ᠰᠢᠯᠢᠳᠡᠭ ᠡᠭᠦᠯᠳᠡᠷ ᠠᠴᠠ ᠰᠢᠨ᠎ᠡ ᠠᠮᠵᠢᠯᠳᠠ
ᠨᠡᠶᠢᠲᠡᠯᠡᠭᠰᠡᠨ ᠴᠠᠭ᠄
2023/2/15
      ᠲᠠᠷᠬᠠᠨ ᠰᠤᠮᠤᠨ ᠤ ᠡᠷᠳᠡᠨᠢᠠᠤᠪᠤᠭ᠎ᠠ ᠭᠠᠴᠠᠭᠠᠨ ᠤ ᠮᠠᠯᠴᠢᠨ ᠳ᠋ᠦᠩ ᡁᠢ ᠴᠧᠩ ᠰᠢᠮᠧᠨ᠋ᠳᠠᠷ ᠦᠬᠡᠷ ᠢ ᠡᠬᠢᠯᠡᠨ ᠮᠠᠯᠵᠢᠵᠦ᠂ ᠠᠩᠬ᠎ᠠ ᠡᠬᠢᠯᠡᠬᠦ ᠳᠤ ᠪᠠᠨ ᠠᠷᠭ᠎ᠠ ᠲᠤᠳᠠᠮᠠᠭ ᠪᠠᠶᠢᠭᠰᠠᠨ ᠠᠴᠠ ᠪᠠᠨ ᠠᠭᠠᠵᠢᠮ ᠢᠶᠠᠷ ᠮᠠᠯᠵᠢᠵᠦ ᠪᠠᠶᠢᠭ᠎ᠠ ᠦᠬᠡᠷ ᠤᠨ ᠢᠶᠠᠨ ᠠᠷᠠᠴᠢᠯᠠᠭ᠎ᠠ ᠲᠤᠳᠤᠮᠳᠤᠯᠠᠭ᠎ᠠ ᠶᠢᠨ ᠠᠷᠭ᠎ᠠ ᠤᠬᠠᠭᠠᠨ ᠢ ᠤᠯᠵᠦᠦᠷᠦ ᠶᠢᠨ ᠪᠤᠳᠤᠯᠭ᠎ᠠ ᠶᠢᠨ ᠤᠷᠢᠶᠠᠯᠠᠭ᠎ᠠ᠂ ᠮᠠᠯ ᠤᠨ ᠵᠠᠬ᠎ᠠ ᠲᠡᠯᠭᠡᠭᠦᠷ ᠤᠨ ᠬᠠᠨᠳᠤᠰᠢ ᠵᠡᠷᠭᠡ ᠶᠢ ᠴᠠᠭ ᠦᠷᠭᠦᠯᠵᠢ ᠠᠩᠬᠠᠷᠤᠨ ᠠᠵᠢᠯᠯᠠᠵᠦ᠂ ᠰᠠᠶᠢᠨ ᠡᠭᠦᠯᠳᠡᠷ ᠤᠨ ᠮᠠᠯ ᠢ ᠤᠳᠤᠬᠢᠴᠢᠯᠠᠭᠰᠠᠨ ᠠᠷᠭ᠎ᠠ ᠮᠠᠶ᠋ᠢᠭ ᠢᠶᠠᠷ ᠮᠠᠯᠵᠢᠬᠤ ᠠᠷᠭ᠎ᠠ ᠤᠬᠠᠭᠠᠨ ᠢ ᠰᠦᠪᠡᠭᠴᠢᠯᠡᠨ ᠤᠯᠵᠦ᠂ ᠲᠤᠭ᠎ᠠ ᠲᠤᠯᠤᠭᠠᠢ ᠶᠢ ᠬᠦᠭᠡᠭᠡᠴᠡᠯᠳᠦᠬᠦ ᠤᠯᠠᠮᠵᠢᠯᠠᠯᠳᠦ ᠮᠠᠯᠵᠢᠯᠠᠯᠭ᠎ᠠ ᠶᠢᠨ ᠠᠷᠭ᠎ᠠ ᠶᠢ ᠲᠠᠶᠠᠭᠳᠠᠵᠦ᠂ ᠡᠭᠦᠯᠳᠡᠷ ᠢ ᠰᠢᠯᠢᠳᠡᠭᠵᠢᠭᠦᠯᠵᠦ᠂ ᠤᠷᠤᠯᠭ᠎ᠠ ᠪᠠᠨ ᠨᠡᠮᠡᠭᠳᠡᠭᠦᠯᠦᠨ᠂ ᠴᠦᠬᠡᠨ ᠲᠤᠭᠠᠨ ᠠᠴᠠ ᠦᠨᠳᠦᠷ ᠠᠰᠢᠭ ᠬᠦᠷᠳᠡᠬᠦ ᠪᠤᠯᠤᠮᠵᠢ ᠶᠢ ᠬᠠᠶᠢᠭᠰᠠᠨ ᠢᠶᠠᠷ ᠤᠷᠴᠢᠮ ᠤᠨ ᠵᠢᠯ ᠠᠴᠠ ᠪᠤᠳᠠᠳᠠᠢ ᠠᠰᠢᠭ ᠤᠷᠤᠯᠭ᠎ᠠ ᠬᠦᠷᠳᠡᠭᠰᠡᠨ ᠪᠠᠶᠢᠨ᠎ᠠ
微信图片_20230215101651.jpg
      ᠲᠡᠷᠡ ᠤᠷᠤᠨ ᠨᠤᠳᠤᠭ ᠤᠨ ᠢᠶᠠᠨ ᠴᠠᠭ ᠠᠭᠤᠷ ᠤᠨ ᠤᠨᠴᠠᠯᠢᠭ ᠲᠠᠢ ᠵᠤᠬᠢᠴᠠᠭᠤᠯᠤᠨ ᠪᠡᠯᠴᠢᠭᠡᠷᠯᠡᠭᠦᠯᠬᠦ ᠪᠠ ᠬᠤᠷᠢᠵᠦ ᠲᠡᠵᠢᠭᠡᠬᠦ ᠶᠢ ᠤᠶᠠᠯᠳᠤᠭᠤᠯᠤᠨ᠂ ᠲᠡᠵᠢᠭᠡᠯ ᠪᠤᠷᠳᠤᠭ᠎ᠠ ᠪᠠᠨ ᠵᠤᠬᠢᠰᠳᠡᠢ ᠲᠤᠬᠢᠷᠠᠭᠤᠯᠵᠦ᠂ ᠦᠬᠡᠷ ᠮᠠᠯ ᠤᠨ  ᠢᠶᠠᠨ ᠰᠢᠮ᠎ᠡ ᠲᠡᠵᠢᠭᠡᠯ ᠢ ᠪᠦᠷᠢᠨ ᠭᠦᠢᠴᠡᠳ᠂ ᠲᠠᠷᠭᠤ ᠬᠦᠴᠦ ᠰᠠᠶᠢᠨ ᠠᠪᠬᠤ ᠶᠢ ᠭᠦᠢᠴᠡᠳ ᠪᠠᠳᠤᠯᠠᠵᠦ᠂ ᠦᠬᠡᠷ ᠲᠡᠵᠢᠭᠡᠬᠦ ᠲᠦᠬᠦᠭᠡᠷᠦᠮᠵᠢ ᠪᠠᠨ ᠴᠦ ᠲᠠᠰᠤᠷᠠᠯᠳᠠ ᠦᠭᠡᠢ ᠰᠢᠨᠡᠳᠭᠡᠨ ᠰᠠᠶᠢᠵᠢᠷᠠᠭᠤᠯᠤᠭᠰᠠᠨ ᠢᠶᠠᠷ ᠬᠦᠮᠦᠨ ᠤ ᠬᠦᠴᠦ  ᠶᠢ ᠶᠡᠬᠡᠬᠡᠨ ᠠᠷᠪᠢᠯᠠᠵᠦ᠂ ᠤᠳᠤ ᠲᠠᠯᠠ ᠭᠠᠷᠤᠢ ᠡᠬᠡ ᠮᠠᠯ ᠠᠴᠠ ᠪᠠᠨ ᠵᠢᠯ ᠤᠨ ᠭᠤᠴᠢ ᠰᠢᠬᠠᠭᠤ ᠲᠦᠮᠡᠨ ᠲᠦᠭᠦᠷᠢᠭ ᠤᠨ ᠤᠷᠤᠯᠭ᠎ᠠ ᠡᠭᠦᠳᠴᠦ ᠪᠠᠶᠢᠨ᠎ᠠ᠃      ᠲᠡᠷᠡ ᠦᠬᠡᠷ ᠲᠡᠵᠢᠭᠡᠭᠡᠳ ᠠᠮᠵᠢᠯᠳᠠ ᠤᠯᠤᠭᠰᠠᠨ ᠲᠤᠷᠰᠢᠯᠭ᠎ᠠ ᠪᠠᠨ ᠶᠠᠷᠢᠬᠤ ᠳᠤ ᠪᠠᠨ᠄ ︽ᠶᠠᠭᠤᠨ ᠤ ᠲᠡᠷᠢᠭᠦᠨ ᠳᠤ ᠠᠵᠢᠯᠴᠢ ᠬᠦᠳᠡᠯᠮᠦᠷᠢᠴᠢ ᠪᠠᠶᠢᠬᠤ ᠶᠢ ᠡᠷᠬᠢᠮᠯᠡᠵᠦ᠂ ᠠᠵᠢᠯᠴᠢ ᠬᠦᠳᠡᠯᠮᠦᠷᠢᠴᠢ ᠵᠠᠩ ᠴᠢᠨᠠᠷ ᠪᠤᠯ ᠠᠯᠢᠪᠠ ᠠᠵᠢᠯ ᠤᠨ ᠠᠮᠵᠢᠯᠳᠠ ᠤᠯᠬᠤ ᠶᠢᠨ ᠠᠩᠬᠠᠨ ᠤ ᠠᠯᠬᠤᠮ ᠮᠦᠨ᠂ ᠡᠭᠦᠯᠳᠡᠷ ᠰᠠᠶᠢᠵᠢᠷᠠᠭᠤᠯᠬᠤ ᠶᠢ ᠠᠩᠬᠠᠷᠴᠦ᠂ ᠴᠦᠬᠡᠨ ᠲᠡᠵᠢᠭᠡᠵᠦ ᠨᠠᠷᠢᠯᠢᠭ ᠠᠷᠠᠴᠢᠯᠠᠵᠦ᠂ ᠲᠤᠭ᠎ᠠ ᠬᠡᠮᠵᠢᠶ᠎ᠡ ᠶᠢ ᠰᠤᠬᠤᠷ ᠪᠠᠯᠠᠢ ᠪᠠᠷ ᠬᠦᠭᠡᠭᠡᠴᠡᠯᠳᠦᠵᠦ ᠪᠤᠯᠬᠤ ᠦᠭᠡᠢ᠂ ᠶᠠᠰᠤ ᠴᠢᠨᠠᠷ ᠢ ᠲᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠲᠡᠭᠡᠷ᠎ᠡ ᠬᠦᠴᠦ ᠲᠠᠯᠪᠢᠬᠤ ᠬᠡᠷᠡᠭᠳᠡᠢ︾ ᠭᠡᠵᠦ ᠰᠠᠨᠠᠭᠠᠴᠢᠯᠠᠵᠦ ᠪᠠᠶᠢᠯ᠎ᠠ᠃      ᠠᠵᠢᠯᠴᠢ ᠬᠦᠳᠡᠯᠮᠦᠷᠢᠴᠢ ᠬᠤᠶᠠᠷ ᠭᠠᠷ᠂ ᠠᠪᠬᠠᠭᠠᠯᠵᠢ ᠰᠠᠮᠪᠠᠭ᠎ᠠ ᠲᠠᠢ ᠤᠶᠤᠨ ᠤᠬᠠᠭᠠᠨ ᠢᠶᠠᠷ ᠢᠶᠠᠨ ᠠᠶᠢᠯ ᠭᠡᠷ ᠢᠶᠠᠨ ᠦᠭᠡᠳᠡ ᠨᠢ ᠲᠠᠳᠠᠵᠦ᠂ ᠨᠤᠳᠤᠭ ᠤᠰᠤᠨ ᠤ ᠪᠠᠨ ᠪᠠᠶᠠᠵᠢᠯ ᠤᠨ ᠲᠠᠭᠠᠭᠤᠯᠤᠭᠴᠢ ᠪᠤᠯᠵᠦ ᠶᠠᠪᠤᠭ᠎ᠠ ᠡᠨᠡ ᠬᠦᠮᠦᠨ ᠤ ᠲᠤᠷᠰᠢᠯᠭ᠎ᠠ ᠰᠤᠷᠭᠠᠮᠵᠢ ᠨᠢ ᠪᠢᠳᠡᠨ ᠤ ᠰᠤᠷᠤᠯᠴᠠᠭᠤᠰᠢᠳᠠᠢ ᠦᠯᠢᠭᠡᠷ ᠲᠠᠭᠤᠷᠢᠶᠠᠯ ᠪᠤᠯᠵᠦ ᠪᠠᠶᠢᠭ᠎ᠠ ᠶᠤᠮ
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号