬᠢᠳᠡᠢ ᠬᠦᠴᠦᠨ ᠪᠤᠯᠤᠨ᠎ᠠ᠃      ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠶᠢ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠡ ᠶᠢᠨ ᠠᠮᠢᠨ ᠰᠤᠳᠠᠰᠦ ᠪᠤᠯᠭᠠᠨ᠎ᠠ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠠᠷᠢᠶᠠᠯᠠᠩ ᠮᠠᠯ ᠠᠵᠦ ᠠᠬᠤᠢ  ᠶᠢᠨ ᠲᠤᠪᠴᠢᠶ᠎ᠠ ᠶᠢᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠲᠦᠷᠦᠭᠦᠯᠡᠨ ᠬᠤᠳᠠᠯᠳᠤᠭᠠᠴᠢᠨ ᠤᠷᠢᠬᠤ ᠠᠵᠢᠯ ᠢ ᠰᠣᠳᠣᠯᠣᠨ ᠪᠠᠶᠢᠷᠢᠯᠠᠭᠤᠯᠵᠦ᠂ ᠬᠤᠳᠠᠯᠳᠤᠭᠠᠴᠢᠨ ᠤᠷᠢᠬᠤ ᠲᠦᠷᠦ ᠶᠢᠨ ᠪᠤᠳᠤᠯᠭ᠎ᠠ ᠶᠢ ᠲᠤᠭᠳᠠᠭᠠᠨ ᠨᠠᠶᠢᠳᠠᠪᠤᠷᠢᠵᠢᠭᠤᠯᠵᠦ᠂ ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ᠂ ᠭᠡᠷ ᠲᠤᠨᠢ ᠬᠦᠷᠴᠦ ᠬᠤᠳᠠᠯᠳᠤᠭᠠᠴᠢᠨ ᠤᠷᠢᠬᠤ᠂ ᠠᠷᠠᠯᠵᠢᠶᠠᠴᠢᠨ ᠢᠶᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ ᠬᠡᠯᠪᠡᠷᠢ ᠪᠠᠷ ᠲᠢᠶᠠᠨᠵᠢᠨ᠂ ᠹᠦᠵᠢᠶᠠᠨ᠂ ᠱᠠᠨᠳᠦ᠋ᠩ᠂ ᠠᠨᠾᠦ᠋ᠢ᠂ ᠴᠢᠩᠳᠤᠤ ᠵᠡᠷᠭᠡ ᠭᠠᠵᠠᠷ ᠤᠨ ᠠᠵᠦ ᠠᠬᠤᠶᠢᠯᠠᠯ ᠢ ᠤᠷᠢᠨ ᠠᠪᠴᠢᠷᠠᠵᠦ ᠪᠡᠯᠡ ᠤᠷᠤᠭᠤᠯᠤᠨ ᠲᠠᠷᠢᠶᠠᠯᠠᠩ ᠮᠠᠯ ᠠᠵᠦ ᠠᠬᠤᠢ ᠶᠢᠨ ᠠᠵᠦ ᠠᠬᠤᠢ ᠶᠢᠨ ᠪᠦᠳᠦᠮᠵᠢᠳᠡᠢ ᠪᠡᠯᠡ ᠤᠷᠤᠭᠤᠯᠤᠯᠳᠠ ᠶᠢ ᠤᠯᠠᠮ ᠨᠢᠭᠡ ᠠᠯᠬᠤᠮ ᠦᠷᠭᠡᠳᠭᠡᠵᠦ᠂ ᠲᠦᠷᠦᠯ ᠵᠦᠢᠯ ᠢ ᠲᠠᠳᠠᠨ ᠤᠷᠤᠭᠤᠯᠬᠤ᠂ ᠴᠢᠳᠠᠪᠤᠷᠢᠳᠠᠨ ᠢ ᠤᠷᠢᠬᠤ ᠲᠠᠯ᠎ᠠ ᠪᠠᠷ ᠴᠢᠬᠤᠯᠠ ᠶᠡᠭᠡ ᠰᠢᠪᠳᠤᠯᠤᠯᠳᠠ ᠭᠠᠷᠭᠠᠵᠦ᠂ ᠪᠦᠬᠦ ᠲᠠᠯ᠎ᠠ ᠶᠢᠨ ᠦᠷᠭᠡᠨ ᠬᠦᠷᠢᠶᠡᠨ ᠤ ᠤᠯᠠᠨ ᠲᠡᠰ ᠲᠠᠪᠬᠤᠷᠭ᠎ᠠ  ᠶᠢᠨ ᠬᠠᠮᠳᠤᠷᠠᠯᠴᠠᠭᠠᠨ ᠤ ᠪᠠᠶᠢᠷᠢᠰᠢᠯ ᠢ ᠪᠤᠢ ᠪᠤᠯᠭᠠᠨ᠎ᠠ᠃      ᠬᠤᠳᠠᠯᠳᠤᠭᠠᠴᠢᠨ ᠤᠷᠢᠬᠤ ᠮᠡᠳᠡᠭᠡ ᠵᠠᠩᠭᠢ ᠶᠢ ᠴᠤᠭᠯᠠᠭᠤᠯᠬᠤ ᠪᠠ ᠲᠦᠷᠦᠯ ᠵᠦᠢᠯ ᠢ ᠰᠢᠯᠢᠨ ᠰᠤᠩᠭᠤᠬᠤ  ᠶᠢ ᠴᠢᠩᠭᠠᠳᠬᠠᠵᠦ᠂ ᠴᠢᠨᠠᠷ ᠰᠠᠶᠢᠳᠠᠢ ᠬᠤᠳᠠᠯᠳᠤᠭᠠᠴᠢᠨ ᠤᠷᠢᠬᠤ ᠲᠦᠷᠦᠯ ᠵᠦᠢᠯ ᠢᠶᠠᠷ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠦ ᠠᠬᠤᠢ ᠶᠢᠨ ᠤᠳᠤᠬᠢᠴᠢᠯᠠᠯᠳᠠ ᠶᠢᠨ ᠬᠦᠭᠵᠢᠯᠳᠡ ᠶᠢ ᠲᠦᠷᠭᠡᠳᠭᠡᠨ ᠠᠬᠢᠭᠤᠯᠬᠤ ᠭᠠᠷᠳᠠᠴᠠ ᠪᠤᠯᠭᠠᠵᠦ᠂ ᠪᠦᠬᠦ ᠬᠤᠰᠢᠭᠤᠨ ᠤ ᠲᠠᠷᠢᠶᠠᠯᠠᠩ ᠰᠤᠶᠤᠯ ᠵᠢᠭᠤᠯᠴᠢᠯᠠᠯ ᠤᠨ ᠬᠠᠮᠵᠢᠯᠴᠠᠨ ᠬᠦᠭᠵᠢᠬᠦ ᠶᠢ ᠠᠬᠢᠭᠤᠯᠤᠨ᠂ ᠭᠤᠤᠯᠳᠠᠯᠭ᠎ᠠ ᠲᠠᠢ ᠠᠵᠦ ᠦᠢᠯᠡᠰ ᠲᠤ ᠠᠩᠬᠠᠷᠤᠯ ᠢᠶᠠᠨ ᠲᠦᠪᠯᠡᠷᠡᠭᠦᠯᠵᠦ ᠂ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠶᠢ ᠲᠦᠯᠬᠢᠨ ᠠᠬᠢᠭᠤᠯᠬᠤ ᠶᠢᠨ ᠵᠡᠷᠭᠡᠴᠡᠭᠡᠪᠡᠷ ᠨᠢᠭᠡ ᠪᠦᠯᠦᠭ ᠲᠠᠪᠠᠭᠤᠯᠢᠭ ᠠᠵᠦ ᠦᠢᠯᠡᠰ ᠤᠨ ᠵᠦᠢᠯᠡᠰ ᠢ ᠲᠦᠰᠦᠪᠯᠡᠨ ᠰᠤᠳᠤᠯᠵᠦ᠂ ᠬᠠᠨᠳᠤᠯᠭᠠᠳᠦ ᠴᠢᠨᠠᠷᠳᠠᠢ ᠪᠠᠷ ᠭᠤᠶᠤᠴᠢᠯᠠᠨ ᠮᠡᠳᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠠᠯᠬᠤᠮ ᠲᠠᠷᠠᠭᠠᠯᠠᠨ ᠠᠬᠢᠭᠤᠯᠬᠤ ᠶᠤᠮ᠃      ᠲᠦᠷᠦᠯ ᠵᠦᠢᠯ ᠢ ᠨᠠᠶᠢᠳᠠᠪᠤᠷᠢᠵᠢᠭᠤᠯᠤᠨ ᠮᠦᠷᠳᠡᠵᠦ ᠵᠤᠬᠢᠴᠠᠭᠤᠯᠬᠤ ᠦᠢᠯᠡᠴᠢᠯᠡᠭᠡ ᠶᠢ ᠰᠠᠶᠢᠳᠤᠷ ᠠᠳᠬᠤᠵᠦ᠂ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠦ ᠠᠰᠢᠭᠯᠠᠯᠳᠠ ᠳᠤ ᠤᠷᠤᠭᠤᠯᠤᠨ ᠦᠷ᠎ᠡ ᠪᠦᠳᠦᠮᠵᠢ ᠶᠢ ᠠᠬᠢᠭᠤᠯᠬᠤ ᠳᠤ ᠬᠠᠷᠢᠭᠤᠴᠠᠬᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠᠷ᠂ ᠨᠡᠪᠳᠡᠷᠡᠯᠴᠡᠨ ᠵᠤᠯᠭᠠᠯᠴᠠᠵᠦ ᠬᠠᠷᠢᠯᠴᠠᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠲᠤᠬᠢᠷᠠᠭᠤᠯᠤᠯᠳᠠ ᠶᠢ ᠴᠢᠩᠭᠠᠳᠬᠠᠵᠦ᠂ ᠬᠦᠴᠦᠳᠡᠢ ᠮᠦᠷᠳᠡᠨ ᠲᠠᠭᠠᠵᠦ ᠦᠢᠯᠡᠴᠢᠯᠡᠭᠡᠨ ᠤ ᠶᠠᠰᠤ ᠴᠢᠨᠠᠷ ᠪᠤᠯᠤᠨ ᠦᠷ᠎ᠡ ᠪᠦᠳᠦᠮᠵᠢ ᠶᠢ ᠲᠡᠭᠡᠭᠰᠢᠯᠡᠭᠦᠯᠦᠨ᠂ ᠢᠳᠡᠪᠬᠢᠳᠡᠢ ᠪᠦᠭᠡᠳ ᠡᠶ᠎ᠡ ᠵᠤᠬᠢᠴᠠᠯ ᠲᠠᠢ ᠵᠠᠰᠠᠭ ᠪᠠ ᠬᠤᠳᠠᠯᠳᠤᠭᠠᠨ ᠤ ᠬᠠᠷᠢᠴᠠᠭ᠎ᠠ ᠶᠢ ᠪᠤᠢ ᠪᠤᠯᠭᠠᠵᠦ᠂ ᠬᠤᠳᠠᠯᠳᠤᠭᠠᠴᠢᠨ ᠤᠷᠢᠬᠤ ᠲᠦᠷᠦᠯ ᠵᠦᠢᠯ ᠤᠨ ᠶᠠᠰᠤ ᠴᠢᠨᠠᠷ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠂ ᠲᠦᠷᠦᠯ ᠵᠦᠢᠯ ᠤᠨ ᠶᠠᠰᠤ ᠴᠢᠨᠠᠷ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ  ᠤ ᠦᠢᠯᠡᠴᠢᠯᠡᠭᠡᠨ ᠤ ᠠᠵᠢᠯ ᠢ ᠬᠢᠨᠠᠮᠠᠭᠠᠢ ᠰᠠᠶᠢᠳᠠᠢ ᠬᠢᠵᠦ ᠬᠤᠯᠪᠤᠭᠳᠠᠯ ᠪᠦᠬᠦᠢ ᠤᠴᠢᠷ ᠢ ᠰᠠᠨᠠᠭᠠᠴᠢᠯᠠᠭ᠎ᠠ ᠠᠴᠠ  ᠪᠠᠨ ᠵᠤᠬᠢᠴᠠᠭᠤᠯᠵᠦ᠂ ᠬᠠᠯᠠᠭᠤᠯᠰᠤᠭ ᠪᠦᠭᠡᠳ ᠦᠷ᠎ᠡ ᠪᠦᠳᠦᠮᠵᠢᠳᠡᠢ ᠦᠢᠯᠡᠴᠢᠯᠡᠭᠡ ᠪᠠᠷ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠲᠦᠷᠦᠯ ᠵᠦᠢᠯ ᠢ ᠲᠦᠷᠭᠡᠳᠭᠡᠨ ᠠᠬᠢᠭᠤᠯᠵᠦ᠂ ᠪᠦᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠭᠦᠯᠬᠦ ᠬᠠᠳᠠᠭᠤ ᠲᠠᠶᠢᠯᠠᠯᠳᠤᠭᠠᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠬᠤ  ᠳᠤ ᠰᠢᠨ᠎ᠡ ᠬᠦᠳᠡᠯᠬᠡᠭᠦ ᠬᠦᠴᠦᠨ ᠪᠤᠯᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号