ᠬᠤᠶᠠᠷ ᠢ ᠤᠷᠢᠵᠦ ᠬᠤᠶᠠᠷ ᠢ ᠲᠠᠳᠠᠵᠦ ᠨᠢᠭᠡ ᠶᠢ ᠰᠢᠯᠢᠳᠡᠭᠵᠢᠭᠦᠯᠦᠨ᠎ᠡ᠄ ᠤᠯᠤᠰ ᠤᠨ ᠦᠮᠴᠢᠯᠡᠯ ᠤᠨ ᠡᠳ᠋ ᠬᠦᠷᠦᠩᠭᠡ ᠪᠤᠯᠤᠨ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠠᠭᠤᠳᠠᠰᠦ ᠶᠢ ᠪᠢᠴᠢᠭᠯᠡᠵᠦ ᠪᠠᠶᠢᠨ᠎ᠠ
ᠨᠡᠶᠢᠲᠡᠯᠡᠭᠰᠡᠨ ᠴᠠᠭ᠄
2023/2/10
      ᠦᠩᠭᠡᠷᠡᠭᠰᠡᠨ ᠨᠢᠭᠡ ᠵᠢᠯ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠤᠰ ᠤᠨ ᠦᠮᠴᠢᠯᠡᠯ  ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠬᠦᠭᠵᠢᠯᠳᠡ ᠶᠢᠨ ᠰᠠᠨᠠᠭᠠᠴᠢᠯᠭᠠᠳᠦ ᠡᠷᠬᠡ ᠶᠢ ᠪᠠᠳᠤ ᠡᠵᠡᠮᠰᠢᠵᠦ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠦᠭᠡᠷᠡᠴᠢᠯᠡᠯᠳᠡ ᠶᠢᠨ ᠰᠢᠢᠳᠪᠦᠷᠢᠳᠦ ᠢᠯᠠᠯᠳᠠ ᠶᠢ ᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠨᠢᠭᠦᠯᠵᠦ᠂ ᠪᠦᠳᠦᠴᠡ ᠶᠢ ᠲᠤᠬᠢᠷᠠᠭᠤᠯᠬᠤ᠂ ᠪᠠᠶᠢᠷᠢᠰᠢᠯ ᠢ ᠰᠢᠯᠢᠳᠡᠭᠵᠢᠭᠦᠯᠬᠦ᠂ ᠪᠤᠳᠠᠳᠦ ᠬᠦᠴᠦᠨ ᠢ ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠪᠠᠷ ᠬᠠᠷᠠᠯᠳᠠ ᠪᠤᠯᠭᠠᠵᠦ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠢ ᠡᠮᠬᠢᠯᠡᠨ ᠨᠡᠶᠢᠯᠡᠭᠦᠯᠵᠦ ᠲᠠᠬᠢᠨ ᠵᠤᠬᠢᠶᠠᠨ ᠪᠠᠶᠢᠭᠤᠯᠬᠤ ᠪᠠ ᠬᠡᠯᠪᠡᠷᠢ ᠪᠠᠨ ᠬᠤᠪᠢᠷᠠᠭᠤᠯᠤᠨ ᠬᠦᠭᠵᠢᠭᠦᠯᠬᠦ ᠶᠢ ᠲᠦᠷᠭᠡᠳᠭᠡᠨ ᠠᠬᠢᠭᠤᠯᠵᠦ᠂ ᠡᠵᠩᠨᠡᠯᠳᠡ ᠶᠢᠨ ᠴᠢᠨᠠᠷᠳᠠᠢ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠡᠵᠡᠩᠨᠡᠯᠳᠡ ᠶᠢᠨ ᠦᠷ᠎ᠡ ᠠᠰᠢᠭ ᠤᠨ ᠬᠢᠷᠢ ᠬᠡᠮᠵᠢᠶ᠎ᠡ ᠪᠠ ᠦᠷᠳᠡᠭ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠲᠤᠮᠳᠠᠳᠦ ᠤᠯᠤᠰ ᠤᠨ ᠤᠨᠴᠠᠯᠢᠭ ᠪᠦᠬᠦᠢ ᠤᠳᠤ ᠦᠶ᠎ᠡ ᠶᠢᠨ ᠠᠵᠦ ᠠᠬᠤᠶᠢᠯᠠᠯ ᠤᠨ ᠲᠦᠷᠢᠮ ᠤᠨ ᠰᠠᠭᠤᠷᠢ ᠶᠢ ᠬᠦᠴᠦᠯᠡᠨ ᠪᠠᠬᠢᠵᠢᠭᠦᠯᠵᠦ᠂ ᠲᠤᠰᠬᠠᠶᠢᠵᠢᠯᠳᠠ᠂ ᠠᠵᠦ ᠦᠢᠯᠡᠰᠵᠢᠯᠳᠡ ᠶᠢ ᠡᠮᠬᠢᠯᠡᠨ ᠨᠡᠶᠢᠯᠡᠭᠦᠯᠬᠦ ᠲᠠᠯ᠎ᠠ ᠪᠠᠷ ᠪᠡᠷᠬᠡ ᠰᠡᠳᠦᠪ ᠢ ᠰᠢᠢᠳᠪᠦᠷᠢᠯᠡᠨ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠦᠭᠡᠷᠡᠴᠢᠯᠡᠯᠳᠡ ᠶᠢᠨ ︽ᠶᠡᠭᠡ ᠠᠵᠢᠯ︾ ᠢ ᠪᠦᠬᠦ ᠲᠠᠯ᠎ᠠ ᠪᠠᠷ ᠰᠠᠶᠢᠳᠤᠷ ᠬᠢᠪᠡ᠃      ᠡᠵᠡᠩᠨᠡᠯᠳᠡ ᠶᠢᠨ ᠴᠢᠨᠠᠷᠳᠠᠢ ᠤᠯᠤᠰ ᠤᠨ ᠦᠮᠴᠢᠯᠡᠯ ᠤᠨ ᠡᠳ᠋ ᠬᠦᠷᠦᠩᠭᠡ ᠲᠦᠪᠯᠡᠷᠡᠭᠦᠯᠦᠨ ᠨᠢᠭᠡᠳᠦᠯᠳᠡᠢ ᠬᠢᠨᠡᠨ ᠬᠠᠮᠢᠶᠠᠷᠤᠭᠰᠠᠨ ᠪᠠᠶᠢᠨ᠎ᠠ      ᠦᠭᠡᠷᠡᠴᠢᠯᠡᠯᠳᠡ ᠶᠢ ᠦᠷᠭᠦᠯᠵᠢᠯᠡᠨ ᠭᠦᠨᠵᠡᠭᠡᠶᠢᠭᠦᠯᠵᠦ᠂ ᠤᠯᠤᠰ ᠤᠨ ᠦᠮᠴᠢᠯᠡᠯ ᠤᠨ ᠬᠦᠷᠦᠩᠭᠡ ᠶᠢᠨ ᠪᠠᠶᠢᠷᠢᠰᠢᠯ ᠪᠠ ᠪᠦᠳᠦᠴᠡ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠬᠦ ᠶᠢ ᠠᠬᠢᠭᠤᠯᠬᠤ ᠶᠢᠨ ᠲᠦᠯᠦᠭᠡ᠂2022 ᠤᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠠᠷᠠᠯᠵᠢᠶᠠᠴᠢᠨ ᠤᠷᠢᠬᠤ᠂ ᠦᠷᠢ ᠰᠢᠷᠢ ᠪᠠᠨ ᠠᠷᠢᠯᠭᠠᠬᠤ᠂ ᠪᠡᠯᠡ ᠮᠦᠩᠭᠦ ᠬᠤᠷᠠᠮᠳᠤᠭᠤᠯᠬᠤ᠂ ᠬᠠᠮᠳᠤᠷᠠᠯᠴᠠᠬᠤ᠂ ᠨᠢᠭᠡᠳᠭᠡᠬᠦ︾ ᠪᠠᠷ ᠴᠢᠳᠠᠪᠬᠢ ᠶᠢᠨ ᠪᠠᠶᠢᠷᠢ ᠲᠤᠭᠳᠠᠭᠠᠯᠳᠠ ᠪᠤᠯᠭᠠᠵᠦ᠂ ︽ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠰᠠᠯᠠᠭ᠎ᠠ ᠮᠦᠴᠢᠷ ᠤᠨ ᠪᠦᠬᠦᠯᠢ ᠴᠤᠭᠴᠠ ᠶᠢᠨ ᠬᠢᠨᠠᠯᠳᠠ ᠬᠠᠮᠢᠶᠠᠷᠤᠯᠳᠠ᠂ ᠠᠵᠢᠯ ᠲᠦᠷᠦᠯ ᠤᠨ ᠰᠠᠯᠠᠭ᠎ᠠ ᠮᠦᠴᠢᠷ ᠤᠨ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ︾ ᠶᠢᠨ ᠠᠵᠢᠯ ᠤᠨ ᠵᠠᠷᠴᠢᠮ ᠶᠤᠰᠤᠭᠠᠷ᠂ ᠬᠤᠰᠢᠭᠤᠨ ᠳᠤ ᠬᠠᠷᠢᠶᠠᠯᠠᠭᠳᠠᠬᠤ6 ᠨᠢᠭᠡᠳᠦᠭᠡᠷ ᠲᠡᠰ  ᠤᠨ ᠤᠯᠤᠰ ᠤᠨ ᠦᠮᠴᠢᠯᠡᠯ ᠤᠨ ᠠᠵᠦ ᠠᠬᠤᠶᠢᠯᠠᠯ ᠢ ᠪᠠᠶᠢᠭᠤᠯᠵᠦ᠂ ᠰᠢᠨ᠎ᠡ ᠡᠨᠧᠷᠬᠢ ᠪᠤᠯᠤᠨ ᠬᠤᠳᠠ ᠪᠠᠯᠭᠠᠰᠤᠨ  ᠤ ᠰᠠᠭᠤᠷᠢ ᠲᠦᠭᠦᠭᠡᠷᠦᠮᠵᠢ᠂ ᠪᠤᠭᠤᠮᠳᠠ᠂ ᠬᠦᠷᠢᠶᠡᠯᠡᠩ ᠲᠤᠭᠤᠷᠢᠭ᠂ ᠲᠠᠷᠢᠶᠠᠯᠠᠩ ᠮᠠᠯ ᠠᠵᠦ ᠠᠬᠤᠢ᠂ ᠰᠤᠶᠤᠯ ᠵᠤᠭᠠᠴᠠᠯ ᠵᠢᠴᠢ ᠶᠡᠷᠦᠩᠭᠡᠢ ᠬᠡᠯᠳᠡᠰ ᠤᠨ ᠠᠵᠦ ᠠᠬᠤᠢ ᠵᠡᠷᠭᠡ ᠵᠢᠷᠭᠤᠭᠠᠨ ᠲᠤᠮᠤ ᠠᠵᠦ ᠦᠢᠯᠡᠰ ᠤᠨ ᠬᠡᠰᠡᠭ ᠢ ᠬᠦᠴᠦᠯᠡᠨ ᠴᠤᠭᠴᠠᠯᠠᠪᠠ᠃ ᠦᠢᠯᠡᠳᠪᠦᠷᠢ ᠬᠤᠳᠠᠯᠳᠤᠭᠠᠨ ᠤ ᠮᠡᠳᠡᠭᠡ ᠵᠠᠩᠭᠢ ᠶᠢ ᠬᠤᠪᠢᠷᠠᠭᠤᠯᠬᠤ ᠪᠠᠷ ᠲᠠᠮᠵᠢᠨ ᠬᠤᠰᠢᠭᠤᠨ ᠳᠤ ᠬᠠᠷᠢᠶᠠᠯᠠᠭᠳᠠᠬᠤ6 ᠨᠢᠭᠡᠳᠦᠭᠡᠷ ᠲᠡᠰ ᠤᠨ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠪᠡᠯᠡ ᠭᠠᠷᠭᠠᠭᠴᠢ ︵ᠬᠤᠪᠢ ᠤᠷᠤᠭᠤᠯᠤᠭᠴᠢ︶ ᠶᠢ ᠴᠦᠮ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ︵ᠤᠯᠤᠰ  ᠤᠨ ᠦᠮᠴᠢᠯᠡᠯ ᠤᠨ ᠡᠳ᠋ᠬᠦᠷᠦᠩᠭᠡ ᠶᠢᠨ ᠵᠦᠪᠯᠡᠯ︶ ᠪᠤᠯᠭᠠᠨ ᠬᠤᠪᠢᠷᠠᠭᠤᠯᠵᠦ᠂ ᠨᠢᠭᠡᠳᠦᠯᠳᠡᠢ ᠬᠢᠨᠠᠨ ᠬᠠᠮᠢᠶᠠᠷᠴᠦ᠂ ᠦᠷᠢᠰᠦᠯᠳᠦᠭᠡᠨ ᠤ ᠲᠠᠪᠠᠭᠤᠯᠢᠭ ᠪᠦᠷᠢᠯᠳᠦᠭᠦᠯᠦᠭᠡᠳᠦᠢ᠂ ᠬᠦᠭᠵᠢᠯᠳᠡ ᠶᠢᠨ ᠲᠠᠯᠳᠠ ᠬᠦᠴᠦᠨ ᠢᠶᠠᠷ ᠲᠤᠳᠠᠮᠠᠭ ᠵᠢᠴᠢ ᠨᠢᠭᠡᠨᠳᠡ ᠦᠢᠯᠡᠳᠪᠦᠷᠢᠯᠡᠯ ᠢᠶᠠᠨ ᠵᠤᠭᠰᠤᠭᠠᠭᠰᠠᠨ ᠤᠯᠤᠰ ᠤᠨ ᠦᠮᠴᠢᠯᠡᠯᠳᠦ ᠠᠵᠦ ᠠᠬᠤᠶᠢᠯᠠᠯ ︵ᠲᠠᠪᠴᠠᠩ ᠤᠨ ᠺᠤᠮᠫᠠᠨᠢ︶ ᠳᠤ ᠡᠳ᠋ ᠬᠦᠷᠦᠩᠭᠡ ᠶᠢ ᠬᠤᠪᠢᠶᠠᠷᠠᠯᠠᠨ ᠰᠢᠯᠵᠢᠭᠦᠯᠬᠦ ᠪᠠ ᠬᠦᠴᠦᠨ ᠦᠭᠡᠢ ᠪᠤᠯᠭᠠᠭᠰᠠᠨ ᠪᠠᠶᠢᠨ᠎ᠠ᠃      ᠲᠤᠮᠳᠠᠳᠦ ᠤᠯᠤᠰ ᠤᠨ ᠤᠨᠴᠠᠯᠢᠭ ᠲᠠᠢ ᠤᠳᠤ ᠦᠶ᠎ᠡ ᠶᠢᠨ ᠠᠵᠦ ᠠᠬᠤᠶᠢᠯᠠᠯ ᠤᠨ ᠲᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠰᠠᠶᠢᠳᠤᠷ ᠠᠳᠬᠤᠬᠤ ᠬᠡᠷᠡᠭᠳᠡᠢ᠃      ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠤᠨ ᠲᠤᠰᠬᠠᠶᠢᠵᠢᠠᠠᠰᠠᠨ ᠬᠢᠨᠠᠯᠳᠠ ᠬᠠᠮᠢᠶᠠᠷᠤᠯᠳᠠ ᠶᠢᠨ ᠲᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠪᠡᠯᠡ ᠤᠷᠤᠭᠤᠯᠤᠯᠳᠠ ᠶᠢᠨ ᠲᠦᠯᠦᠪᠵᠢᠭᠦᠯᠭᠡ᠂ ᠬᠦᠷᠦᠩᠭᠡ ᠶᠢᠨ ᠡᠵᠡᠩᠨᠡᠯᠳᠡ᠂ ᠪᠠᠶᠢᠭᠤᠯᠤᠯ ᠢᠶᠠᠨ ᠦᠭᠡᠷᠡᠴᠢᠯᠡᠵᠦ ᠲᠠᠬᠢᠨ ᠵᠤᠬᠢᠶᠠᠨ ᠪᠠᠶᠢᠭᠤᠯᠬᠤ᠂ ᠦᠮᠴᠢᠯᠡᠬᠦ ᠡᠷᠬᠡ ᠶᠢᠨ ᠬᠠᠮᠢᠶᠠᠷᠤᠯᠳᠠ᠂ ᠡᠳ᠋ ᠤᠨ ᠶᠠᠪᠤᠳᠠᠯ ᠤᠨ ᠦᠨᠡᠯᠡᠯᠳᠡ ᠵᠡᠷᠭᠡ ᠡᠯ᠎ᠡ ᠭᠤᠭᠴᠤᠭ᠎ᠠ ᠲᠠᠢ ᠨᠢᠠᠠᠳᠠ ᠤᠶᠠᠯᠳᠤᠭᠤᠯᠤᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠬᠤᠰᠢᠭᠤᠨ ᠤ ᠰᠢᠭᠤᠳ ᠬᠠᠷᠢᠶ᠎ᠠ ᠨᠢᠭᠡᠳᠦᠭᠡᠷ ᠲᠡᠰ ᠤᠨ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠤᠨ ᠤ ᠡᠵᠡᠩᠨᠡᠯᠳᠡ  ᠶᠢᠨ ᠦᠷ᠎ᠡ ᠪᠦᠳᠦᠮᠵᠢ ᠶᠢ ᠬᠢᠨᠠᠨ ᠰᠢᠯᠭᠠᠬᠤ ᠠᠷᠭ᠎ᠠ︾ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠢᠭᠤᠳ ᠬᠠᠷᠢᠶ᠎ᠠ ᠨᠢᠭᠡᠳᠦᠭᠡᠷ ᠲᠡᠰ ᠤᠨ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠤᠨ ᠤ ᠡᠵᠡᠩᠨᠡᠯᠳᠡ  ᠶᠢᠨ ᠦᠷ᠎ᠡ ᠪᠦᠳᠦᠮᠵᠢ ᠶᠢ ᠬᠢᠨᠠᠨ ᠰᠢᠯᠭᠠᠬᠤ ᠬᠡᠷᠡᠭᠵᠢᠭᠦᠯᠬᠦ ᠨᠠᠷᠢᠨ ᠲᠦᠷᠢᠮ︾ ᠢ ᠲᠤᠭᠳᠠᠭᠠᠨ ᠨᠡᠶᠢᠳᠡᠯᠡᠪᠡ᠃ ᠠᠵᠦ ᠠᠬᠤᠶᠢᠯᠠᠯ ᠤᠨ ᠦᠷ᠎ᠡ ᠪᠦᠳᠦᠮᠵᠢ ᠶᠢ ᠬᠢᠨᠠᠨ ᠰᠢᠯᠭᠠᠬᠤ ᠬᠡᠷᠡᠭᠵᠢᠭᠦᠯᠬᠦ ᠨᠠᠷᠢᠨ ᠲᠦᠷᠢᠮ︾ ᠢ ᠲᠤᠭᠳᠠᠭᠠᠨ ᠨᠡᠶᠢᠳᠡᠯᠡᠪᠡ᠃ ᠠᠵᠦ ᠠᠬᠤᠶᠢᠯᠠᠯ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠦᠢᠯᠡᠳᠦᠯ ᠢ ᠴᠢᠩᠭᠠᠳᠬᠠᠬᠤ ᠶᠢᠨ ᠲᠦᠯᠦᠭᠡ᠂ ᠬᠤᠰᠢᠭᠤᠨ ᠤ ᠬᠠᠷᠢᠶ᠎ᠠ ᠨᠢᠭᠡᠳᠦᠭᠡᠷ ᠲᠡᠰ ᠤᠨ ᠤᠯᠤᠰ ᠤᠨ ᠦᠮᠴᠢᠯᠡᠯ ᠤᠨ ᠠᠵᠦ ᠠᠬᠤᠶᠢᠯᠠᠯ ᠢ ᠱᠠᠭᠠᠷᠳᠠᠨ ᠬᠠᠮᠢᠶ᠎ᠠ ᠪᠦᠬᠦᠢ ᠲᠤᠭᠳᠠᠭᠠᠯ ᠶᠤᠰᠤᠭᠠᠷ ᠬᠠᠮᠢᠶ᠎ᠠ ᠪᠦᠬᠦᠢ ᠲᠤᠳᠤᠭᠠᠳᠦ ᠶᠢᠨ ᠲᠦᠷᠢᠮ ᠢ ᠲᠤᠭᠳᠠᠭᠠᠯᠭᠠᠵᠦ᠂ ᠡᠭᠦᠨ ᠤ ᠬᠠᠮᠳᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢ ᠪᠠᠶᠢᠭᠤᠯᠵᠦ᠂ ᠲᠤᠤᠷ᠎ᠠ ᠨᠢ2 ᠨᠢᠭᠡᠳᠦᠭᠡᠷ ᠲᠡᠰ ᠤᠨ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠨᠠᠮ ᠤᠨ ᠬᠤᠷᠢᠶ᠎ᠠ᠂4 ᠨᠢᠭᠡᠳᠦᠭᠡᠷ ᠲᠡᠰ ᠤᠨ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠨᠠᠮ ᠤᠨ ᠡᠭᠦᠷ ᠢ ᠪᠠᠶᠢᠭᠤᠯᠵᠦ᠂ ᠺᠤᠮᠫᠠᠨᠢ ᠶᠢᠨ ᠵᠠᠰᠠᠯᠳᠠ ᠶᠢᠨ ᠪᠦᠳᠦᠴᠡ  ᠳᠠᠬᠢ ᠨᠠᠮ ᠤᠨ ᠵᠤᠬᠢᠶᠠᠨ ᠪᠠᠶᠢᠭᠤᠯᠤᠯᠳᠠ ᠶᠢᠨ ᠬᠠᠥᠯᠢ ᠪᠠᠷ ᠲᠤᠭᠳᠠᠭᠠᠭᠰᠠᠨ ᠪᠠᠶᠢᠷᠢ ᠰᠠᠭᠤᠷᠢ ᠶᠢ ᠪᠠᠳᠤᠯᠠᠨ᠂ ᠡᠯ᠎ᠡ ᠵᠠᠰᠠᠯᠳᠠ ᠶᠢᠨ ᠭᠤᠤᠯ ᠴᠤᠭᠴᠠ ᠶᠢᠨ ᠢᠮᠠᠭᠳᠠ ᠨᠠᠮ ᠤᠨ ᠤᠳᠤᠷᠢᠳᠤᠯᠭ᠎ᠠ ᠲᠤᠤᠷ᠎ᠠ ᠢᠳᠡᠪᠬᠢᠳᠡᠢ ᠰᠠᠨᠠᠭᠠᠴᠢᠯᠠᠭ᠎ᠠ  ᠲᠠᠢ᠂ ᠵᠤᠬᠢᠴᠠᠩᠭᠤᠢ ᠨᠢᠭᠡᠳᠦᠯᠳᠡᠢ ᠠᠵᠢᠯ ᠢᠶᠠᠨ ᠦᠷᠨᠢᠭᠦᠯᠬᠦ ᠶᠢ ᠪᠠᠳᠤᠯᠠᠭᠰᠠᠨ ᠪᠠᠶᠢᠨ᠎ᠠ᠃ ᠬᠡᠷᠡᠭ ᠮᠡᠳᠡᠭᠴᠢᠳ ᠤᠨ ᠵᠦᠪᠯᠡᠯ ᠤᠨ ᠡᠷᠬᠡ ᠲᠤᠰᠢᠶᠠᠯ ᠢ ᠤᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠡᠷᠡᠭ ᠮᠡᠳᠡᠭᠴᠢᠳ ᠤᠨ ᠵᠦᠪᠯᠡᠯ ᠠᠴᠠ ᠲᠠᠭᠠᠭᠠᠮᠠᠯ ᠤᠨ ᠲᠤᠪᠬᠤᠷᠭ᠎ᠠ ᠳᠤ ᠡᠷᠬᠡ ᠤᠯᠭᠤᠬᠤ ᠠᠵᠢᠯ ᠢ ᠡᠮᠬᠢ ᠵᠢᠷᠤᠮ ᠲᠠᠢ ᠪᠠᠷ ᠲᠢᠯᠬᠢᠨ ᠠᠬᠢᠭᠤᠯᠵᠦ᠂ ᠬᠤᠪᠢ ᠤᠷᠤᠭᠤᠯᠤᠭᠴᠢᠳ ᠤᠨ ᠵᠦᠪᠯᠡᠯ ᠤᠨ ᠠᠵᠢᠯᠯᠠᠭ᠎ᠠ ᠶᠢ ᠵᠢᠷᠤᠮᠵᠢᠭᠤᠯᠤᠨ᠂ ᠬᠤᠪᠢ ᠤᠷᠤᠭᠤᠯᠤᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠤᠭᠰᠨ ᠪᠠᠶᠢᠨ᠎ᠠ᠃      ᠤᠯᠤᠰ ᠤᠨ ᠦᠮᠴᠢᠯᠡᠯ ᠤᠨ ᠡᠵᠡᠩᠨᠡᠯᠳᠡ ᠶᠢᠨ ᠴᠢᠨᠠᠷᠳᠠᠢ ᠡᠳ᠋ ᠬᠦᠷᠦᠩᠭᠡ ᠶᠢᠨ ᠪᠡᠯᠡ ᠲᠤᠬᠢᠷᠠᠭᠤᠯᠭ᠎ᠠ ᠶᠢ ᠠᠮᠢᠳᠤᠯᠢᠭ ᠪᠤᠯᠭᠠᠬᠤ ᠶᠢ ᠰᠠᠶᠢᠳᠤᠷ ᠬᠢᠭᠰᠡᠨ ᠪᠠᠶᠢᠨ᠎ᠠ᠃      ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠦᠯᠡᠳᠡᠭᠡᠯ ᠡᠳ᠋ ᠬᠦᠷᠦᠩᠭᠡ ᠶᠢ ᠤᠯᠠᠮ ᠨᠢᠭᠡ ᠠᠯᠬᠤᠮ ᠠᠮᠢᠳᠤᠯᠢᠭ ᠪᠤᠯᠭᠠᠵᠦ ᠪᠦᠳᠦᠮᠵᠢᠳᠡᠢ ᠪᠡᠯᠡ ᠤᠷᠤᠭᠤᠯᠳᠠ ᠶᠢ ᠦᠷᠭᠡᠳᠭᠡᠬᠦ ᠲᠤᠬᠠᠢ ᠰᠠᠨᠠᠯ︾ ᠢ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠤᠰᠠᠳᠠ᠂ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠬᠠᠳᠠᠭᠠᠯᠠᠯᠳᠠ ᠶᠢᠨ ᠬᠡᠮᠵᠢᠶ᠎ᠡ ᠶᠢ ᠦᠨᠡᠨ ᠬᠦ ᠠᠮᠢᠳᠤᠯᠢᠭ ᠪᠤᠯᠭᠠᠵᠦ᠂ ᠨᠡᠮᠡᠭᠳᠡᠯ ᠤᠨ ᠬᠡᠮᠵᠢᠶ᠎ᠡ ᠶᠢ ᠦᠨᠡᠨ ᠬᠦ ᠰᠠᠶᠢᠳᠤᠷ ᠬᠡᠷᠡᠭᠯᠡᠨ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠰᠢᠯᠢᠳᠡᠭᠵᠢᠭᠦᠯᠦᠨ ᠲᠤᠬᠢᠷᠠᠭᠤᠯᠬᠤ ᠶᠢ ᠪᠡᠶᠡᠯᠡᠭᠦᠯᠵᠦ᠂ ︽ᠵᠢᠭᠡᠯᠡᠯᠭᠡ ᠶᠢ ᠠᠮᠢᠳᠤᠯᠢᠭ ᠪᠤᠯᠭᠠᠬᠤ︾ ᠲᠤᠬᠠᠶᠢᠯᠠᠭᠰᠠᠨ ᠠᠵᠢᠯ ᠢ ᠤᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠪᠤᠯᠭᠠᠵᠦ᠂ ᠤᠯᠠᠨ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠬᠤᠯᠪᠤᠭᠠᠯᠠᠨ ᠬᠦᠳᠡᠯᠦᠯᠴᠡᠵᠦ᠂ ᠲᠠᠷᠢᠶᠠᠯᠠᠩ ᠤᠨ ᠨᠡᠭᠡᠭᠡᠯᠳᠡ ᠶᠢᠨ ᠪᠠᠩᠭᠢ ᠶᠢᠨ ᠭᠦᠶᠠᠩ ᠳᠠᠬᠢ ᠰᠠᠯᠪᠤᠷᠢ ᠯᠤᠭ᠎ᠠ ᠢᠳᠡᠪᠬᠢᠳᠡᠢ ᠪᠦᠭᠡᠳ ᠪᠦᠳᠦᠮᠵᠢᠳᠡᠢ ᠪᠠᠷ ᠵᠤᠯᠭᠠᠭᠤᠯᠤᠨ ᠨᠡᠪᠳᠡᠷᠡᠯᠴᠡᠵᠦ᠂ ᠤᠯᠤᠰ  ᠤᠨ ᠦᠮᠴᠢᠯᠡᠯ ᠤᠨ ᠡᠳ᠋ ᠬᠦᠷᠦᠩᠭᠡ ᠶᠢ ᠠᠮᠢᠳᠤᠯᠢᠭ ᠪᠤᠯᠭᠠᠬᠤ ᠪᠠ ︽ᠵᠢᠭᠡᠯᠡᠯᠭᠡ ᠶᠢ ᠠᠮᠢᠳᠤᠯᠢᠭ ᠪᠤᠯᠭᠠᠬᠤ︾ ᠲᠤᠬᠠᠶᠢᠯᠠᠭᠰᠠᠨ ᠠᠵᠢᠯ ᠢ ᠪᠦᠳᠦᠮᠵᠢᠳᠡᠢ ᠵᠤᠯᠭᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠬᠠᠮᠳᠦ ᠡᠨᠡ ᠵᠢᠯ ᠤᠨ3 ᠳ᠋ᠤᠭᠠᠷ ᠰᠠᠷ᠎ᠠ ᠳᠤ ︽ᠵᠢᠭᠡᠯᠯᠡᠭᠡ ᠶᠢ ᠬᠤᠶᠠᠷ ᠢ ᠲᠠᠳᠠᠬᠤ︾ ᠶᠢ ᠤᠯᠤᠰ ᠤᠨ ᠦᠮᠴᠢᠯᠡᠯ  ᠤᠨ ᠡᠳ᠋ ᠬᠦᠷᠦᠩᠭᠡ ᠤᠯᠤᠰ ᠤᠨ ᠦᠮᠴᠢᠯᠡᠯ ᠤᠨ ᠠᠵᠦ ᠠᠬᠤᠶᠢᠯᠠᠯ ᠳᠤ ᠦᠢᠯᠡᠴᠢᠯᠡᠬᠦ ᠪᠠ ᠰᠢᠨ᠎ᠡ ᠬᠦᠭᠵᠢᠯᠳᠡ  ᠶᠢᠨ ᠪᠠᠶᠢᠷᠢᠰᠢᠯ ᠳᠤ ᠠᠭᠤᠰᠤᠯᠴᠠᠬᠤ ᠴᠢᠬᠤᠯᠠ ᠭᠠᠷᠳᠠᠴᠠ ᠪᠤᠯᠭᠠᠵᠦ᠂ ︽ᠤᠳᠠᠭᠠᠨ ᠪᠠᠶᠢᠵᠦ ᠪᠤᠯᠬᠤ ᠦᠭᠡᠢ︾ ᠲᠦᠭᠰᠢᠭᠦᠷᠢᠳᠦ ᠰᠡᠳᠭᠢᠯᠭᠡ᠂ ︽ᠰᠠᠭᠤᠵᠦ ᠲᠤᠭᠳᠠᠬᠤ ᠦᠭᠡᠢ︾ ᠬᠠᠷᠢᠭᠤᠴᠠᠯᠭᠠᠳᠦ ᠰᠡᠳᠭᠢᠯᠬᠡ ᠪᠠᠷ ᠪᠦᠬᠦ ᠬᠦᠴᠦᠨ ᠢᠶᠠᠷ ᠢᠶᠠᠨ ᠬᠡᠷᠡᠭᠵᠢᠭᠦᠯᠦᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠬᠠᠭᠤᠳᠠᠰᠦ ᠶᠢ ᠪᠢᠴᠢᠭᠯᠡᠬᠦ ᠳᠤ ᠨᠡᠩ ᠶᠡᠭᠡ ᠨᠡᠮᠡᠷᠢ ᠦᠵᠡᠭᠦᠯᠬᠦ ᠬᠡᠷᠡᠭᠳᠡᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号