ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2023/2/19
      2 ᠰᠠᠷ᠎ᠠ ᠶᠢᠨ19 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠰᠤᠷᠭᠠᠭᠤᠯᠢ  ᠶᠢᠨ ᠬᠠᠪᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠵᠦ᠂ ᠨᠠᠮ ᠵᠢᠮ ᠪᠠᠶᠢᠭᠰᠠᠨ ᠰᠤᠷᠭᠠᠭᠤᠯᠢ ᠶᠢᠨ ᠬᠦᠷᠢᠶ᠎ᠡ ᠨᠢ ᠬᠦᠷ ᠬᠦᠭᠵᠢᠶᠡᠨ ᠢᠶᠠᠷ ᠪᠢᠯᠬᠠᠨ᠂ ᠪᠠᠭᠰᠢ ᠰᠤᠷᠤᠭᠴᠢᠳ ᠲᠡᠪᠡᠯ ᠪᠦᠰᠡ ᠪᠠᠷ ᠢᠶᠠᠨ ᠭᠤᠶᠤᠯᠠᠵᠦ᠂ ᠬᠠᠳᠠᠭ ᠰᠠᠮᠪᠠᠢ ᠪᠠᠨ ᠡᠷᠭᠦᠨ ᠮᠡᠨᠳᠦᠴᠢᠯᠡᠨ ᠵᠤᠯᠭᠠᠯ᠎ᠠ᠃      ᠰᠤᠷᠤᠭᠴᠢᠳ ᠰᠦᠯᠵᠢᠶᠡᠨ ᠲᠡᠭᠡᠷ᠎ᠡ ᠰᠤᠷᠤᠯᠴᠠᠬᠤ ᠵᠠᠭᠪᠤᠷ ᠠᠴᠠ ᠬᠢᠴᠢᠶᠡᠯ ᠤᠨ ᠲᠢᠩᠭᠢᠮ ᠤᠨ ᠵᠢᠭᠠᠨ ᠰᠤᠷᠭᠠᠯᠳᠠ ᠶᠢᠨ ᠵᠠᠭᠪᠤᠷ ᠲᠠᠭᠠᠨ ᠤᠷᠤᠵᠦ᠂ ᠠᠩᠭᠢ ᠶᠢᠨ ᠭᠡᠷ ᠲᠤ ᠪᠠᠨ ᠬᠦᠷᠴᠦ ᠨᠡᠷ᠎ᠡ ᠪᠠᠨ ᠮᠡᠳᠡᠭᠦᠯᠦᠨ ᠰᠢᠨ᠎ᠡ ᠨᠤᠮ ᠪᠢᠴᠢᠭ ᠢᠶᠠᠨ ᠲᠤᠰᠴᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠳᠠᠭᠠᠨ ᠴᠡᠭᠡᠵᠢ ᠲᠦᠭᠦᠷᠡᠩ ᠢᠳᠡᠭᠡᠯ ᠬᠦᠰᠡᠯ  ᠢ ᠡᠪᠦᠷᠯᠡᠨ᠂ ᠪᠠᠶᠠᠷ ᠬᠦᠷ ᠲᠠᠢ ᠪᠠᠷ2023 ᠤᠨ ᠤ ᠬᠠᠪᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠡᠬᠢᠯᠡᠭᠦᠯᠦᠯ᠎ᠡ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号